ᠠᠷᠤᠨ ᠬᠤᠰᠢᠭᠤ 14 ᠬᠡᠪᠴᠢᠶᠡᠵᠢᠭᠦᠯᠦᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢ ᠪᠠᠶᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/2/28
      ᠬᠥᠯᠥᠨ ᠪᠣᠶᠢᠷ ᠬᠤᠲᠠ ᠶᠢᠨ ᠠᠷᠤᠨ ᠬᠤᠰᠢᠭᠤ ︽ᠳᠡᠭᠡᠳᠦ ᠲᠠᠰ ᠤᠨ ᠴᠠᠭᠠᠨ ᠢᠳᠡᠭᠡᠨ ᠦᠢᠯᠡᠳᠪᠦᠷᠢᠯᠡᠵᠦ ᠡᠳ᠋ᠰᠢᠭᠦᠯᠵᠦ ᠭᠠᠳᠠᠭᠰᠢ ᠭᠠᠷᠭᠠᠬᠤ ᠰᠠᠭᠤᠷᠢᠨ ᠪᠠ ᠵᠠᠭᠤᠨ ᠳ᠋ᠦᠩᠰᠢᠭᠤᠷ ᠲᠦᠭᠦᠷᠢᠭ ᠤᠨ ᠲᠠᠰ ᠤᠨ ᠰᠦ ᠶᠢᠨ ᠠᠵᠤ ᠦᠢᠯᠡᠰ ︾ ᠢ ᠴᠣᠭᠴᠠᠯᠠᠬᠤ ᠪᠠᠷ ᠬᠠᠷᠠᠯᠲᠠ ᠪᠣᠯᠭᠠᠵᠤ᠂ ᠰᠦ ᠶᠢᠨ ᠦᠢᠯᠡᠰ ᠢ ᠣᠲᠣ ᠦᠶ᠎ᠡ ᠶᠢᠨ ᠲᠠᠷᠢᠶᠠᠯᠠᠩ ᠤᠨ ︽ᠲᠡᠷᠢᠭᠦᠨ ᠴᠢᠬᠤᠯᠠ ᠠᠵᠤ ᠦᠢᠯᠡᠰ ︾ ᠪᠣᠯᠭᠠᠨ ᠲᠦᠷᠭᠡᠳᠭᠡᠨ ᠪᠣᠶᠢᠵᠢᠭᠤᠯᠵᠤ ᠂ ᠳᠠᠭᠠᠭᠤᠯᠤᠭᠴᠢ ᠶᠢ ᠬᠦᠴᠦᠷᠬᠡᠭᠵᠢᠭᠦᠯᠦᠨ ᠂ ᠬᠡᠯᠬᠢᠶ᠎ᠡ ᠶᠢ ᠨᠥᠬᠦᠪᠥᠷᠢᠯᠡᠵᠦ᠂ ᠪᠦᠯᠦᠭᠵᠢᠯ ᠢ ᠴᠤᠭᠯᠠᠷᠠᠭᠤᠯᠵᠤ ᠂ ᠬᠥᠯᠥᠨ ᠪᠣᠶᠢᠷ ᠤᠨ ᠰᠦ ᠶᠢᠨ ᠭᠠᠷᠤᠯᠲᠠ ᠶᠢᠨ ᠰᠢᠵᠢᠷ ᠠᠯᠲᠠᠨ ᠰᠠᠭᠤᠷᠢᠨ ᠢ ᠪᠥᠲᠥᠭᠡᠨ ᠪᠠᠶᠢᠭᠤᠯᠵᠦ ᠪᠤᠢ᠃ ᠣᠳᠣᠬᠠᠨ ᠳᠤ ᠂ ᠠᠷᠤᠨ ᠬᠤᠰᠢᠭᠤ 14 ᠬᠡᠪᠴᠢᠶᠡᠵᠢᠭᠦᠯᠦᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢ ᠭᠤᠤᠯᠳᠠᠯᠭ᠎ᠠ  ᠲᠠᠢ ᠪᠠᠶᠢᠭᠤᠯᠵᠤ ᠪᠠᠶᠢᠨ᠎ᠠ ᠃ ᠡᠭᠦᠨ ᠳᠤ ᠂ 9 ᠮᠠᠯᠵᠢᠯ ᠤᠨ ᠲᠠᠯᠠᠪᠠᠶ ᠨᠢ ᠨᠢᠭᠡᠨᠲᠡ 3.3 ᠲᠦᠮᠡᠨ ᠰᠠᠭᠠᠯᠢ ᠶᠢᠨ ᠦᠨᠢᠶ᠎ᠡ ᠣᠷᠣᠭᠤᠯᠤᠨ ᠠᠪᠴᠢᠷᠠᠵᠤ᠂ ᠪᠥᠬᠦ ᠪᠦᠯᠦᠭᠵᠢᠯ ᠤᠨ ᠲᠡᠵᠢᠭᠡᠨ ᠦᠷᠡᠵᠢᠭᠦᠯᠬᠦ ᠬᠡᠪᠴᠢᠶ᠎ᠡ ᠨᠢᠭᠡᠨᠲᠡ 4.28 ᠲᠦᠮᠡᠡ ᠰᠠᠭᠠᠯᠢ ᠶᠢᠨ ᠦᠨᠢᠶ᠎ᠡ ᠳᠤ ᠬᠦᠷᠴᠦ᠂ 8 ᠮᠠᠯᠵᠢᠯ ᠤᠨ ᠲᠠᠯᠠᠪᠠᠶ ᠨᠢ ᠨᠢᠭᠡᠨᠲᠡ ᠰᠦ ᠬᠠᠨᠭ᠍ᠭᠠᠬᠤ ᠶᠢ ᠪᠡᠶᠡᠯᠡᠭᠦᠯᠵᠦ᠂ ᠵᠢᠱᠢᠯᠲᠡ ᠪᠠᠷ ᠪᠥᠬᠦ ᠵᠢᠯ ᠤᠨ ᠰᠦ ᠶᠢᠨ ᠶᠡᠷᠦᠩᠬᠡᠶ ᠭᠠᠷᠤᠯᠲᠠ 17.5 ᠲᠦᠮᠡᠨ ᠳᠤᠨ ᠳᠤ ᠬᠥᠷᠬᠦ ᠪᠣᠯᠤᠨ᠎ᠠ᠃ ᠵᠢᠷᠤᠭ ᠪᠤᠯ 2 ᠰᠠᠷ᠎ᠠ ᠶᠢᠨ 23 ᠤ ᠡᠳᠦᠷ᠂ ᠠᠷᠤᠨ ᠬᠤᠰᠢᠭᠤᠨ ᠤ ᠱᠧᠩ ᠹᠠ ᠶᠤᠸᠠᠨ ᠲᠠᠷᠢᠶᠠᠯᠠᠩ ᠮᠠᠯ ᠠᠵᠤ ᠠᠬᠤᠶ ᠶᠢᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠮᠠᠯᠵᠢᠯ ᠤᠨ ᠲᠠᠯᠠᠪᠠᠶ ᠳᠤ ᠠᠵᠢᠯᠲᠠᠳ ᠰᠠᠭᠠᠯᠢ ᠶᠢᠨ ᠦᠨᠢᠶ᠎ᠡ ᠲᠡᠵᠢᠭᠡᠵᠦ ᠪᠠᠶᠢᠭ᠎ᠠ ᠨᠢ᠃
23.png
           ᠰᠣᠷᠪᠤᠯᠵᠢᠯᠠᠭᠴᠢ ᠮᠠ ᠵᠢᠶᠦ᠋ᠨ ᡂᠢ ᠰᠡᠭᠦᠳᠡᠷᠯᠡᠪᠡ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号