ᠪᠥᠬᠦ ᠣᠷᠣᠨ ᠤ ᠦᠨᠳᠦᠰᠦᠨ ᠱᠠᠲᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠠᠵᠢᠯᠲᠠᠨ ᠤ ᠣᠨᠣᠯ ᠪᠠ ᠪᠣᠳᠠᠲᠤ ᠠᠵᠢᠯᠯᠠᠭᠠᠨ ᠤ ᠮᠡᠷᠭᠡᠵᠢᠯ ᠤᠨ ᠪᠣᠯᠪᠠᠰᠤᠷᠠᠯ ᠤᠨ ᠠᠩᠭᠢ ︵ᠵᠡᠭᠦᠨ ᠬᠡᠰᠡᠭ ᠤᠷᠤᠨ︶ ᠶᠢ ᠲᠦᠩᠯᠢᠶᠣᠣ ᠬᠤᠲᠠ ᠳᠤ ᠡᠷᠭᠢᠯᠡᠪᠡ
ᠨᠡᠶᠢᠲᠡᠯᠡᠭᠰᠡᠨ ᠴᠠᠭ᠄
2023/2/27
      ᠮᠠᠨ ᠤ ᠣᠷᠣᠨ ᠤ ᠬᠤᠰᠢᠭᠤ ᠰᠢᠶᠠᠨ ᠤ ᠱᠠᠲᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠰᠢᠯᠭᠠᠨ ᠪᠠᠢᠴᠠᠭᠠᠵᠤ ᠰᠢᠯᠭᠠᠨ ᠬᠡᠮᠵᠢᠬᠦ ᠪᠠᠶᠢᠭᠤᠯᠤᠮᠵᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠣᠬᠢᠷᠠᠭᠤᠯᠤᠯᠲᠠ ᠶᠣᠰᠣᠭᠠᠷ᠂ 2023 ᠣᠨ ᠤ 2 ᠰᠠᠷ᠎ᠠ ᠶᠢᠨ 20 ᠠᠴᠠ 24 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠲᠦᠩᠯᠢᠶᠣᠣ ᠬᠤᠲᠠ ᠳᠤ ᠪᠥᠬᠦ ᠣᠷᠣᠨ ᠤ ᠦᠨᠳᠦᠰᠦᠨ ᠱᠠᠲᠤᠨ ᠤ  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠠᠵᠢᠯᠲᠠᠨ ᠤ ᠣᠨᠣᠯ ᠪᠠ ᠪᠣᠳᠠᠲᠤ ᠠᠵᠢᠯᠯᠠᠭᠠᠨ ᠤ ᠮᠡᠷᠭᠡᠵᠢᠯ ᠤᠨ ᠪᠣᠯᠪᠠᠰᠤᠷᠠᠯ ᠤᠨ ᠠᠩᠭᠢ ︵ᠵᠡᠭᠦᠨ ᠬᠡᠰᠡᠭ ᠤᠷᠤᠨ ︶ ᠶᠢ ᠡᠷᠭᠢᠯᠡᠪᠡ᠃
图片1.jpg
图片2.jpg
