ᠬᠠᠪᠤᠷ ᠤᠨ ᠤᠯᠠᠷᠢᠯ  ᠭᠠᠭ᠋ᠠᠢ ᠲᠡᠵᠢᠭᠡᠬᠦ ᠳᠤ ᠬᠢᠵᠢᠭ ᠰᠡᠷᠭᠡᠶᠢᠯᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠢ
ᠨᠡᠶᠢᠲᠡᠯᠡᠭᠰᠡᠨ ᠴᠠᠭ᠄
2023/2/7
      ᠬᠠᠪᠤᠷ ᠤᠨ ᠤᠯᠠᠷᠢᠯ ᠳᠤ ᠠᠭᠠᠷ ᠤᠨ ᠳᠤᠯᠠᠭᠠᠨ ᠠᠭᠠᠵᠢᠮ ᠢᠶᠠᠷ ᠳᠡᠭᠡᠭᠰᠢᠯᠡᠵᠦ᠂ ᠳᠤᠯᠠᠭᠠᠨ ᠤ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠨ᠂ ᠡᠯ᠎ᠡ ᠵᠦᠢᠯ ᠤᠨ ᠡᠪᠡᠳᠴᠢᠨ ᠤ ᠪᠠᠺᠲ᠋ᠧᠷᠢ ᠨᠢ ᠲᠣᠬᠢᠷᠠᠮᠵᠢᠲᠠᠢ ᠳᠤᠯᠠᠭᠠᠨ ᠤ ᠬᠡᠮᠵᠢᠶ᠎ᠡ ᠶᠢ ᠳᠠᠭᠠᠯᠳᠤᠨ ᠶᠡᠭᠡ ᠬᠡᠮᠵᠢᠶ᠎ᠡ ᠪᠠᠷ ᠦᠷᠡᠵᠢᠳᠡᠭ ︔ ᠬᠠᠷᠢᠨ ᠮᠠᠯ ᠵᠢᠭᠦᠷᠲᠡᠨ ᠡᠪᠦᠯᠵᠢᠬᠦ ᠪᠠᠷ ᠳᠡᠮᠵᠢᠨ᠂ ᠪᠡᠶ᠎ᠡ ᠮᠠᠬᠠᠪᠤᠳ ᠤᠨ ᠡᠰᠡᠷᠭᠦᠴᠡᠬᠦ ᠴᠢᠳᠠᠪᠤᠷᠢ ᠨᠢ ᠪᠠᠭᠤᠷᠠᠢ ᠲᠤᠯᠠ ᠡᠪᠡᠳᠴᠢᠨ ᠤ ᠪᠠᠺᠲ᠋ᠧᠷᠢ ᠳᠤ ᠠᠮᠠᠷᠬᠠᠨ ᠬᠠᠯᠳᠠᠪᠤᠷᠢᠯᠠᠭᠳᠠᠳᠠᠭ᠃ ᠬᠠᠪᠤᠷ ᠤᠨ ᠤᠯᠠᠷᠢᠯ ᠪᠣᠯ ᠭᠠᠭ᠋ᠠᠢ ᠶᠢᠨ ᠡᠪᠡᠳᠴᠢᠨ ᠣᠯᠠᠨ ᠡᠭᠦᠰᠳᠡᠭ ᠤᠯᠠᠷᠢᠯ ᠮᠥᠨ᠃ ᠡᠶᠢᠮᠦ ᠠᠴᠠ ᠬᠠᠪᠤᠷ ᠤᠨ ᠤᠯᠠᠷᠢᠯ ᠳᠤ ᠭᠠᠭ᠋ᠠᠢ ᠲᠡᠵᠢᠭᠡᠬᠦ ᠳᠡᠭᠡᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠠᠳᠬᠤᠬᠤ ᠬᠡᠷᠡᠭᠲᠡᠢ ᠃      1.