ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ | ᠤᠷᠤᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠨᠢᠳᠤᠨᠤᠨ ᠮᠠᠨ ᠤ ᠣᠷᠣᠨ ᠤ ᠮᠠᠯᠵᠢᠬᠤ ᠲᠠᠷᠢᠶᠠᠯᠠᠬᠤ ᠤᠷᠤᠨ ᠤ | ᠦᠢᠯᠡᠰ ᠪᠤᠰᠬᠠᠵᠤ ᠰᠢᠨ᠎ᠡ ᠶᠢ ᠡᠭᠦᠳᠬᠦ ᠡᠯ᠎ᠡ ᠵᠦᠢᠯ ᠤᠨ ᠠᠵᠢᠯ ᠲᠣᠭᠲᠠᠭᠤᠨ ᠢᠶᠠᠷ ᠦᠷᠨᠢᠵᠤ᠂ ᠡᠯ᠎ᠡ ᠵᠦᠢᠯ ᠤᠨ | ᠲᠣᠭᠲᠠᠭᠰᠠᠨ ᠡᠭᠦᠷᠭᠡ ᠪᠠᠨ ᠬᠤᠭᠤᠴᠠᠭ᠎ᠠ ᠶᠤᠰᠤᠭᠠᠷ ᠪᠡᠶᠡᠯᠡᠭᠦᠯᠪᠠ᠃ | ᠮᠠᠯᠵᠢᠬᠤ ᠲᠠᠷᠢᠶᠠᠯᠠᠬᠤ ᠤᠷᠤᠨ ᠤ ᠦᠢᠯᠡᠰ ᠪᠤᠰᠬᠠᠵᠤ ᠰᠢᠨ᠎ᠡ ᠶᠢ ᠡᠭᠦᠳᠬᠦ ᠠᠵᠢᠯ ᠪᠤᠯ ᠬᠥᠳᠡᠭᠡ | ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠴᠢᠬᠤᠯᠠ ᠠᠭᠤᠯᠭ᠎ᠠ | ᠪᠤᠯᠤᠨ᠎ᠠ᠃ ᠨᠢᠳᠤᠨᠤᠨ ᠮᠠᠨ ᠤ ᠤᠷᠤᠨ ᠵᠢᠷᠭᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠮᠠᠯᠵᠢᠬᠤ | ᠲᠠᠷᠢᠶᠠᠯᠠᠬᠤ ᠤᠷᠤᠨ ᠤ ᠦᠢᠯᠡᠰ ᠪᠤᠰᠬᠠᠵᠤ ᠰᠢᠨ᠎ᠡ ᠶᠢ ᠡᠭᠦᠳᠬᠦ ᠲᠥᠷᠥᠯ ᠵᠦᠢᠯ ᠤᠨ ᠪᠦᠲᠦᠭᠡᠯᠴᠢ ᠤᠷᠤᠯᠳᠤᠭᠠᠨ ᠢ | ᠠᠮᠵᠢᠯᠲᠠ ᠲᠠᠢ ᠡᠷᠬᠢᠯᠡᠵᠦ᠂ ᠡᠭᠦᠨ ᠳᠤ 4 ᠲᠥᠷᠥᠯ ᠵᠦᠢᠯ ᠢ ᠰᠣᠩᠭᠤᠨ ᠪᠦᠬᠦ ᠤᠯᠤᠰ ᠤᠨ ᠤᠷᠤᠯᠳᠤᠭᠠᠨ ᠳᠤ | ᠳᠡᠪᠰᠢᠭᠦᠯᠵᠤ᠂ ᠰᠢᠯᠢ ᠶᠢᠨ ᠭᠤᠣᠯ ᠠᠶᠢᠮᠠᠭ ᠤᠨ ᠤᠷᠤᠯᠴᠠᠭᠴᠢ ᠳ᠋ᠦ᠋ ᠶᠦᠩ ᠪᠦᠬᠦ ᠤᠯᠤᠰ ᠤᠨ ᠰᠢᠢᠳᠪᠦᠷᠢᠲᠦ | ᠤᠷᠤᠯᠳᠤᠭᠠᠨ ᠳᠤ ᠤᠷᠤᠯᠴᠠᠭᠰᠠᠨ ᠪᠠᠶᠢᠨ᠎ᠠ︔ ᠵᠢᠷᠭᠤᠳᠤᠭᠠᠷ ᠪᠦᠯᠦᠭ ᠤᠨ ᠪᠦᠬᠦ ᠤᠯᠤᠰ ᠤᠨ ᠬᠥᠳᠡᠭᠡ | ᠲᠤᠰᠬᠤᠨ ᠤ ᠦᠢᠯᠡᠰ ᠪᠤᠰᠬᠠᠵᠤ ᠰᠢᠨ᠎ᠡ ᠶᠢ ᠡᠭᠦᠳᠬᠦ ᠰᠢᠯᠢᠳᠡᠭ ᠳᠠᠭᠠᠭᠤᠯᠤᠭᠴᠢ ᠶᠢᠨ ᠨᠡᠶᠢᠲᠡᠯᠢᠭ ᠬᠡᠷᠡᠭ ᠤᠨ | ᠵᠢᠱᠢᠶ᠎ᠠ ᠶᠢ ᠡᠯᠰᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠥᠪᠥᠷ ᠮᠣᠩᠭᠤᠯ ᠤᠨ ᠵᠢᠦᠢ ᠨᠦᠩ | ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠶᠠᠨ ᠵᠢᠩ ᠵᠡᠷᠭᠡ 4 ᠬᠥᠮᠦᠨ ᠢ ᠰᠢᠯᠢᠨ ᠰᠣᠩᠭᠤᠵᠤ | ᠬᠦᠳᠡᠭᠡ ᠠᠵᠤ ᠠᠬᠤᠢ ᠬᠥᠳᠡᠭᠡ ᠲᠤᠰᠬᠤᠨ ᠤ ᠶᠠᠮᠤᠨ ᠳᠤ ᠳᠡᠪᠰᠢᠭᠦᠯᠬᠦ ᠶᠢᠨ ᠬᠠᠮᠲᠤ ᠥᠪᠡᠷᠲᠡᠭᠡᠨ ᠵᠠᠰᠠᠬᠤ | ᠣᠷᠣᠨ ᠤ ᠨᠢᠭᠡᠳᠦᠭᠡᠷ ᠪᠦᠯᠦᠭ ᠤᠨ ᠮᠠᠯᠵᠢᠬᠤ ᠲᠠᠷᠢᠶᠠᠯᠠᠬᠤ ᠤᠷᠤᠨ ᠤ ᠦᠢᠯᠡᠰ ᠪᠤᠰᠬᠠᠵᠤ ᠰᠢᠨ᠎ᠡ ᠶᠢ ᠡᠭᠦᠳᠬᠦ | ᠰᠢᠯᠢᠳᠡᠭ ᠳᠠᠭᠠᠭᠤᠯᠤᠭᠴᠢ ᠶᠢᠨ ᠨᠡᠶᠢᠲᠡᠯᠢᠭ ᠬᠡᠷᠡᠭ ᠤᠨ ᠵᠢᠱᠢᠶ᠎ᠠ ᠶᠢ 12 ᠭᠡᠷᠡᠴᠢᠯᠡᠨ ᠲᠣᠭᠲᠠᠭᠠᠪᠠ᠃ ᠪᠠᠰᠠ ᠮᠠᠨ ᠤ | ᠣᠷᠣᠨ ᠤ ᠥᠩᠭᠡᠷᠡᠭᠰᠡᠨ ᠬᠤᠭᠤᠴᠠᠭᠠᠨ ᠤ ᠪᠦᠬᠦ ᠤᠯᠤᠰ ᠤᠨ ᠬᠥᠳᠡᠭᠡ ᠲᠤᠰᠬᠤᠨ ᠤ ᠦᠢᠯᠡᠰ ᠪᠤᠰᠬᠠᠵᠤ ᠰᠢᠨ᠎ᠡ ᠶᠢ | ᠡᠭᠦᠳᠬᠦ ᠤᠷᠤᠯᠳᠤᠭᠠᠨ ᠤ ᠱᠠᠩᠨᠠᠯ ᠬᠦᠷᠲᠡᠭᠰᠡᠳ ᠢ ᠵᠣᠬᠢᠶᠠᠨ ᠪᠠᠶᠢᠭᠤᠯᠤᠨ ᠲᠠᠨᠢᠯᠴᠠᠭᠤᠯᠵᠤ᠂ ᠪᠦᠬᠦ ᠤᠯᠤᠰ ᠤᠨ | ︽ᠶᠡᠭᠡ ᠤᠯᠤᠰ ᠤᠨ ᠲᠠᠷᠢᠶᠠᠴᠢᠨ ᠳᠠᠷᠬᠠᠨ︾ ︵ᠦᠢᠯᠡᠰ ᠪᠤᠰᠬᠠᠵᠤ ᠰᠢᠨ᠎ᠡ ᠶᠢ ᠡᠭᠦᠳᠬᠦ ᠲᠥᠷᠥᠯ︶ ᠢ ᠰᠢᠯᠢᠨ | ᠰᠣᠩᠭᠤᠬᠤ ᠠᠵᠢᠯ ᠳᠤ ᠣᠷᠣᠯᠴᠠᠭᠤᠯᠵᠤ᠂ ᠰᠢᠯᠢ ᠶᠢᠨ ᠭᠤᠣᠯ ᠠᠶᠢᠮᠠᠭ ᠤᠨ ᠪᠦᠷᠢᠨ ︽ᠶᠡᠭᠡ ᠤᠯᠤᠰ ᠤᠨ | ᠲᠠᠷᠢᠶᠠᠴᠢᠨ ᠳᠠᠷᠬᠠᠨ︾ ︵ᠦᠢᠯᠡᠰ ᠪᠤᠰᠬᠠᠵᠤ ᠰᠢᠨ᠎ᠡ ᠶᠢ ᠡᠭᠦᠳᠬᠦ ᠲᠥᠷᠥᠯ︶ ᠤ ᠴᠣᠯᠠ ᠬᠦᠷᠲᠡᠪᠡ᠃ | ᠮᠠᠨ ᠤ ᠤᠷᠤᠨ ᠬᠦᠳᠡᠭᠡ ᠠᠵᠤ ᠠᠬᠤᠢ ᠬᠥᠳᠡᠭᠡ ᠲᠤᠰᠬᠤᠨ ᠤ ᠶᠠᠮᠤᠨ ᠤ ᠬᠡᠷᠡᠴᠢᠯᠡᠨ ᠲᠣᠭᠲᠠᠭᠠᠭᠰᠠᠨ ᠪᠦᠬᠦ | ᠤᠯᠤᠰ ᠤᠨ ᠬᠥᠳᠡᠭᠡ ᠲᠤᠰᠬᠤᠨ ᠤ ᠦᠢᠯᠡᠰ ᠪᠤᠰᠬᠠᠵᠤ ᠰᠢᠨ᠎ᠡ ᠶᠢ ᠡᠭᠦᠳᠬᠦ 44 ᠠᠵᠤ ᠦᠢᠯᠡᠰ ᠤᠨ ᠬᠦᠷᠢᠶᠡᠯᠡᠩ | ︵ᠳᠠᠳᠤᠯᠭ᠎ᠠ ᠪᠣᠯᠪᠠᠰᠣᠷᠠᠯ ᠤᠨ ᠰᠠᠭᠤᠷᠢᠨ︶ ᠤᠨ ᠰᠠᠭᠤᠷᠢᠨ ᠳᠡᠭᠡᠷ᠎ᠡ ᠮᠠᠯᠵᠢᠬᠤ ᠲᠠᠷᠢᠶᠠᠯᠠᠬᠤ ᠤᠷᠤᠨ ᠤ ᠦᠢᠯᠡᠰ | ᠪᠤᠰᠬᠠᠵᠤ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ︵ᠳᠠᠳᠤᠯᠭ᠎ᠠ ᠪᠣᠯᠪᠠᠰᠣᠷᠠᠯ ᠤᠨ | ᠰᠠᠭᠤᠷᠢᠨ︶ ᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠵᠦ᠂ ᠨᠤᠲᠤᠭ ᠲᠠᠭᠠᠨ ᠪᠤᠴᠠᠵᠤ ᠦᠢᠯᠡᠰ ᠪᠤᠰᠬᠠᠵᠤ | ᠰᠢᠨ᠎ᠡ ᠶᠢ ᠡᠭᠦᠳᠬᠦ ᠬᠥᠮᠦᠰ ᠲᠤ ᠦᠢᠯᠡᠰ ᠪᠤᠰᠬᠠᠬᠤ ᠲᠠᠪᠴᠠᠩ ᠤᠨ ᠴᠢᠨᠠᠷ ᠰᠠᠶᠢᠲᠠᠢ ᠮᠡᠳᠡᠭᠡ ᠵᠠᠩᠭᠢ ᠶᠢ ᠬᠠᠩᠭᠠᠵᠤ | ᠪᠤᠢ᠃ ᠮᠠᠯᠵᠢᠬᠤ ᠲᠠᠷᠢᠶᠠᠯᠠᠬᠤ ᠤᠷᠤᠨ ᠤ ᠦᠢᠯᠡᠰ ᠪᠤᠰᠬᠠᠬᠤ ᠬᠦᠷᠢᠶᠡᠯᠡᠩ ᠳᠤ ᠲᠠᠯᠠᠪᠤᠷ ᠭᠠᠵᠠᠷ᠂ ᠪᠣᠯᠪᠠᠰᠣᠷᠠᠯ | ᠬᠦᠷᠳᠡᠭᠡᠭᠦ᠂ ᠯᠠᠪᠯᠠᠭ᠎ᠠ ᠬᠠᠩᠭᠠᠬᠤ ᠵᠡᠷᠭᠡ ᠡᠬᠢ ᠪᠠᠶᠠᠯᠢᠭ ᠢ ᠲᠥᠪᠯᠡᠷᠡᠭᠦᠯᠤᠨ᠂ ᠦᠢᠯᠡᠰ ᠪᠤᠰᠬᠠᠭᠴᠢᠳ ᠲᠤ ᠰᠠᠭᠤᠷᠢ | ᠴᠢᠨᠠᠷᠲᠠᠢ ᠦᠢᠯᠡᠴᠢᠯᠡᠭᠡ ᠶᠢ ᠲᠥᠪᠯᠡᠷᠡᠭᠦᠯᠦᠨ ᠬᠠᠩᠭᠠᠵᠤ᠂ ᠦᠢᠯᠡᠰ ᠪᠤᠰᠬᠠᠭᠴᠢ ᠶᠢ ᠬᠠᠪᠰᠤᠷᠤᠨ ᠦᠢᠯᠡᠰ ᠪᠤᠰᠬᠠᠬᠤ | ᠥᠪᠡᠷ ᠤᠨ ᠥᠷᠲᠡᠭ ᠢ ᠨᠢ ᠪᠠᠭᠤᠷᠠᠭᠤᠯᠵᠤ᠂ ᠦᠢᠯᠡᠰ ᠪᠤᠰᠬᠠᠬᠤ ᠶᠢᠨ ᠠᠮᠵᠢᠯᠲᠠ ᠣᠯᠬᠤ ᠨᠣᠷᠮ᠎ᠠ ᠶᠢ | ᠳᠡᠭᠡᠭᠰᠢᠯᠡᠭᠦᠯᠦᠭᠰᠡᠨ ᠪᠠᠶᠢᠨ᠎ᠠ ᠃ | |