ᠬᠦᠬᠡᠬᠤᠳᠠ ᠲᠠᠷᠢᠶᠠᠯᠠᠩ ᠤᠨ ᠮᠠᠲ᠋ᠧᠷᠢᠶᠠᠯ ᠤᠨ ᠬᠠᠤᠯᠢ ᠬᠡᠷᠡᠭᠵᠢᠭᠦᠯᠦᠯᠲᠡ ᠶᠢᠨ ᠦᠷᠨᠢᠭᠦᠯᠪᠡ ᠥᠷᠨᠢᠭᠦᠯᠪᠡ
ᠨᠡᠶᠢᠲᠡᠯᠡᠭᠰᠡᠨ ᠴᠠᠭ᠄
2023/2/28
      ᠣᠳᠣᠬᠠᠨ ᠳᠤ ᠡᠯ᠎ᠡ ᠲᠥᠷᠥᠯ ᠤᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠲᠠᠷᠢᠶᠠᠯᠠᠩ ᠤᠨ ᠮᠠᠲ᠋ᠧᠷᠢᠶᠠᠯ ᠵᠠᠬᠢᠶᠠᠯᠠᠵᠤ᠂ ᠬᠠᠪᠤᠷ ᠤᠨ ᠲᠠᠷᠢᠶᠠᠯᠠᠭ᠎ᠠ ᠪᠠᠨ ᠪᠡᠯᠡᠳᠭᠡᠬᠦ ᠬᠤᠭᠤᠴᠠᠭᠠᠨ ᠳᠤ ᠤᠷᠤᠭᠰᠠᠨ ᠪᠠᠶᠢᠨ᠎ᠠ ᠃ ᠣᠶᠢᠷ᠎ᠠ ᠳᠤ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠬᠢᠨ ᠬᠤᠯᠪᠤᠭᠳᠠᠯ ᠪᠦᠭᠦᠢ ᠰᠠᠯᠠᠭ᠎ᠠ ᠮᠦᠴᠢᠷ ᠲᠠᠢ ᠬᠠᠮᠲᠤᠷᠠᠨ᠂ ᠢᠦ᠋ᠴᠢᠤᠸᠠᠨ ᠲᠣᠭᠤᠷᠢᠭ ᠤᠨ ᠲᠠᠷᠢᠶᠠᠯᠠᠩ ᠤᠨ ᠮᠠᠲ᠋ᠧᠷᠢᠶᠠᠯ ᠤᠨ ᠬᠡᠰᠡᠭ ᠵᠠᠬ᠎ᠠ ᠳᠡᠯᠭᠡᠭᠦᠷ ᠲᠤ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠤ᠂ ᠬᠠᠭᠤᠷᠮᠠᠭ ᠮᠠᠭᠤ ᠲᠠᠷᠢᠶᠠᠯᠠᠩ ᠤᠨ ᠮᠠᠲ᠋ᠧᠷᠢᠶᠠᠯ ᠳᠤ ᠴᠣᠬᠢᠯᠲᠠ ᠥᠭᠪᠡ᠃      ᠲᠤᠰ ᠤᠳᠠᠭ᠎ᠠ ᠶᠢᠨ ᠪᠠᠶᠢᠴᠠᠭᠠᠯᠲᠠ ᠳᠤ ᠵᠠᠬ᠎ᠠ ᠳᠡᠯᠭᠡᠭᠦᠷ ᠢ ᠪᠠᠶᠢᠴᠠᠭᠠᠬᠤ ᠡᠷᠴᠢᠮ ᠢ ᠴᠢᠩᠭᠠᠷᠠᠭᠤᠯᠤᠭᠰᠠᠨ ᠢᠶᠠᠷ ᠪᠠᠷᠠᠬᠤ ᠥᠬᠡᠢ᠂ ᠪᠠᠰᠠ ᠲᠠᠷᠢᠶᠠᠯᠠᠩ ᠤᠨ ᠮᠠᠲ᠋ᠧᠷᠢᠶᠠᠯ ᠤᠨ ᠪᠥᠭᠡᠮ ᠢᠶᠠᠷ ᠪᠤᠷᠤᠯᠠᠭᠤᠯᠬᠤ ᠵᠠᠬ᠎ᠠ ᠳᠡᠯᠭᠡᠭᠦᠷ᠂ ᠲᠠᠷᠢᠶᠠᠯᠠᠩ ᠤᠨ ᠮᠠᠲ᠋ᠧᠷᠢᠶᠠᠯ ᠢ ᠲᠥᠪᠯᠡᠷᠡᠭᠦᠯᠦᠨ ᠲᠠᠷᠬᠠᠭᠠᠬᠤ ᠭᠠᠵᠠᠷ ᠪᠠ ᠲᠠᠷᠢᠵᠤ ᠲᠠᠵᠢᠬᠡᠬᠦ ᠰᠠᠭᠤᠷᠢᠨ ᠵᠡᠷᠭᠡ ᠦᠢᠯᠡᠳᠪᠦᠷᠢᠯᠡᠯ ᠡᠵᠡᠩᠨᠡᠯᠲᠡ ᠪᠠ ᠬᠡᠷᠡᠭᠯᠡᠯᠲᠡ ᠶᠢᠨ ᠭᠤᠭᠴᠤᠭ᠎ᠠ ᠶᠢ ᠬᠢᠨᠠᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠲᠠᠷᠢᠶᠠᠨ ᠦᠷ᠎ᠡ᠂ ᠲᠠᠷᠢᠶᠠᠨ ᠡᠮ᠂ ᠬᠢᠮᠢ ᠶᠢᠨ ᠪᠣᠷᠳᠣᠭᠤᠷ ᠵᠡᠷᠭᠡ ᠲᠠᠷᠢᠶᠠᠯᠠᠩ  ᠤᠨ ᠮᠠᠲ᠋ᠧᠷᠢᠶᠠᠯ ᠢ ᠪᠠᠶᠢᠴᠠᠭᠠᠬᠤ ᠪᠠᠷ ᠭᠤᠣᠯᠳᠠᠯᠭ᠎ᠠ ᠪᠣᠯᠭᠠᠨ᠂ ᠬᠦᠬᠡᠬᠤᠲᠠ ᠶᠢᠨ ᠲᠠᠷᠢᠶᠠᠯᠠᠩ ᠤᠨ ᠮᠠᠲ᠋ᠧᠷᠢᠶᠠᠯ ᠤᠨ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠠᠢ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号