ᠰᠢᠨᠵᠢᠯᠡᠬᠦ ᠤᠠᠬᠭᠠᠨ ᠲᠧᠭᠨᠢᠭ ᠮᠡᠷᠭᠡᠵᠢᠯ ᠤᠨ ᠤᠨᠴᠠ ᠲᠤᠮᠢᠯᠠᠭᠳᠠᠭᠰᠠᠳ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠵᠦ ᠪᠤᠢ
ᠨᠡᠶᠢᠲᠡᠯᠡᠭᠰᠡᠨ ᠴᠠᠭ᠄
2023/2/6
      ᠣᠳᠣᠬᠠᠨ ᠳᠤ ᠲᠠᠷᠢᠶᠠᠯᠠᠩ ᠤᠨ ᠰᠡᠯᠡᠭᠦᠦ ᠴᠠᠭ ᠪᠠᠶᠢᠭᠰᠠᠨ ᠴᠦ ᠂ ᠬᠦᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠨᠴᠠ ᠲᠤᠮᠢᠯᠠᠭᠳᠠᠭᠰᠠᠳ ᠭᠠᠷᠠᠭ ᠤᠨ ᠭᠤᠷᠪᠠᠨ ᠪᠦᠷᠢ ᠶᠢᠨ ᠤᠷᠤᠢ ᠶᠢᠨ 7 ᠴᠠᠭ ᠬᠠᠭᠠᠰ ᠠᠴᠠ 9 ᠴᠠᠭ ᠪᠤᠯᠲᠠᠯ᠎ᠠ ᠲᠠᠷᠢᠶᠠᠯᠠᠩ ᠤᠨ ᠮᠡᠷᠭᠡᠵᠢᠯ ᠤᠨ ᠰᠦᠨᠢ ᠶᠢᠨ ᠰᠤᠷᠭᠠᠭᠤᠯᠢ ᠶᠢᠨ ᠰᠢᠭᠤᠳ ᠨᠡᠪᠲᠡᠷᠡᠭᠦᠯᠭᠡ ᠪᠠᠷ ᠲᠠᠷᠢᠶᠠᠴᠢᠨ ᠡᠷᠦᠬᠡ ᠶᠢᠨ ᠲᠠᠷᠢᠮᠠᠯ ᠲᠡᠵᠢᠭᠡᠪᠦᠷᠢ ᠶᠢᠨ ᠲᠠᠯ᠎ᠠ ᠶᠢᠨ ᠮᠡᠷᠭᠡᠵᠢᠯ ᠢ ᠳᠡᠯᠭᠡᠷᠡᠭᠦᠯᠵᠦ ᠪᠠᠶᠢᠨ᠎ᠠ ᠃      ︽ᠪᠤᠳᠠᠳᠤ ᠴᠤᠭᠴᠠ + ᠰᠦᠯᠵᠢᠶᠡᠨ ᠳᠡᠭᠡᠷᠡᠬᠢ︾ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠵᠠᠭᠪᠤᠷ ᠪᠣᠯ ᠬᠦᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ ᠶᠢᠨ ᠠᠵᠢᠯ ᠤᠨ ᠰᠦᠪᠡᠭᠴᠢᠯᠡᠯᠲᠡ ᠳ᠋ᠦᠩᠨᠡᠨᠯᠲᠡ ᠪᠠᠷ ᠳᠠᠮᠵᠢᠨ ᠭᠠᠷᠭᠠᠭᠰᠠᠨ ᠰᠢᠯᠢᠳᠡᠭ ᠵᠠᠭᠪᠤᠷ ᠪᠣᠯᠤᠨ᠎ᠠ᠃ 2022 ᠣᠨ ᠤ ᠡᠴᠦᠰ ᠪᠣᠯᠲᠠᠯ᠎ᠠ᠂ ᠬᠦᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ ᠶᠢᠨ ᠲᠤᠭ᠎ᠠ ᠨᠡᠶᠢᠲᠡ 364 ᠪᠣᠯᠵᠣ᠂ ᠨᠡᠶᠢᠲᠡ 379 ᠲᠠᠷᠢᠶᠠᠯᠠᠩ ᠤᠨ ᠬᠦᠷᠢᠶᠡᠯᠡᠩ ᠲᠣᠭᠤᠷᠢᠭ᠂ ᠰᠠᠭᠤᠷᠢᠨ ᠳᠤ ᠦᠢᠯᠡᠴᠢᠯᠡᠵᠦ᠂ ᠲᠦᠭᠦᠭᠡᠷᠦᠮᠵᠢ ᠶᠢᠨ ᠲᠤᠭ᠎ᠠ ᠨᠢ 15000 ᠶᠢ ᠳᠠᠪᠠᠵᠤ᠂ ᠪᠥᠬᠦ ᠬᠤᠲᠠ ᠶᠢᠨ ᠨᠡᠯᠢᠶᠡᠳ ᠶᠡᠭᠡ ᠬᠡᠪᠴᠢᠶᠠᠨ ᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠪᠠ ᠰᠠᠭᠤᠷᠢᠨ ᠢ ᠦᠨᠳᠦᠰᠦᠨ ᠳᠡᠭᠡᠨ ᠬᠠᠮᠤᠷᠤᠭᠰᠠᠨ ᠪᠠᠶᠢᠨ᠎ᠠ ᠃      ᠣᠶᠢᠯᠠᠭᠠᠭᠰᠠᠨ ᠢᠶᠠᠷ᠂ ᠰᠢᠨᠵᠢᠯᠡᠬᠦ ᠤᠠᠬᠭᠠᠨ ᠲᠧᠭᠨᠢᠭ ᠮᠡᠷᠭᠡᠵᠢᠯ ᠤᠨ ᠤᠨᠴᠠ ᠲᠤᠮᠢᠯᠠᠭᠳᠠᠭᠰᠠᠳ ᠬᠦᠴᠦᠲᠡᠢ ᠳᠡᠮᠵᠢᠯᠭᠡ ᠪᠠᠷ᠂ 2022ᠣᠨ ᠠᠴᠠ ᠨᠠᠭᠠᠰᠢ᠂ ᠬᠥᠬᠡᠬᠤᠲᠠ 900 ᠭᠠᠷᠤᠶ ᠬᠥᠳᠡᠭᠡ ᠲᠤᠰᠬᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ᠂ 2 ᠲᠦᠮᠡ ᠭᠠᠷᠤᠶ ᠬᠥᠮᠦᠨ ᠤ ᠠᠵᠢᠯ ᠣᠯᠭᠤᠯᠲᠠ ᠶᠢ ᠳᠠᠶᠢᠴᠢᠯᠠᠵᠤ ᠂ 6 ᠲᠤᠰᠬᠠᠢ ᠮᠡᠷᠭᠡᠵᠢᠯᠲᠡᠨ ᠤ ᠠᠵᠢᠯᠯᠠᠬᠤ ᠦᠷᠲᠡᠭᠡ ᠶᠢ ᠳᠠᠩᠰᠠᠯᠠᠭᠤᠯᠵᠤ᠂ 2 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ ᠶᠢᠨ ᠠᠵᠢᠯᠯᠠᠬᠤ ᠦᠷᠲᠡᠭᠡ ᠨᠢ ᠥᠪᠡᠷᠲᠡᠭᠡᠨ ᠵᠠᠰᠠᠬᠤ ᠣᠷᠣᠨ ᠤ ᠰᠢᠯᠢᠳᠡᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ ᠶᠢᠨ ᠠᠵᠢᠯᠯᠠᠬᠤ ᠦᠷᠲᠡᠭᠡ ᠪᠠᠷ ᠦᠨᠡᠯᠡᠭᠳᠡᠪᠡ ᠃ ᠲᠡᠷᠡᠴᠢᠯᠡᠨ ᠤᠷᠢᠳ ᠬᠤᠵᠢᠳ 9 ᠬᠤᠰᠢᠭᠤ ᠰᠢᠶᠠᠨ ᠲᠤᠭᠤᠷᠢᠭ ᠲᠤ ᠶᠡᠭᠡ ᠬᠡᠪᠴᠢᠶᠠᠨ ᠤ ᠮᠡᠷᠭᠡᠵᠢᠯ ᠤᠨ ᠪᠣᠯᠪᠠᠰᠤᠷᠠᠯ ᠤᠨ ᠠᠩᠬᠢ ᠶᠢ 30 ᠭᠠᠷᠤᠶ ᠬᠤᠭᠤᠴᠠᠭ᠎ᠠ ᠵᠣᠬᠢᠶᠠᠨ ᠪᠠᠶᠢᠭᠤᠯᠵᠤ ᠂ 2000 ᠭᠠᠷᠤᠶ ᠬᠦᠮᠦᠨ ᠳᠤ ᠪᠤᠯᠪᠠᠰᠤᠷᠠᠯ ᠬᠦᠷᠲᠡᠭᠡᠭᠰᠡᠨ ᠪᠠᠶᠢᠨ᠎ᠠ ᠃ ᠪᠠᠰᠠ ᠲᠤᠬᠠᠢ ᠶᠢᠨ ᠲᠠᠯᠠᠪᠤᠷ ᠲᠤ 3000 ᠭᠠᠷᠤᠢ ᠤᠳᠠᠭ᠎ᠠ ᠮᠡᠷᠭᠡᠵᠢᠯ ᠤᠨ ᠵᠢᠯᠤᠭᠤᠳᠤᠯᠭ᠎ᠠ ᠥᠷᠨᠢᠭᠦᠯᠦᠨ᠂ 2 ᠲᠦᠮᠡ ᠭᠠᠷᠤᠢ ᠲᠠᠷᠢᠶᠠᠴᠢᠨ ᠳᠤ ᠠᠰᠢᠭ ᠬᠦᠷᠲᠡᠭᠡᠵᠦ᠂ ᠲᠠᠷᠢᠶᠠᠴᠢᠨ ᠡᠷᠦᠬᠡ ᠶᠢᠨ ᠰᠢᠨᠵᠢᠯᠡᠬᠦ ᠤᠬᠠᠭᠠᠨᠴᠢ ᠪᠠᠷ ᠲᠠᠷᠢᠵᠤ ᠠᠷᠠᠴᠢᠯᠠᠵᠤ᠂ ᠤᠷᠤᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠵᠠᠢ ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号