ᠪᠦᠬᠦ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠠᠩᠬᠠᠨ ᠤ ᠠᠨᠵᠢᠰᠤ ᠵᠢᠴᠢ ᠠᠮᠤ ᠪᠤᠳᠠᠭᠠᠨ ᠤ ᠦᠢᠯᠡᠳᠪᠦᠷᠢᠯᠡᠯ ᠤᠨ ᠠᠵᠢᠯ ᠢ ᠲᠦᠯᠬᠢᠨ ᠠᠬᠢᠭᠤᠯᠬᠤ ᠲᠤᠬᠠᠢ ᠶᠢᠨ ᠲᠠᠯᠠᠪᠤᠷ ᠤᠨ ᠬᠤᠷᠠᠯ ᠪᠠᠶᠠᠨᠨᠠᠭᠤᠷ ᠬᠤᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2023/2/28
      2 ᠰᠠᠷ᠎ᠠ ᠶᠢᠨ 27 ᠤ ᠡᠳᠦᠷ᠂ ᠪᠥᠬᠦ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠠᠩᠬᠠᠨ ᠤ ᠠᠨᠵᠢᠰᠤ ᠵᠢᠴᠢ ᠠᠮᠤ ᠪᠤᠳᠠᠭᠠᠨ ᠤ ᠦᠢᠯᠡᠳᠪᠦᠷᠢᠯᠡᠯ ᠤᠨ ᠠᠵᠢᠯ ᠢ ᠲᠦᠯᠬᠢᠨ ᠠᠬᠢᠭᠤᠯᠬᠤ ᠲᠤᠬᠠᠢ ᠶᠢᠨ ᠲᠠᠯᠠᠪᠤᠷ ᠤᠨ ᠬᠤᠷᠠᠯ ᠪᠠᠶᠠᠨᠨᠠᠭᠤᠷ ᠬᠤᠲᠠ ᠳᠤ ᠬᠤᠷᠠᠯᠳᠤᠵᠤ᠂ ᠪᠥᠬᠦ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠪᠠ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ᠂ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠾᠧ ᠸᠧᠢ ᠬᠤᠸᠠ᠂ ᠪᠠᠶᠠᠨᠨᠠᠭᠤᠷ ᠬᠤᠲᠠ ᠶᠢᠨ ᠳᠠᠷᠤᠭ᠎ᠠ ᠸᠠᠩ ᡁᠢ ᠫᠢᠩ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠬᠤ᠋ ᠶᠢᠤ ᠯᠢᠨ ︽ᠬᠠᠪᠤᠷ ᠤᠨ ᠲᠠᠷᠢᠶᠠᠯᠠᠭ᠎ᠠ ᠶᠢᠨ ᠠᠩᠬᠠᠨ ᠤ ᠠᠨᠵᠢᠰᠤ ︾ ᠶᠢᠨ ᠲᠤᠬᠠᠢ ᠶᠢᠨ ᠲᠠᠯᠠᠪᠤᠷ ᠤᠨ ᠠᠵᠢᠯᠯᠠᠭ᠎ᠠ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠦ᠋ ᠰᠢᠶᠠᠩ ᠯᠢᠶᠠᠩ ᠬᠤᠷᠠᠯ ᠢ ᠡᠷᠭᠢᠯᠡᠪᠡ᠃
图片1.jpg
       ᠦᠳᠡ ᠶᠢᠨ ᠡᠮᠦᠨ᠎ᠡ ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠬᠠᠩᠭᠢᠨ ᠬᠤᠶᠢᠲᠤ ᠬᠤᠰᠢᠭᠤᠨ ᠳᠤ ᠬᠦᠷᠴᠦ ᠴᠦᠨ ᠭᠤᠸᠠᠩ ᠲᠥᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠂ ᠴᠢᠩ ᠹᠧᠩ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠢᠴᠢ  ᠬᠠᠳᠤᠨ ᠭᠤᠣᠯ ᠤᠨ ᠤᠰᠤ ᠶᠢ ᠲᠠᠲᠠᠵᠤ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠰᠢᠯᠵᠢᠩᠭᠦᠢ ᠳᠤᠰᠤᠯᠭᠠᠨ ᠤᠰᠤᠯᠠᠬᠤ ᠲᠦᠷᠦᠯ ᠵᠦᠢᠯ ᠤᠨ ᠲᠣᠭᠤᠷᠢᠭ ᠂ ᠱᠠᠨᠪᠠ ᠶᠢᠨ ᠠᠮᠲᠠᠲᠤ ᠢᠳᠡᠭᠡᠨ ᠤ ᠠᠵᠤ ᠦᠢᠯᠡᠰ ᠤᠨ ᠬᠦᠷᠢᠶᠡᠯᠡᠩ ᠢ ᠲᠣᠭᠤᠷᠢᠨ ᠦᠵᠡᠪᠡ᠃ ᠲᠣᠭᠤᠷᠢᠨ ᠦᠵᠡᠭᠰᠡᠨ ᠤ ᠳᠠᠷᠠᠭ᠎ᠠ᠂ ᠯᠢᠨ ᠾᠧ ᠲᠣᠭᠤᠷᠢᠭ ᠤᠨ ᠯᠠᠩ ᠱᠠᠨ ᠪᠠᠯᠭᠠᠰᠤᠨ ᠤ ᠭᠤᠸᠠᠩ ᠮᠢᠩ ᠲᠣᠰᠬᠤᠨ ᠳᠤ ︽ᠪᠥᠬᠦ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠠᠩᠬᠠᠨ ᠤ ᠠᠨᠵᠢᠰᠤ ︾ ᠶᠢᠨ ᠡᠬᠢᠯᠡᠯᠲᠡ ᠶᠢᠨ ᠶᠣᠰᠣᠯᠠᠯ ᠡᠷᠭᠢᠯᠡᠵᠦ᠂ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠪᠠᠰᠠ ᠨᠡᠶᠢᠭᠡᠮᠴᠢᠯᠡᠭᠰᠡᠨ ᠦᠢᠯᠡᠴᠢᠯᠡᠭᠡ᠂ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠡᠯᠪᠡᠷᠢ ᠶᠢᠨ ᠲᠥᠬᠦᠭᠡᠷᠦᠮᠵᠢ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠪᠠ ᠲᠠᠷᠢᠶᠠᠯᠠᠩ ᠤᠨ ᠮᠠᠰᠢᠨ ᠲᠣᠨᠣᠭᠯᠠᠯ ᠤᠨ ᠦᠵᠡᠭᠦᠯᠭᠡ᠂ ᠮᠥᠩᠭᠦᠨ ᠭᠦᠢᠯᠭᠡᠭᠡ ᠳᠠᠭᠠᠳᠬᠠᠯ ᠢᠶᠠᠷ ᠲᠠᠷᠢᠶᠠᠯᠠᠩ ᠢ ᠲᠤᠰᠠᠯᠠᠬᠤ᠂ ᠮᠡᠷᠭᠡᠵᠢᠯ ᠤᠨ ᠯᠠᠪᠯᠠᠯᠭ᠎ᠠ ᠶᠢᠨ ᠦᠢᠯᠡᠴᠢᠯᠡᠭᠡ ᠵᠡᠷᠭᠡ ᠠᠵᠢᠯᠯᠠᠭ᠎ᠠ ᠶᠢ ᠥᠷᠨᠢᠭᠦᠯᠪᠡ᠃
图片2.jpg