       ᠪᠤᠯᠪᠠᠰᠤᠷᠠᠯ ᠤᠨ ᠠᠩᠭᠢ ᠶᠢ ᠣᠨᠣᠯ ᠤᠨ ᠮᠡᠳᠡᠯᠭᠡ ᠶᠢᠨ ᠪᠤᠯᠪᠠᠰᠤᠷᠠᠯ ᠂ ᠥᠯᠢᠭᠡᠷ ᠡᠳ᠋ ᠠᠪᠴᠤ ᠲᠤᠬᠠᠢ ᠶᠢᠨ ᠲᠠᠯᠠᠪᠤᠷ ᠲᠦ ᠨᠢ ᠠᠵᠢᠯᠯᠠᠭᠤᠯᠬᠤ ᠵᠢᠴᠢ ᠰᠢᠯᠭᠠᠨ ᠪᠠᠢᠴᠠᠭᠠᠵᠤ ᠰᠢᠯᠭᠠᠨ ᠬᠡᠮᠵᠢᠬᠦ ᠲᠤᠬᠠᠢ ᠶᠢᠨ ᠲᠠᠯᠠᠪᠤᠷ ᠲᠤ ᠨᠢ ᠠᠵᠢᠯᠯᠠᠭᠤᠯᠬᠤ ᠶᠢ ᠬᠠᠷᠢᠯᠴᠠᠨ ᠤᠶᠠᠯᠳᠤᠭᠤᠯᠬᠤ ᠬᠡᠯᠪᠡᠷᠢ ᠪᠠᠷ ᠶᠠᠪᠤᠭᠳᠠᠭᠤᠯᠪᠠ ᠃ ᠣᠨᠣᠯ ᠤᠨ ᠪᠤᠯᠪᠠᠰᠤᠷᠠᠯ ᠳᠤ ᠥᠯᠢᠭᠡᠷ ᠡᠳ᠋ ᠠᠪᠬᠤ᠂ ᠥᠯᠢᠭᠡᠷ ᠡᠳ᠋ ᠦᠢᠯᠡᠳᠬᠦ ᠂ ᠪᠠᠶᠢᠴᠠᠭᠠᠨ ᠰᠢᠯᠭᠠᠬᠤ᠂ ᠲᠡᠮᠳᠡᠭᠯᠡᠬᠦ ᠪᠠ ᠮᠡᠳᠡᠭᠦᠯᠬᠦ ᠬᠠᠮᠢᠶ᠎ᠠ ᠪᠦᠬᠦᠢ ᠠᠩᠬᠠᠷᠬᠤ ᠵᠦᠢᠯᠡᠰ᠂ ︽ᠬᠤᠶᠠᠷ ᠢ ᠭᠡᠷᠡᠴᠢᠯᠡᠬᠦ︾ ᠪᠡᠯᠡᠳᠬᠡᠯ᠂ ᠬᠡᠮᠵᠢᠭᠦᠷᠯᠢᠭ ᠲᠥᠬᠦᠭᠡᠷᠦᠮᠵᠢ ᠶᠢᠨ ᠰᠠᠭᠤᠷᠢ ᠮᠡᠳᠡᠯᠭᠡ ᠪᠠᠷ ᠭᠤᠣᠯᠳᠠᠯᠭ᠎ᠠ ᠪᠣᠯᠭᠠᠵᠤ᠂ ᠦᠨᠳᠦᠰᠦᠨ ᠱᠠᠲᠤᠨ ᠤ ᠪᠠᠶᠢᠴᠠᠭᠠᠨ ᠰᠢᠯᠭᠠᠬᠤ ᠠᠵᠢᠯᠲᠠᠨ ᠤ ᠪᠠᠶᠢᠴᠠᠭᠠᠨ ᠰᠢᠯᠭᠠᠬᠤ ᠮᠡᠷᠭᠡᠵᠢᠯ᠂ ᠲᠤᠷᠰᠢᠯᠲᠠ ᠶᠢᠨ ᠲᠠᠰᠤᠭ ᠤᠨ ᠬᠠᠮᠢᠶᠠᠷᠤᠯᠲᠠ ᠵᠡᠷᠭᠡ ᠣᠨᠣᠯ ᠤᠨ ᠮᠡᠳᠡᠯᠭᠡ ᠪᠠᠨ ᠪᠠᠲᠤᠳᠬᠠᠬᠤ ᠶᠢ ᠠᠬᠢᠭᠤᠯᠪᠠ ᠃ ᠲᠤᠬᠠᠢ ᠶᠢᠨ ᠲᠠᠯᠠᠪᠤᠷ  ᠲᠦ ᠨᠢ ᠠᠵᠢᠯᠯᠠᠭᠤᠯᠬᠤ ᠪᠤᠯᠪᠠᠰᠤᠷᠠᠯ ᠳᠤ ᠲᠤᠬᠠᠢ ᠶᠢᠨ ᠲᠠᠯᠠᠪᠤᠷ ᠲᠤ ᠨᠢ ᠥᠯᠢᠭᠡᠷ ᠡᠳ᠋ ᠠᠪᠬᠤ᠂ ᠥᠯᠢᠭᠡᠷ ᠡᠳ᠋ ᠠᠪᠬᠤ ᠠᠴᠠ ᠡᠮᠦᠨ᠎ᠡ ᠰᠢᠢᠳᠪᠦᠷᠢᠯᠡᠬᠦ᠂ ᠮᠠᠰᠢᠨ ᠳᠤ ᠭᠠᠷᠴᠤ ᠪᠠᠶᠢᠴᠠᠭᠠᠨ ᠰᠢᠯᠭᠠᠬᠤ ᠵᠢᠴᠢ ᠲᠤᠭ᠎ᠠ ᠪᠠᠷᠢᠮᠲᠠ ᠶᠢ ᠵᠠᠳᠠᠯᠬᠤ ᠪᠠᠷ ᠭᠤᠣᠯᠳᠠᠯᠭ᠎ᠠ ᠪᠣᠯᠭᠠᠵᠤ᠂ ᠦᠨᠳᠦᠰᠦᠨ ᠱᠠᠲᠤᠨ ᠤ ᠪᠠᠶᠢᠴᠠᠭᠠᠨ ᠰᠢᠯᠭᠠᠬᠤ ᠠᠵᠢᠯᠲᠠᠨ ᠤ ᠥᠯᠢᠭᠡᠷ ᠡᠳ᠋ ᠠᠪᠴᠤ ᠪᠠᠶᠢᠴᠠᠭᠠᠨ ᠰᠢᠯᠭᠠᠬᠤ ᠮᠡᠷᠭᠡᠵᠢᠯ ᠢ ᠪᠣᠯᠪᠠᠰᠤᠷᠠᠩᠭᠤᠢ ᠡᠵᠡᠮᠰᠢᠬᠦ ᠶᠢ ᠠᠬᠢᠭᠤᠯᠪᠠ ᠃
图片3.jpg
图片4.jpg
      ᠪᠤᠯᠪᠠᠰᠤᠷᠠᠯ ᠢᠶᠠᠷ ᠳᠠᠮᠵᠢᠭᠤᠯᠤᠨ᠂ ᠬᠤᠰᠢᠭᠤ ᠰᠢᠶᠠᠨ ᠤ ᠱᠠᠲᠤᠨ ᠤ ᠪᠠᠶᠢᠴᠠᠭᠠᠨ ᠰᠢᠯᠭᠠᠬᠤ ᠠᠵᠢᠯᠲᠠᠨ ᠤ ᠣᠨᠣᠯ ᠤᠨ ᠬᠢᠷᠢ ᠲᠦᠪᠰᠢᠨ ᠪᠣᠯᠣᠨ ᠪᠣᠳᠠᠲᠠᠢ ᠠᠵᠢᠯᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠬᠠᠷᠢᠯᠴᠠᠨ ᠰᠤᠷᠤᠯᠴᠠᠵᠤ ᠰᠣᠯᠢᠯᠴᠠᠬᠤ᠂ ᠰᠠᠶᠢᠨ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠦᠷᠢᠯᠡᠬᠦ᠂ ᠬᠠᠮᠲᠤᠪᠠᠷ ᠳᠡᠭᠡᠭᠰᠢᠯᠡᠬᠦ ᠵᠣᠷᠢᠯᠭ᠎ᠠ ᠳᠤ   ᠪᠠᠨ  ᠬᠦᠷᠴᠠᠢ ᠃      ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠲᠠ᠂ ᠤᠯᠠᠭᠠᠨᠬᠠᠳᠠ ᠬᠤᠲᠠ ᠶᠢᠨ 33 ᠬᠤᠰᠢᠭᠤ ᠰᠢᠶᠠᠨ ᠤ 83 ᠪᠠᠶᠢᠴᠠᠭᠠᠨ ᠰᠢᠯᠭᠠᠬᠤ ᠠᠵᠢᠯᠲᠠᠨ ᠲᠣᠰ ᠤᠳᠠᠭᠠᠨ ᠤ ᠪᠤᠯᠪᠠᠰᠤᠷᠠᠯ ᠳᠤ ᠣᠷᠣᠯᠴᠠᠵᠠᠢ᠃    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号