ᠬᠠᠶᠠᠭᠳᠠᠮᠠᠯ ᠢ ᠡᠷᠳᠡᠨᠢ ᠪᠣᠯᠭᠠᠭᠰᠠᠨ ᠲᠡᠵᠢᠭᠡᠯ ᠪᠣᠷᠳᠣᠭᠠᠨ ᠤ ᠨᠡᠮᠡᠯᠲᠡ ᠡᠳ᠋
ᠨᠡᠶᠢᠲᠡᠯᠡᠭᠰᠡᠨ ᠴᠠᠭ᠄
2023/2/28
      ᠥᠨᠳᠡᠭᠡᠨ ᠬᠠᠯᠢᠰᠤ᠄ ᠥᠨᠳᠡᠭᠡᠨ ᠬᠠᠯᠢᠰᠤᠨ ᠳᠤ 94% ᠶᠢᠨ ᠨᠡᠭᠦᠷᠡᠰᠦᠬᠦ᠋ᠴᠢᠯ ᠤᠨ ᠺᠠᠯᠼ᠂ 1% ᠶᠢᠨ ᠨᠡᠭᠦᠷᠡᠰᠦᠬᠦ᠋ᠴᠢᠯ ᠤᠨ ᠮᠠᠭᠨᠢ᠂ 5% ᠶᠢᠨ ᠤᠭᠤᠷᠠᠭ ᠠᠭᠤᠯᠤᠭᠳᠠᠨ᠎ᠠ᠂ ᠥᠨᠳᠡᠭᠡᠨ ᠬᠠᠯᠢᠰᠤ ᠶᠢ ᠴᠡᠪᠡᠷ ᠤᠰᠤ ᠪᠠᠷ ᠤᠬᠢᠶᠠᠨ ᠴᠡᠪᠡᠷᠯᠡᠵᠦ᠂ ᠪᠤᠴᠠᠯᠤᠭᠰᠠᠨ ᠤᠰᠤᠨ ᠳᠤ ᠬᠠᠭᠠᠰ ᠴᠠᠭ ᠪᠤᠴᠠᠯᠭᠠᠭᠠᠳ ᠡᠭᠡᠭᠡᠵᠦ ᠬᠠᠳᠠᠭᠠᠬᠤ ᠪᠤᠶᠤ ᠬᠠᠭᠰᠠᠭᠠᠵᠤ ᠬᠡᠮᠬᠡᠯᠡᠭᠡᠳ ᠨᠤᠨᠳᠠᠭᠯᠠᠪᠠᠯ᠂ ᠮᠠᠯ ᠵᠢᠭᠦᠷᠲᠡᠨ ᠤ ᠰᠢᠯᠢᠳᠡᠭ ᠡᠷᠦᠳᠡᠰᠦ ᠶᠢᠨ ᠲᠡᠵᠢᠭᠡᠯ ᠪᠣᠷᠳᠤᠭ᠎ᠠ ᠪᠣᠯᠣᠨ᠎ᠠ᠂ ᠭᠠᠭ᠋ᠠᠢ ᠶᠢᠨ ᠡᠳᠦᠷ ᠤᠨ ᠠᠮᠤ ᠶᠢᠨ 1% - 2%᠂ ᠦᠬᠡᠷ ᠬᠤᠨᠢᠨ ᠤ ᠡᠳᠦᠷ ᠤᠨ ᠠᠮᠤ ᠶᠢᠨ 0.5% - 1%᠂ ᠥᠨᠳᠡᠭᠡᠯᠡᠬᠦ ᠲᠠᠬᠢᠶ᠎ᠠ ᠶᠢᠨ ᠡᠳᠦᠷ ᠤᠨ ᠠᠮᠤ ᠶᠢᠨ 3% - 4% ᠪᠠᠷ ᠲᠡᠵᠢᠭᠡᠯ ᠪᠣᠷᠳᠤᠭ᠎ᠠ ᠳᠤ ᠬᠤᠯᠢᠵᠤ ᠣᠷᠣᠭᠤᠯᠤᠨ᠎ᠠ᠃      ᠲᠠᠤᠯᠠᠢ ᠶᠢᠨ ᠢᠯᠭᠠᠳᠠᠰᠤ᠄ ᠲᠠᠤᠯᠠᠢ ᠶᠢᠨ ᠬᠠᠭᠤᠷᠠᠢ ᠢᠯᠭᠠᠳᠠᠰᠤᠨ ᠤ ᠳᠣᠲᠣᠷ᠎ᠠ ᠪᠦᠳᠦᠭᠦᠯᠢᠭ ᠤᠭᠤᠷᠠᠭ18.7%᠂ ᠥᠭᠡᠬᠦ 4.3%᠂ ᠦᠨᠡᠰᠦ 2%ᠵᠡᠷᠭᠡ ᠠᠭᠤᠯᠤᠭᠳᠠᠨ᠎ᠠ᠂ ᠲᠠᠤᠯᠠᠢ ᠶᠢᠨ ᠢᠯᠭᠠᠳᠠᠰᠤ ᠪᠠᠷ ᠭᠠᠭ᠋ᠠᠢ ᠲᠡᠵᠢᠭᠡᠬᠦ ᠭᠤᠷᠪᠠᠨ ᠵᠦᠢᠯ ᠤᠨ ᠠᠷᠭ᠎ᠠ ᠪᠣᠢ᠄ ᠲᠠᠤᠯᠠᠢ ᠶᠢᠨ ᠢᠯᠭᠠᠳᠠᠰᠤ ᠶᠢ ᠬᠠᠲᠠᠭᠠᠵᠤ ᠬᠡᠮᠬᠡᠯᠦᠭᠰᠡᠨ ᠤ ᠳᠠᠷᠠᠭ᠎ᠠ᠂ ᠵᠣᠬᠢᠬᠤ ᠬᠠᠷᠢᠴᠠᠯ ᠢᠶᠠᠷ ᠲᠡᠵᠢᠭᠡᠯ ᠪᠣᠷᠳᠤᠭ᠎ᠠ ᠳᠤ ᠬᠤᠯᠢᠵᠤ ᠢᠳᠡᠭᠦᠯᠦᠨ᠎ᠡ︔ ᠬᠠᠲᠠᠭᠠᠭᠰᠠᠨ ᠲᠠᠤᠯᠠᠢ ᠶᠢᠨ ᠢᠯᠭᠠᠳᠠᠰᠤ ᠶᠢ ᠤᠰᠤᠨ ᠳᠤ ᠳᠡᠪᠲᠦᠭᠡᠵᠦ᠂ ᠵᠥᠭᠡᠯᠡᠷᠡᠭᠦᠯᠦᠭᠰᠡᠨ ᠤ ᠳᠠᠷᠠᠭ᠎ᠠ ᠲᠡᠵᠢᠭᠡᠯ ᠪᠣᠷᠳᠣᠭᠠᠨ ᠳᠤ ᠬᠢᠵᠦ ᠢᠳᠡᠭᠦᠯᠦᠨ᠎ᠡ᠃ ᠲᠤᠬᠠᠢ ᠶᠢᠨ ᠡᠳᠦᠷ ᠤᠨ ᠰᠢᠨ᠎ᠡ ᠰᠣᠷᠭᠤᠭ ᠲᠠᠤᠯᠠᠢ ᠶᠢᠨ ᠢᠯᠭᠠᠳᠠᠰᠤ ᠶᠢ ᠲᠡᠵᠢᠭᠡᠯ ᠪᠣᠷᠳᠣᠭᠠᠨ ᠳᠤ ᠬᠤᠯᠢᠵᠤ᠂ ᠡᠳᠦᠷ ᠪᠦᠷᠢ ᠪᠠᠭ᠎ᠠ ᠨᠠᠰᠤᠨ ᠤ ᠲᠤᠷᠤᠢ ᠳᠤ 0.2 ᠺᠢᠯᠣᠭ᠍ᠷᠠᠮ ᠲᠡᠵᠢᠭᠡᠵᠦ᠂ ᠵᠠᠯᠠᠭᠤ ᠲᠤᠷᠤᠢ ᠳᠤ 0.3 ᠺᠢᠯᠣᠭ᠍ᠷᠠᠮ ᠲᠡᠵᠢᠭᠡᠨ᠎ᠡ᠃      ᠯᠣᠬᠠᠱᠧᠩ ᠤᠨ ᠬᠠᠯᠢᠰᠤ᠄ ᠥᠭᠡᠬᠦ᠂ ᠴᠠᠷᠳᠠᠭᠤᠯ᠂ ᠰᠢᠬᠢᠷ ᠤᠨ ᠵᠦᠢᠯ ᠵᠢᠴᠢ ᠡᠷᠦᠳᠡᠰᠦ᠂ ᠸᠢᠲ᠋ᠠᠮᠢᠨ ᠵᠡᠷᠭᠡ ᠠᠭᠤᠯᠤᠭᠳᠠᠨ᠎ᠠ᠂ ᠲᠡᠭᠦᠨ ᠢ ᠬᠡᠮᠬᠡᠯᠡᠵᠦ᠂ 10% ᠶᠢᠨ ᠬᠠᠷᠢᠴᠠᠯ ᠢᠶᠠᠷ ᠪᠤᠭᠤᠳᠠᠢ ᠶᠢᠨ ᠬᠡᠪᠡᠭ᠂ ᠲᠡᠵᠢᠭᠡᠯ ᠪᠣᠷᠳᠣᠭᠠᠨ ᠳᠤ ᠬᠤᠯᠢᠵᠤ᠂ ᠲᠠᠬᠢᠶ᠎ᠠ ᠲᠡᠵᠢᠭᠡᠪᠡᠯ ᠥᠨᠳᠡᠭᠡᠯᠡᠬᠦ ᠨᠣᠷᠮ᠎ᠠ ᠶᠢ 20% ᠪᠠᠷ ᠳᠡᠭᠡᠭᠰᠢᠯᠡᠭᠦᠯᠦᠨ᠎ᠡ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号