       ᠦᠳᠡ ᠶᠢᠨ ᠬᠤᠶᠢᠨ᠎ᠠ ᠂ ᠭᠡᠷ ᠳᠣᠲᠣᠷᠠᠬᠢ ᠬᠤᠷᠠᠯ ᠢ ᠬᠤᠷᠠᠯᠳᠤᠭᠤᠯᠪᠠ ᠃ ᠭᠦᠸᠧ ᠵᠠᠨ ᠵᠢᠶᠠᠩ ᠶᠠᠷᠢᠶ᠎ᠠ ᠲᠠᠯᠪᠢᠪᠠ ᠃ ᠪᠠᠶᠠᠨᠨᠠᠭᠤᠷ ᠬᠤᠳᠠ ᠂ ᠬᠥᠯᠥᠨ ᠪᠤᠶᠢᠷ ᠬᠤᠳᠠ ᠂ ᠬᠢᠩᠭᠠᠨ ᠠᠶᠢᠮᠠᠭ ᠂ ᠲᠦᠩᠯᠢᠶᠣᠣ ᠬᠤᠳᠠ ᠂ ᠪᠠᠶᠠᠨᠨᠠᠭᠤᠷ ᠬᠤᠳᠠ ᠶᠢᠨ ᠦᠶᠤᠸᠠᠨ ᠰᠢᠶᠠᠨ ᠲᠣᠰᠪᠣᠷᠢ ︽ ᠨᠢᠭᠡ ᠡᠷᠦᠭᠡ ᠳᠤ ᠨᠢᠭᠡ ᠲᠠᠷᠢᠶ᠎ᠠ ᠨᠢᠭᠡ ᠲᠣᠰᠬᠤᠨ ᠳᠤ ᠨᠢᠭᠡ ᠲᠠᠷᠢᠶ᠎ᠠ ︾ ᠪᠠ ᠲᠠᠷᠢᠶᠠᠯᠠᠩ ᠤᠨ ᠬᠠᠳᠤᠨ ᠭᠤᠣᠯ ᠤᠨ ᠤᠰᠤ ᠶᠢ ᠲᠠᠲᠠᠵᠤ ᠤᠰᠤ ᠠᠷᠪᠢᠯᠠᠬᠤ ᠂ ᠰᠢᠷ᠎ᠠ ᠪᠤᠷᠴᠠᠭ ᠤᠨ ᠲᠣᠰᠣᠯᠢᠭ ᠲᠠᠷᠢᠮᠠᠯ ᠢ ᠥᠷᠭᠡᠳᠬᠡᠨ ᠲᠠᠷᠢᠬᠤ ᠂ ᠨᠡᠶᠢᠯᠡᠮᠡᠯ ᠰᠣᠯᠢᠪᠴᠡᠯ ᠲᠠᠷᠢᠶᠠᠯᠠᠭ᠎ᠠ ᠶᠢ ᠠᠬᠢᠭᠤᠯᠬᠤ ᠂ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ᠂ ᠥᠨᠳᠥᠷ ᠪᠦᠲᠦᠮᠵᠢᠲᠠᠢ ᠤᠰᠤ ᠠᠷᠪᠢᠯᠠᠬᠤ ᠂ ᠨᠡᠶᠢᠭᠡᠮᠴᠢᠯᠡᠭᠰᠡᠨ ᠦᠢᠯᠡᠴᠢᠯᠡᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠲᠤᠬᠠᠢ ᠨᠡᠶᠢᠲᠡᠯᠢᠭ ᠶᠠᠷᠢᠶ᠎ᠠ ᠲᠠᠯᠪᠢᠵᠠᠢ ᠃      ᠬᠤᠷᠠᠯ ᠠᠴᠠ ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠣᠨ᠎ᠠ ᠂ ︽ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾  ᠤ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠃ ᠣᠳᠣᠬᠠᠨ ᠳᠤ ᠪᠦᠬᠦ ᠣᠷᠣᠨ ᠢᠶᠠᠷ ᠢᠶᠠᠨ ᠪᠠᠷᠠᠭᠤᠨ ᠠᠴᠠ ᠵᠡᠭᠦᠨᠰᠢ ᠵᠠᠯᠭᠠᠭ᠎ᠠ ᠪᠠᠷ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠶᠠᠭᠠᠷᠠᠤ ᠴᠠᠭ ᠦᠶ᠎ᠡ ᠳᠤ ᠣᠷᠣᠵᠤ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠥᠷᠭᠡᠨ ᠣᠯᠠᠨ ᠺᠠᠳ᠋ᠷ ᠣᠯᠠᠨ ᠲᠦᠮᠡᠨ᠂ ᠢᠯᠠᠩᠭᠤᠶ᠎ᠠ ᠲᠠᠷᠢᠶᠠᠴᠢᠨ ᠨᠠᠶᠢᠵᠠ ᠨᠠᠷ ᠢ ᠵᠣᠬᠢᠶᠠᠨ ᠪᠠᠶᠢᠭᠤᠯᠤᠨ ᠳᠠᠶᠢᠴᠢᠯᠠᠵᠤ᠂ ᠡᠷᠲᠡᠬᠡᠨ ᠪᠡᠯᠡᠳᠬᠡᠯ ᠬᠢᠵᠦ᠂ ᠲᠦᠷᠭᠡᠨ ᠬᠥᠳᠡᠯᠦᠯᠴᠡᠵᠦ᠂ ᠲᠠᠷᠢᠶᠠᠯᠠᠬᠤ ᠴᠠᠭ ᠢ ᠠᠮᠵᠢᠨ ᠠᠳᠬᠤᠵᠤ᠂ ᠬᠠᠪᠤᠷ ᠤᠨ ᠲᠠᠷᠢᠶᠠᠯᠠᠭ᠎ᠠ ᠶᠢᠨ ᠬᠠᠯᠠᠭᠤᠨ ᠥᠷᠨᠢᠯᠲᠡ ᠶᠢ ᠪᠥᠬᠦ ᠲᠠᠯ᠎ᠠ ᠪᠠᠷ ᠥᠷᠨᠢᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠠᠩᠬᠠᠨ ᠤ ᠳᠠᠶᠢᠯᠠᠯᠳᠤᠭᠠᠨ ᠢ ᠰᠠᠶᠢᠲᠤᠷ ᠬᠢᠵᠦ᠂ ᠪᠥᠬᠦ ᠵᠢᠯ ᠤᠨ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ ᠰᠠᠶᠢᠨ ᠡᠬᠢᠯᠡᠯᠲᠡ ᠲᠠᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃      ᠬᠤᠷᠠᠯ ᠠᠴᠠ ᠡᠨᠡ ᠵᠢᠯ ᠤᠨ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠭᠤᠣᠯᠳᠠᠯᠭ᠎ᠠ ᠶᠢ ᠲᠣᠳᠣᠷᠬᠠᠶᠢᠯᠠᠪᠠ ᠂ ᠡᠭᠦᠨ ᠳᠤ ᠠᠮᠤ ᠪᠤᠳᠠᠭ᠎ᠠ ᠪᠣᠯᠣᠨ ᠰᠢᠷ᠎ᠠ ᠪᠤᠷᠴᠠᠭ ᠤᠨ ᠲᠣᠰᠣᠯᠢᠭ ᠲᠠᠷᠢᠮᠠᠯ ᠢ ᠲᠣᠭᠲᠠᠪᠤᠷᠢᠵᠢᠭᠤᠯᠬᠤ ᠂ ᠮᠠᠯ ᠠᠵᠤ ᠠᠬᠤᠢ ᠶᠢᠨ ᠦᠢᠯᠡᠳᠪᠦᠷᠢᠯᠡᠯ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠂ ᠦᠷ᠎ᠡ ᠶᠢᠨ ᠦᠢᠯᠡᠰ ᠢ ᠬᠥᠭᠵᠢᠭᠦᠯᠬᠦ ᠂ ᠰᠦ ᠶᠢᠨ ᠦᠢᠯᠡᠰ ᠢ ᠬᠥᠭᠵᠢᠭᠦᠯᠬᠦ ᠪᠠ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠬᠡᠳᠦᠨ ᠲᠠᠯ᠎ᠠ ᠶᠢ ᠬᠠᠮᠤᠷᠤᠪᠠ ᠃ ᠬᠤᠷᠠᠯ ᠠᠴᠠ ᠂ ᠦᠢᠯᠡᠳᠪᠦᠷᠢᠯᠡᠯ ᠢ ᠴᠢᠬᠤᠯᠠᠴᠢᠯᠠᠬᠤ ᠠᠴᠠ ᠪᠢᠰᠢ ᠡᠵᠡᠩᠨᠡᠯᠲᠡ ᠶᠢ ᠴᠢᠬᠤᠯᠠᠴᠢᠯᠠᠬᠤ ᠦᠭᠡᠢ ᠪᠠᠶᠢᠬᠤ ᠣᠶᠢᠯᠠᠭᠠᠭᠳᠠᠬᠤᠨ ᠢ ᠦᠨᠡᠨ ᠬᠦ ᠬᠤᠪᠢᠷᠠᠭᠤᠯᠵᠤ ᠂ ᠠᠵᠤ ᠦᠢᠯᠡᠳᠪᠦᠷᠢᠵᠢᠯᠲᠡ ᠶᠢᠨ ᠰᠡᠳᠬᠢᠬᠦᠢ ᠂ ᠬᠡᠯᠬᠢᠶᠡᠵᠢᠯᠲᠡ ᠶᠢᠨ ᠰᠡᠳᠬᠢᠬᠦᠢ ᠂ ᠰᠢᠰᠲ᠋ᠧᠮᠲᠦ ᠰᠡᠳᠬᠢᠬᠦᠢ ᠂ ᠬᠤᠷᠢᠭ᠎ᠠ ᠱᠤᠭᠤᠮ ᠤᠨ ᠰᠡᠳᠬᠢᠬᠦᠢ ᠵᠡᠷᠭᠡ ᠳᠦᠷᠪᠡᠨ ᠵᠦᠢᠯ ᠤᠨ ᠰᠡᠳᠬᠢᠬᠦᠢ ᠶᠢ ᠪᠠᠲᠤ ᠪᠠᠬᠢ ᠪᠤᠢ ᠪᠣᠯᠭᠠᠵᠤ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠶᠡᠭᠡ ᠣᠷᠣᠨ ᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠴᠦᠷᠬᠡᠭ ᠣᠷᠣᠨ ᠪᠣᠯᠭᠠᠨ ᠬᠤᠪᠢᠷᠠᠭᠤᠯᠬᠤ ᠶᠢ ᠲᠦᠷᠭᠡᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠬᠤᠷᠠᠯ ᠠᠴᠠ ᠂ ᠭᠤᠣᠯᠳᠠᠯᠭ᠎ᠠ ᠲᠠᠢ ᠠᠵᠢᠯ ᠤᠨ ︽ ᠵᠢᠷᠭᠤᠭᠠᠨ ᠨᠢᠭᠡ ︾  ᠶᠢ ᠠᠬᠢᠭᠤᠯᠬᠤ ᠲᠣᠭᠲᠠᠴᠠ ᠶᠢ ᠪᠠᠶᠢᠭᠤᠯᠵᠤ ᠂ ᠲᠦᠷᠦᠯ ᠵᠦᠢᠯ ᠂ ᠬᠢᠯᠠᠰ ᠴᠡᠭ ᠂ ᠲᠤᠬᠠᠢ ᠶᠢᠨ ᠲᠠᠯᠠᠪᠠᠢ ᠶᠢᠨ ᠬᠤᠷᠠᠯ ᠵᠡᠷᠭᠡ ᠭᠤᠷᠪᠠᠨ ᠭᠤᠣᠯᠳᠠᠯᠭ᠎ᠠ ᠶᠢ ᠰᠠᠶᠢᠲᠤᠷ ᠠᠳᠬᠤᠬᠤ ᠪᠠᠷ ᠰᠢᠪᠲᠤᠯᠤᠯᠲᠠ ᠪᠣᠯᠭᠠᠵᠤ ᠂ ᠱᠠᠩᠨᠠᠵᠤ ᠲᠣᠷᠭᠠᠬᠤ ᠶᠢ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ ᠂ ᠲᠡᠷᠢᠭᠦᠨ ᠤ ᠬᠢ ᠲᠠᠢ ᠠᠳᠠᠯᠢᠳᠬᠠᠵᠤ ᠂ ᠲᠡᠷᠢᠭᠦᠨ ᠤ ᠬᠢ ᠶᠢ ᠡᠭᠦᠳᠴᠦ ᠂ ᠲᠡᠷᠢᠭᠦᠨ ᠤ ᠬᠢ ᠳᠤ ᠲᠠᠪᠰᠢᠬᠤ ᠪᠠᠷ ᠴᠢᠷᠮᠠᠶᠢᠵᠤ ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠂ ᠲᠠᠬᠢᠨ ᠰᠢᠨ᠎ᠡ ᠲᠦᠪᠰᠢᠨ ᠳᠤ ᠬᠦᠷᠬᠦ ᠶᠢ ᠳᠠᠰᠤᠷᠠᠯᠳᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠠᠮᠢᠶ᠎ᠠ ᠪᠦᠬᠦᠢ ᠭᠠᠵᠠᠷ ᠂ ᠠᠯᠪᠠᠨ ᠭᠡᠷ᠂ ᠨᠢᠭᠡᠴᠢ ᠂ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠲᠤᠬᠠᠢ ᠶᠢᠨ ᠲᠠᠯᠠᠪᠤᠷ ᠤᠨ ᠬᠤᠷᠠᠯ ᠳᠤ ᠣᠷᠣᠯᠴᠠᠪᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号