2 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠤᠯᠠᠭᠠᠨᠴᠠᠪ ᠬᠤᠲᠠ ᠳᠤ | ᠬᠦᠷᠴᠦ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠢᠯᠡᠴᠢᠯᠡᠭᠡ᠂ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠡᠵᠡᠩᠨᠡᠯᠲᠡ ᠦᠢᠯᠡᠳᠪᠦᠷᠢᠯᠡᠯ᠂ ᠲᠥᠮᠥᠰᠥ ᠶᠢᠨ ᠴᠢᠬᠢ ᠪᠣᠶᠢᠵᠢᠭᠤᠯᠬᠤ ᠪᠠ ᠨᠠᠷᠢᠯᠢᠭ | ᠪᠣᠯᠪᠠᠰᠤᠷᠠᠭᠤᠯᠬᠤ ᠂ ᠠᠮᠢᠳᠤ ᠮᠠᠯ ᠤᠨ ᠠᠷᠠᠯᠵᠢᠶ᠎ᠠ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠦᠢᠯᠡᠳᠪᠦᠷᠢᠯᠡᠯ | ᠵᠡᠷᠭᠡ ᠠᠵᠢᠯ ᠢ ᠪᠠᠶᠢᠴᠠᠭᠠᠨ ᠰᠤᠳᠤᠯᠪᠠ᠃ | ᠷᠦᠢ ᠲᠢᠶᠠᠨ ᠤ ᠤᠳᠤ ᠦᠶ᠎ᠡ ᠶᠢᠨ ᠲᠠᠷᠢᠶᠠᠯᠠᠩ ᠤᠨ ᠬᠢᠵᠠᠭᠠᠷᠲᠤ ᠺᠣᠮᠫᠠᠨᠢ ᠳᠤ ᠬᠦᠷᠴᠦ᠂ ᠭᠦᠸᠧ ᠵᠠᠨ | ᠵᠢᠶᠠᠩ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠶᠢᠳᠠᠯ ᠢ ᠨᠠᠷᠢᠨ ᠣᠶᠢᠯᠠᠭᠠᠪᠠ ᠃ ᠲᠡᠷᠡ | ᠴᠢᠬᠤᠯᠠᠴᠢᠯᠠᠭᠰᠠᠨ ᠨᠢ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠬᠦ ᠪᠣᠯ ᠭᠠᠵᠠᠷ ᠰᠢᠷᠣᠢ | ᠶᠢᠨ ᠵᠢᠵᠢᠭ ᠬᠡᠰᠡᠭᠯᠡᠯ ᠤᠨ ᠪᠠᠶᠢᠳᠠᠯ ᠢ ᠰᠢᠢᠳᠪᠦᠷᠢᠯᠡᠬᠦ᠂ ︽ᠬᠡᠨ ᠲᠠᠷᠢᠶ᠎ᠠ ᠲᠠᠷᠢᠬᠤ︾ ︽ᠲᠠᠷᠢᠶ᠎ᠠ ᠶᠢ ᠬᠡᠷᠬᠢᠨ ᠰᠠᠶᠢᠨ | ᠲᠠᠷᠢᠬᠤ︾ ᠠᠰᠠᠭᠤᠳᠠᠯ ᠢ ᠰᠢᠢᠳᠪᠦᠷᠢᠯᠡᠬᠦ ᠪᠦᠲᠦᠮᠵᠢᠲᠡᠶ ᠠᠷᠭ᠎ᠠ ᠵᠠᠮ ᠶᠤᠮ ᠂ ᠲᠠᠷᠢᠶᠠᠯᠠᠩ ᠤᠨ ᠨᠡᠶᠢᠭᠡᠮᠴᠢᠯᠡᠭᠰᠡᠨ | ᠦᠢᠯᠡᠴᠢᠯᠡᠭᠡ ᠪᠠᠷ ᠳᠠᠮᠵᠢᠭᠤᠯᠤᠨ ᠂ ᠲᠡᠷᠢᠭᠦᠨ ᠤ ᠬᠡᠷᠡᠭᠯᠡᠭᠡᠨ ᠤ ᠲᠦᠷᠦᠯ ᠵᠦᠢᠯ ᠂ ᠮᠡᠷᠭᠡᠵᠢᠯ ᠂ ᠲᠣᠨᠤᠭ | ᠲᠦᠭᠦᠭᠡᠷᠦᠮᠵᠢ ᠪᠠ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠵᠡᠷᠭᠡ ᠤᠳᠤ ᠦᠶ᠎ᠡ ᠶᠢᠨ ᠦᠢᠯᠡᠳᠪᠦᠷᠢᠯᠡᠯ ᠤᠨ | ᠡᠯᠧᠮᠧᠨ᠋ᠲ ᠢ ᠵᠢᠵᠢᠭ ᠲᠠᠷᠢᠶᠠᠴᠢᠨ ᠡᠷᠤᠭᠡ ᠶᠢᠨ ᠦᠢᠯᠡᠳᠪᠦᠷᠢᠯᠡᠯ ᠳᠤ ᠪᠦᠲᠦᠮᠵᠢᠲᠡᠶ ᠪᠠᠷ ᠣᠷᠣᠭᠤᠯᠵᠤ ᠂ ᠵᠢᠵᠢᠭ | ᠲᠠᠷᠢᠶᠠᠴᠢᠨ ᠡᠷᠤᠭᠡ ᠶᠢ ᠬᠠᠪᠰᠤᠷᠤᠨ ᠨᠢᠭᠡ ᠨᠢᠭᠡ ᠡᠷᠤᠭᠡ ᠶᠢᠨ ᠬᠢᠵᠦ ᠳᠡᠶᠢᠯᠬᠦ ᠦᠭᠡᠢ ᠂ ᠰᠠᠶᠢᠨ ᠬᠢᠵᠦ ᠳᠡᠶᠢᠯᠬᠦ | ᠦᠭᠡᠢ ᠂ ᠬᠢᠬᠦ ᠳᠤ ᠠᠰᠢᠭ ᠦᠭᠡᠢ ᠶᠠᠪᠤᠳᠠᠯ ᠢ ᠨᠢ ᠰᠢᠢᠳᠪᠦᠷᠢᠯᠡᠵᠦ ᠂ ᠵᠢᠵᠢᠭ ᠲᠠᠷᠢᠶᠠᠴᠢᠨ ᠡᠷᠤᠭᠡ ᠪᠠ ᠤᠳᠤ | ᠦᠶ᠎ᠡ ᠶᠢᠨ ᠲᠠᠷᠢᠶᠠᠯᠠᠩ ᠤᠨ ᠣᠷᠭᠠᠨᠢᠭ ᠵᠤᠯᠭᠠᠯᠴᠠᠭ᠎ᠠ ᠶᠢ ᠠᠬᠢᠭᠤᠯᠵᠤ ᠪᠣᠯᠣᠨ᠎ᠠ ᠭᠡᠪᠡ᠃ | ᠥᠪᠥᠷ ᠮᠣᠩᠭᠤᠯ ᠤᠨ ᠲᠢᠶᠠᠨ ᠪᠦᠦ ᠹᠧᠩ ᠪᠣᠷᠳᠣᠭᠤᠷ ᠤᠨ ᠦᠢᠯᠡᠰ ᠤᠨ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ ᠳᠤ ᠬᠦᠷᠴᠦ᠂ ᠭᠦᠸᠧ ᠵᠠᠨ ᠵᠢᠶᠠᠩ ᠪᠣᠷᠳᠣᠭᠤᠷ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠥᠮᠥᠷᠭᠡ ᠶᠢᠨ ᠪᠠᠶᠢᠳᠠᠯ ᠢ ᠨᠠᠷᠢᠨ ᠣᠶᠢᠯᠠᠭᠠᠪᠠ ᠃ ᠲᠡᠷᠡ ᠂ ᠤᠰᠤ | ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠨᠢ ᠤᠰᠤ ᠠᠷᠪᠢᠯᠠᠵᠤ ᠪᠣᠷᠳᠣᠭᠤᠷ ᠠᠷᠪᠢᠯᠠᠬᠤ ᠂ ᠬᠥᠳᠡᠯᠮᠦᠷᠢ | ᠬᠦᠴᠦ ᠶᠢ ᠠᠷᠪᠢᠯᠠᠬᠤ ᠂ ᠥᠪᠡᠷ ᠤᠨ ᠦᠷᠳᠡᠭ ᠢ ᠪᠠᠭᠤᠷᠠᠭᠤᠯᠬᠤ ᠂ ᠲᠠᠷᠢᠶᠠᠯᠠᠩ ᠤᠨ ᠠᠮᠢ ᠠᠬᠤᠢ ᠶᠢᠨ ᠣᠷᠴᠢᠨ | ᠲᠣᠭᠤᠷᠢᠨ ᠢ ᠬᠠᠮᠠᠭᠠᠯᠠᠬᠤ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ ᠂ ᠤᠰᠤ ᠪᠣᠷᠳᠣᠭᠤᠷ ᠢ ᠨᠢᠭᠡ | ᠴᠣᠭᠴᠠᠵᠢᠭᠤᠯᠬᠤ ᠶᠢ ᠲᠦᠷᠭᠡᠳᠬᠡᠨ ᠠᠬᠢᠭᠤᠯᠵᠤ ᠂ ᠲᠤᠰ ᠣᠷᠣᠨ ᠪᠦᠰᠡ ᠶᠢᠨ ᠭᠤᠣᠯ ᠪᠣᠯᠬᠤ ᠲᠠᠷᠢᠮᠠᠯ ᠤᠨ ᠤᠰᠤ | ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠤᠨ ᠵᠠᠭᠪᠤᠷ ᠢ ᠪᠦᠷᠢᠯᠳᠦᠭᠦᠯᠬᠦ ᠬᠡᠷᠡᠭᠲᠡᠢ ᠃ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠳᠠᠩ ᠭᠠᠭᠴᠠ | ᠦᠢᠯᠡᠳᠬᠦᠨ ᠬᠤᠳᠠᠯᠳᠤᠬᠤ ᠠᠴᠠ ᠬᠠᠮᠲᠤ ᠳᠤ ᠨᠢ ᠦᠢᠯᠡᠴᠢᠯᠡᠭᠡ ᠬᠤᠳᠠᠯᠳᠤᠬᠤ ᠲᠡᠶᠢᠰᠢ ᠬᠤᠪᠢᠷᠠᠭᠤᠯᠵᠤ ᠂ ᠭᠠᠵᠠᠷ | ᠰᠢᠷᠣᠢ ᠶᠢ ᠨᠠᠶᠢᠳᠠᠨ ᠬᠠᠮᠢᠶᠠᠷᠤᠭᠤᠯᠬᠤ ᠂ ᠣᠷᠣᠯᠠᠨ ᠲᠠᠷᠢᠬᠤ ᠂ ᠨᠢᠭᠡᠳᠦᠯᠲᠡᠢ ᠰᠡᠷᠭᠡᠶᠢᠯᠡᠨ ᠵᠠᠰᠠᠬᠤ᠂ ᠨᠢᠭᠡᠳᠦᠯᠲᠡᠢ | ᠪᠣᠶᠢᠵᠢᠭᠤᠯᠵᠤ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠲᠠᠷᠠᠬᠠᠢ ᠪᠤᠲᠠᠷᠬᠠᠢ ᠡᠷᠦᠬᠡ ᠶᠢᠨ | ᠲᠠᠷᠢᠮᠠᠯ ᠤᠨ ᠥᠪᠡᠷ ᠤᠨ ᠦᠷᠲᠡᠭ ᠥᠨᠳᠥᠷ ᠂ ᠲᠥᠪᠯᠡᠷᠡᠭᠦᠯᠦᠨ ᠬᠠᠮᠢᠶᠠᠷᠬᠤ ᠳᠤ ᠠᠨᠠᠢ ᠵᠡᠷᠭᠡ ᠬᠦᠴᠢᠷ | ᠠᠰᠠᠭᠤᠳᠠᠯ ᠢ ᠰᠢᠢᠳᠪᠦᠷᠢᠯᠡᠵᠦ ᠂ ᠲᠠᠷᠢᠶᠠᠴᠢᠳ ᠤᠨ ᠲᠠᠷᠢᠮᠠᠯ ᠤᠨ ᠥᠪᠡᠷ ᠤᠨ ᠦᠷᠲᠡᠭ ᠢ ᠪᠠᠭᠤᠷᠠᠭᠤᠯᠵᠤ ᠂ ᠠᠵᠤ | ᠠᠬᠤᠶᠢᠯᠠᠯ ᠤᠨ ᠠᠰᠢᠭ ᠣᠷᠣᠯᠭ᠎ᠠ ᠶᠢ ᠨᠡᠮᠡᠭᠳᠡᠭᠦᠯᠬᠦ ᠬᠡᠷᠡᠭᠳᠡᠢ ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠤᠨ ᠡᠯ᠎ᠡ | ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠡᠷᠲᠡ ᠠᠴᠠ ᠭᠠᠷᠳᠠᠨ ᠰᠠᠶᠢᠲᠤᠷ ᠠᠳᠬᠤᠵᠤ ᠂ ᠦᠷ᠎ᠡ ᠂ | ᠬᠢᠮᠢ ᠶᠢᠨ ᠪᠣᠷᠳᠣᠭᠤᠷ ᠂ ᠲᠠᠷᠢᠶᠠᠨ ᠡᠮ ᠂ ᠰᠦᠯᠢᠶᠥᠦ ᠪᠦᠷᠬᠦᠪᠴᠢ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠨᠥᠭᠡᠴᠡ ᠶᠢ ᠢᠳᠡᠪᠬᠢᠲᠡᠢ ᠵᠣᠬᠢᠶᠠᠨ ᠪᠠᠶᠢᠭᠤᠯᠵᠤ ᠂ ᠲᠠᠷᠢᠶᠠᠯᠠᠩ ᠤᠨ ᠮᠠᠰᠢᠨ ᠪᠠᠭᠠᠵᠢ ᠶᠢ ᠪᠠᠶᠢᠴᠠᠭᠠᠨ | ᠵᠠᠰᠠᠬᠤ ᠠᠵᠢᠯ ᠢ ᠰᠠᠶᠢᠲᠤᠷ ᠬᠢᠵᠦ ᠂ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠢ ᠶᠢᠨ ᠠᠶᠤᠯᠭᠦᠢ | ᠦᠢᠯᠡᠳᠪᠦᠷᠢᠯᠡᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ ᠂ ᠬᠠᠪᠤᠷ ᠤᠨ ᠲᠠᠷᠢᠶᠠᠯᠠᠭ᠎ᠠ ᠶᠢᠨ | ᠦᠢᠯᠡᠳᠪᠦᠷᠢᠯᠡᠯ ᠤᠨ ᠲᠠᠷᠢᠶᠠᠨ ᠴᠠᠭ ᠢ ᠰᠠᠭᠠᠲᠠᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ | ᠭᠠᠷᠭᠠᠪᠠ ᠃ | ᠤᠯᠠᠭᠠᠨᠴᠠᠪ ᠬᠤᠳᠠ ᠶᠢᠨ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠬᠦᠷᠴᠦ᠂ ᠭᠦᠸᠧ ᠵᠠᠨ | ᠵᠢᠶᠠᠩ ᠣᠶᠢᠷ᠎ᠠ ᠶᠢᠨ ᠬᠤᠭᠤᠴᠠᠭᠠᠨ ᠤ ᠠᠮᠢᠳᠤ ᠮᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠂ ᠠᠷᠠᠯᠵᠢᠶᠠᠨ ᠤ | ᠲᠡᠰ ᠳᠠᠷᠠᠭᠠᠯᠠᠯ ᠵᠡᠷᠭᠡ ᠪᠠᠶᠢᠳᠠᠯ ᠢ ᠯᠠᠪᠯᠠᠨ ᠠᠰᠠᠭᠤᠪᠠ ᠃ ᠲᠡᠷᠡ ᠂ ᠰᠢᠨ᠎ᠡ ᠪᠠᠷ ᠪᠠᠶᠢᠭᠤᠯᠤᠭᠰᠠᠨ ᠠᠮᠢᠳᠤ ᠮᠠᠯ ᠤᠨ | ᠠᠷᠠᠯᠵᠢᠶᠠᠨ ᠤ ᠵᠠᠬ᠎ᠠ ᠳᠡᠯᠭᠡᠭᠦᠷ ᠢ ᠭᠦᠢᠴᠡᠳ ᠠᠰᠢᠭᠯᠠᠵᠤ ᠂ ᠠᠮᠢᠳᠤ ᠮᠠᠯ ᠤᠨ ᠠᠷᠠᠯᠵᠢᠶ᠎ᠠ ᠶᠢ ᠮᠠᠯ ᠤᠨ | ᠭᠠᠷᠭᠠᠯᠲᠠ ᠶᠢ ᠠᠬᠢᠭᠤᠯᠬᠤ ᠂ ᠬᠤᠳᠠᠯᠳᠤᠨ ᠠᠪᠬᠤ ᠦᠨ᠎ᠡ ᠶᠢ ᠲᠣᠭᠲᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ | ᠪᠣᠯᠭᠠᠵᠤ ᠂ ᠬᠠᠮᠢᠶᠠᠷᠤᠯᠲᠠ ᠶᠢᠨ ᠵᠠᠭᠪᠤᠷ ᠢ ᠰᠢᠯᠢᠳᠡᠭᠵᠢᠭᠦᠯᠵᠦ ᠂ ᠡᠵᠡᠩᠨᠡᠯᠲᠡ ᠶᠢᠨ ᠲᠦᠪᠰᠢᠨ ᠢ ᠳᠡᠭᠡᠭᠰᠢᠯᠡᠭᠦᠯᠵᠦ ᠂ | ᠦᠨᠡᠨᠴᠢ ᠢᠲᠡᠭᠡᠮᠵᠢᠲᠡᠢ ᠪᠠᠷ ᠡᠵᠡᠩᠨᠡᠬᠦ ᠂ ᠴᠢᠨᠠᠷ ᠰᠠᠶᠢᠲᠠᠢ ᠂ ᠲᠦᠷᠦᠯ ᠵᠦᠢᠯ ᠡᠯᠪᠡᠭ ᠪᠠᠶᠠᠯᠢᠭ ᠠᠷᠠᠯᠵᠢᠶᠠᠨ ᠤ | ᠲᠠᠪᠴᠠᠩ ᠢ ᠦᠨᠡᠨ ᠬᠦ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠭᠦᠸᠧ ᠵᠠᠨ ᠵᠢᠶᠠᠩ ᠨᠠᠷ ᠪᠠᠰᠠ ᠺᠠᠢ ᠳ᠋ᠠ ᠢᠳᠡᠭᠡᠨ ᠤ ᠬᠢᠵᠠᠭᠠᠷᠲᠤ ᠺᠣᠮᠫᠠᠨᠢ ᠂ ᠲᠥᠮᠥᠰᠥ ᠶᠢᠨ ᠳ᠋ᠦ᠋ ᠢᠦᠢ | ᠲᠠᠷᠢᠶᠠᠯᠠᠩ ᠤᠨ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ | ᠪᠠᠶᠢᠴᠠᠭᠠᠨ ᠰᠤᠳᠤᠯᠤᠯᠲᠠ ᠬᠢᠵᠦ ᠂ ᠲᠥᠮᠥᠰᠥ ᠶᠢ ᠨᠠᠷᠢᠯᠢᠭ ᠪᠣᠯᠪᠠᠰᠤᠷᠠᠭᠤᠯᠬᠤ ᠂ ᠵᠣᠬᠢᠶᠠᠨ ᠪᠠᠶᠢᠭᠤᠯᠵᠤ | ᠪᠣᠶᠢᠵᠢᠭᠤᠯᠬᠤ ᠲᠥᠪ ᠤᠨ ᠲᠦᠷᠦᠯ ᠵᠦᠢᠯ ᠵᠢᠴᠢ ᠬᠤᠣᠷ ᠢ ᠨᠢ ᠠᠷᠢᠯᠭᠠᠭᠰᠠᠨ ᠴᠢᠬᠢ ᠶᠢᠨ ᠦᠢᠯᠡᠳᠪᠦᠷᠢᠯᠡᠯ ᠤᠨ | ᠪᠠᠶᠢᠳᠠᠯ ᠢ ᠰᠢᠨᠵᠢᠯᠡᠨ ᠪᠠᠶᠢᠴᠠᠭᠠᠪᠠ ᠃ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠠᠺᠠᠳᠧᠮᠢᠴᠢ ᠶᠢᠨ ᠠᠵᠢᠯᠯᠠᠬᠤ | ᠦᠷᠲᠡᠭᠡ ᠂ ᠰᠢᠨ ᠺᠠᠩ ᠶᠤᠸᠠᠨ ᠤᠳᠤ ᠦᠶ᠎ᠡ ᠶᠢᠨ ᠲᠠᠷᠢᠶᠠᠯᠠᠩ ᠤᠨ ᠲᠤᠰᠬᠠᠢ ᠬᠤᠷᠰᠢᠶ᠎ᠠ ᠳᠤ ᠬᠦᠷᠴᠦ᠂ ᠤᠷᠤᠰ | ᠰᠣᠩᠭᠢᠨ᠎ᠠ ᠂ ᠪᠥᠭᠡᠷᠡᠩᠬᠡᠢ ᠡᠰᠢᠲᠦ ᠨᠣᠭᠤᠭ᠎ᠠ ᠵᠡᠷᠭᠡ ᠢᠳᠡᠰᠢᠨ ᠨᠣᠭᠤᠭ᠎ᠠ ᠶᠢ ᠦᠷᠡᠵᠢᠭᠦᠯᠦᠨ ᠪᠣᠶᠢᠵᠢᠭᠤᠯᠤᠭᠰᠠᠨ | ᠪᠠ ᠲᠣᠮᠣ ᠮᠦᠬᠦᠳᠤ ᠡᠪᠡᠰᠦ ᠶᠢᠨ ᠦᠢᠯᠡᠳᠪᠦᠷᠢᠯᠡᠯ ᠤᠨ ᠪᠠᠶᠢᠳᠠᠯ ᠢ ᠲᠤᠬᠠᠢ ᠶᠢᠨ ᠭᠠᠵᠠᠷ ᠲᠤ ᠨᠢ ᠪᠠᠶᠢᠴᠠᠭᠠᠨ | ᠦᠵᠡᠪᠡ ᠃ | ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠂ ᠬᠤᠳᠠ ᠶᠢᠨ ᠵᠠᠰᠠᠭ ᠤᠨ ᠣᠷᠳᠣᠨ ᠪᠣᠯᠣᠨ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ | ᠪᠠᠶᠢᠴᠠᠭᠠᠨ ᠰᠤᠳᠤᠯᠤᠯᠲᠠ ᠳᠤ ᠣᠷᠣᠯᠴᠠᠪᠠ ᠃ | | |