ᠬᠠᠪᠤᠷ ᠤᠨ ᠤᠯᠠᠷᠢᠯ ᠪᠣᠯᠬᠤ ᠠᠴᠠ ᠡᠮᠦᠨ᠎ᠡ ᠂ ᠭᠠᠭ᠋ᠠᠢ ᠶᠢᠨ ᠬᠠᠰᠢᠶ᠎ᠠ ᠶᠢ ᠰᠠᠶᠢᠲᠤᠷ ᠠᠷᠢᠭᠤᠳᠬᠠᠵᠤ ᠂ ᠭᠠᠭ᠋ᠠᠢ ᠶᠢᠨ ᠬᠠᠰᠢᠶ᠎ᠠ ᠶᠢ ᠬᠠᠭᠤᠷᠠᠢ ᠪᠠᠶᠢᠯᠭᠠᠵᠤ ᠂ ᠰᠠᠯᠬᠢ ᠨᠠᠪᠲᠠᠷᠡᠭᠦᠯᠵᠦ ᠂ ᠭᠠᠭ᠋ᠠᠢ ᠶᠢᠨ ᠬᠠᠰᠢᠶ᠎ᠠ ᠶᠢᠨ ᠠᠷᠢᠭᠤᠨ ᠴᠡᠪᠡᠷ ᠢ ᠰᠠᠶᠢᠲᠤᠷ ᠬᠠᠮᠠᠭᠠᠯᠠᠬᠤ ᠬᠡᠷᠡᠭᠲᠡᠢ᠃      2. ᠴᠠᠭ ᠲᠤᠬᠠᠢ ᠳᠤᠨᠢ ᠭᠠᠭ᠋ᠠᠢ ᠳᠤ ᠰᠡᠷᠭᠡᠶᠢᠯᠡᠬᠦ ᠸᠠᠺᠼᠢᠨ ᠤ ᠲᠠᠷᠢᠯᠭ᠎ᠠ ᠬᠢᠬᠦ ᠬᠡᠷᠡᠭᠲᠡᠢ ᠃ ᠭᠠᠭ᠋ᠠᠢ ᠶᠢᠨ ᠬᠢᠵᠢᠭ ᠢ ᠰᠡᠷᠭᠡᠶᠢᠯᠡᠵᠦ ᠪᠣᠯᠤᠨ᠎ᠠ᠃ ᠡᠮᠦᠨᠡᠲᠦ ᠣᠷᠣᠨ ᠤ ᠵᠠᠷᠢᠮ ᠬᠥᠳᠡᠭᠡ ᠲᠣᠰᠬᠤᠨ ᠤ ᠬᠢᠨ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ︾ ᠤᠨ ᠬᠤᠭᠤᠴᠠᠭᠠᠨ ᠳᠤ ᠴᠣᠬᠤᠢ ᠶᠢᠨ ᠤᠰᠤ ᠪᠠᠷ ᠭᠠᠭ᠋ᠠᠢ ᠶᠢᠨ ᠬᠠᠰᠢᠶ᠎ᠠ ᠶᠢᠨ ᠡᠭᠦᠳᠡᠨ ᠳᠡᠭᠡᠷ᠎ᠡ᠂ ᠬᠡᠷᠡᠮ ᠳᠡᠭᠡᠷ᠎ᠡ ᠬᠤᠷᠤᠭᠤᠨ ᠤ ᠣᠷᠣᠮ ᠢᠶᠠᠨ ᠳᠠᠷᠤᠳᠠᠭ᠂ ᠡᠨᠡ ᠨᠢ ᠬᠡᠳᠦᠶᠢᠪᠡᠷ ᠭᠠᠭ᠋ᠠᠢ ᠶᠢᠨ ᠬᠢᠵᠢᠭ ᠢ ᠰᠡᠷᠭᠡᠶᠢᠯᠡᠵᠦ ᠪᠠᠶᠢᠭ᠎ᠠ ᠪᠣᠯᠪᠠᠴᠤ ᠦᠨᠡᠨ ᠳᠡᠭᠡᠨ ᠴᠣᠬᠤᠢ ᠪᠠᠷ ᠭᠠᠭ᠋ᠠᠢ ᠶᠢᠨ ᠬᠠᠰᠢᠶ᠎ᠠ ᠶᠢ ᠠᠷᠢᠭᠤᠳᠬᠠᠬᠤ ᠦᠢᠯᠡᠳᠦᠯ ᠲᠠᠢ ᠶᠤᠮ᠃ ᠴᠣᠬᠤᠢ ᠂ ᠡᠪᠡᠰᠦ ᠮᠣᠳᠣᠨ ᠤ ᠦᠨᠡᠰᠦ ᠪᠠᠷ ᠠᠷᠢᠭᠤᠳᠬᠠᠬᠤ ᠪᠣᠯ ᠨᠢᠭᠡ ᠵᠦᠢᠯ ᠤᠨ ᠳᠥᠭᠦᠮ ᠳᠥᠲᠡ ᠂ ᠪᠦᠲᠦᠮᠵᠢᠲᠡᠶ ᠠᠷᠢᠭᠤᠳᠬᠠᠬᠤ ᠠᠷᠭ᠎ᠠ ᠮᠥᠨ ᠂ ᠦᠷᠭᠦᠯᠵᠢ ᠠᠷᠢᠭᠤᠳᠬᠠᠪᠠᠯ ᠯᠠᠪᠲᠠᠢ ᠰᠠᠶᠢᠨ ᠦᠷ᠎ᠡ ᠳ᠋ᠦᠩ ᠣᠯᠳᠠᠭ ᠃ ᠠᠷᠢᠭᠤᠳᠬᠠᠬᠤ ᠠᠷᠭ᠎ᠠ ᠄ ᠭᠠᠭ᠋ᠠᠢ ᠶᠢᠨ ᠬᠠᠰᠢᠶ᠎ᠠ ᠶᠢ ᠴᠡᠪᠡᠷᠯᠡᠵᠦ ᠂ ᠳᠡᠪᠲᠦᠭᠡᠭᠰᠡᠨ ᠴᠣᠬᠤᠢ ᠶᠢᠨ ᠤᠰᠤ ᠪᠤᠶᠤ ᠡᠪᠡᠰᠦ ᠮᠣᠳᠣᠨ ᠤ ᠦᠨᠡᠰᠦ ᠶᠢ ᠭᠠᠭ᠋ᠠᠢ ᠶᠢᠨ ᠬᠠᠰᠢᠶ᠎ᠠ ᠳᠤ ᠰᠦᠷᠴᠢᠵᠦ ᠂ ᠬᠠᠰᠢᠶ᠎ᠠ ᠶᠢᠨ ᠳᠣᠲᠣᠷᠠᠬᠢ ᠴᠣᠬᠤᠢ ᠶᠢᠨ ᠤᠰᠤ ᠶᠢ ᠬᠠᠲᠠᠭᠠᠭᠰᠠᠨ ᠤ ᠳᠠᠷᠠᠭ᠎ᠠ ᠬᠠᠭᠤᠷᠠᠢ ᠡᠪᠡᠰᠦ ᠳᠡᠪᠢᠰᠦᠨ᠎ᠡ ᠃ ᠡᠭᠦᠨ ᠠᠴᠠ ᠭᠠᠳᠠᠨ᠎ᠠ ᠂ ᠬᠠᠰᠢᠶ᠎ᠠ ᠳᠣᠲᠣᠷ᠎ᠠ ᠪᠠᠨ ᠦᠷᠭᠦᠯᠵᠢ ᠬᠠᠭᠤᠷᠠᠢ ᠴᠣᠬᠤᠢ ᠪᠤᠶᠤ ᠡᠪᠡᠰᠦ ᠮᠣᠳᠣᠨ ᠤ ᠦᠨᠡᠰᠦ ᠰᠠᠴᠤᠵᠤ ᠪᠣᠯᠣᠨ᠎ᠠ ᠃ ᠢᠩᠭᠢᠵᠦ ᠠᠷᠢᠭᠤᠳᠬᠠᠬᠤ ᠨᠢ ᠡᠪᠡᠳᠴᠢᠨ ᠢ ᠰᠡᠷᠭᠡᠶᠢᠯᠡᠵᠦ ᠪᠣᠯᠬᠤ ᠮᠥᠷᠲᠡᠭᠡᠨ ᠪᠠᠰᠠ ᠪᠣᠷᠳᠣᠭᠤᠷ ᠴᠤ  ᠪᠤᠯᠵᠦ  ᠪᠤᠯᠳᠠᠭ ᠃      3.ᠪᠣᠷᠳᠣᠭᠤᠷ ᠴᠤᠭᠯᠠᠭᠤᠯᠤᠭᠰᠠᠨ ᠭᠠᠭ᠋ᠠᠢ ᠶᠢᠨ ᠬᠠᠰᠢᠶ᠎ᠠ ᠳᠤ ᠦᠷᠭᠦᠯᠵᠢ ᠡᠪᠡᠰᠦ ᠳᠡᠪᠢᠰᠴᠦ ᠂ ᠦᠷᠭᠦᠯᠵᠢ ᠢᠯᠭᠠᠳᠠᠰᠤ ᠪᠠᠨ ᠭᠠᠷᠭᠠᠵᠤ ᠂ ᠢᠯᠭᠠᠳᠠᠰᠤᠨ ᠡᠪᠡᠰᠦ ᠬᠡᠲᠦᠷᠬᠡᠢ ᠠᠷᠪᠢᠳᠠᠭᠠᠳ ᠢᠰᠬᠦ ᠠᠴᠠ ᠵᠠᠶᠢᠯᠠᠰᠬᠢᠵᠦ ᠂ ᠭᠠᠭ᠋ᠠᠢ ᠶᠢᠨ ᠬᠠᠰᠢᠶ᠎ᠠ ᠶᠢᠨ ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ ︵ ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠬᠦ ᠨᠢ ᠡᠪᠡᠳᠴᠢᠨ ᠤ ᠪᠠᠺᠲ᠋ᠧᠷᠢ ᠶᠢ ᠦᠷᠡᠵᠢᠭᠦᠯᠬᠦ ᠳᠤ ᠠᠰᠢᠭᠲᠠᠢ ︶ ᠃ ᠬᠡᠷᠪᠡ ᠢᠯᠭᠠᠳᠠᠰᠤ ᠠᠷᠪᠢᠳᠪᠠᠯ ᠭᠠᠭ᠋ᠠᠢ ᠶᠢᠨ ᠰᠠᠷᠠᠪᠴᠢ ᠶᠢᠨ ᠳᠤᠯᠠᠭᠠᠨ ᠤ ᠬᠡᠮᠵᠢᠶ᠎ᠡ ᠳᠡᠭᠡᠭᠰᠢᠯᠡᠨ ᠂ ᠴᠢᠭᠢᠭ ᠤᠨ ᠬᠡᠮᠵᠢᠶ᠎ᠡ ᠶᠡᠬᠡᠰᠴᠦ ᠂ ᠭᠠᠭ᠋ᠠᠢ ᠶᠢᠨ ᠨᠠᠮᠤᠰᠦ ᠡᠪᠡᠳᠴᠢᠨ ᠳᠤ ᠠᠮᠠᠷᠬᠠᠨ ᠨᠡᠷᠪᠡᠭᠳᠡᠨ᠎ᠡ ᠃      4. ᠬᠠᠪᠤᠷ ᠤᠨ ᠤᠯᠠᠷᠢᠯ ᠳᠤ ᠠᠭᠠᠷ ᠤᠨ ᠳᠤᠯᠠᠭᠠᠨ ᠬᠤᠪᠢᠷᠠᠯᠲᠠ ᠲᠠᠢ ᠪᠣᠯᠪᠠᠯ᠂ ᠰᠠᠯᠬᠢ ᠨᠡᠪᠲᠡᠷᠡᠬᠦ ᠭᠠᠵᠠᠷ ᠢ ᠰᠠᠶᠢᠲᠤᠷ ᠪᠥᠭᠯᠡᠵᠦ᠂ ᠬᠦᠢᠲᠡᠨ ᠠᠭᠠᠷ ᠭᠠᠭ᠋ᠠᠢ ᠶᠢᠨ ᠬᠠᠰᠢᠶ᠎ᠠ ᠳᠤ ᠤᠷᠤᠭᠰᠠᠨ ᠡᠴᠡ ᠪᠤᠯᠵᠦ ᠭᠠᠭ᠋ᠠᠢ ᠳᠤ ᠲᠠᠭᠰᠢᠭᠤᠷ ᠲᠤ ᠨᠡᠷᠪᠡᠭᠳᠡᠬᠦ ᠠᠴᠠ ᠰᠡᠷᠭᠡᠶᠢᠯᠡᠬᠦ ᠬᠡᠷᠡᠭᠲᠡᠢ᠃      5.ᠬᠠᠪᠤᠷ ᠤᠨ ᠤᠯᠠᠷᠢᠯ ᠳᠤ ᠲᠣᠷᠣᠢ ᠶᠢᠨ ᠲᠣᠮᠣᠭᠤ ᠬᠢᠵᠢᠭ ᠢ ᠰᠡᠷᠭᠡᠶᠢᠯᠡᠬᠦ ᠶᠢ ᠣᠨᠴᠠ ᠠᠩᠬᠠᠷᠬᠤ ᠬᠡᠷᠡᠭᠲᠡᠢ ᠃ ᠬᠦᠢᠲᠡᠨ ᠬᠠᠯᠠᠭᠤᠨ ᠤ ᠬᠤᠪᠢᠷᠠᠯᠲᠠ ᠶᠡᠬᠡᠲᠡᠢ ᠴᠠᠭ ᠠᠭᠤᠷ ᠤᠨ ᠦᠶ᠎ᠡ ᠳᠤ ᠲᠤᠷᠤᠢ ᠶᠢᠨ ᠠᠷᠠᠴᠢᠯᠠᠯᠲᠠ ᠶᠢ ᠴᠢᠩᠭᠠᠳᠬᠠᠬᠤ ᠬᠡᠷᠡᠭᠲᠡᠢ ᠃ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号