ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽2023 ᠣᠨ ᠤ ᠪᠥᠬᠦ ᠣᠷᠣᠨ ᠤ ᠲᠤᠰᠬᠠᠢ ᠮᠡᠷᠭᠡᠵᠢᠯᠲᠡᠨ ᠤ | ᠦᠷᠭᠦᠯᠵᠢᠯᠡᠭᠰᠡᠨ ᠰᠤᠷᠭᠠᠨ ᠬᠥᠮᠦᠵᠢᠯ ᠤᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ | ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ | ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠰᠢᠰᠲ᠋ᠧᠮ ᠤᠨ ᠬᠠᠷᠢᠶ᠎ᠠ ᠠᠵᠢᠯ ᠦᠢᠯᠡᠰ ᠤᠨ | ᠨᠢᠭᠡᠴᠢ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠪᠤᠯᠪᠠᠰᠤᠷᠠᠯ ᠤᠨ | ᠠᠩᠭᠢ 2 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ ᠪᠤᠯᠪᠠᠰᠤᠷᠠᠯ ᠡᠬᠢᠯᠡᠪᠡ᠃ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ | ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ᠤᠨ ᠳᠠᠷᠤᠭ᠎ᠠ ᠵᠧᠩ ᠹᠧᠩ ᠵᠥᠩ ᠰᠤᠷᠤᠯᠭ᠎ᠠ ᠡᠬᠢᠯᠡᠬᠦ | ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠤᠷᠭᠠᠨ ᠬᠥᠮᠦᠵᠢᠯ ᠤᠨ ᠪᠤᠯᠪᠠᠰᠤᠷᠠᠯ ᠤᠨ | ᠭᠠᠵᠠᠷ ᠤᠨ ᠳᠠᠷᠤᠭ᠎ᠠ ᠪᠠᠨ ᠢ ᠴᠧᠩ ᠡᠷᠭᠢᠯᠡᠵᠦ᠂ ᠳᠡᠳ᠋ ᠭᠠᠵᠠᠷ ᠤᠨ ᠳᠠᠷᠤᠭ᠎ᠠ ᠱᠢ ᠶᠦᠨ ᠹᠧᠩ ᠣᠷᠣᠯᠴᠠᠵᠠᠢ᠃ | ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠂ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ᠤᠨ ᠳᠠᠷᠤᠭ᠎ᠠ ᠵᠧᠩ | ᠹᠧᠩ ᠵᠦᠩ ᠺᠠᠳ᠋ᠷᠴᠤᠳ ᠤᠨ ᠠᠵᠢᠯ ᠬᠢᠬᠦ ᠶᠢ ᠵᠣᠷᠢᠭᠵᠢᠭᠤᠯᠬᠤ ᠂ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ | ᠲᠠᠯ᠎ᠠ ᠪᠠᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠤᠯᠤᠰ ᠲᠦᠷᠦ ᠶᠢᠨ ᠬᠡᠪ ᠪᠣᠯᠪᠠᠰᠤᠷᠠᠯ ᠢᠶᠠᠨ | ᠳᠡᠭᠡᠭᠰᠢᠯᠡᠭᠦᠯᠬᠦ ᠬᠡᠷᠡᠭᠲᠡᠢ︔ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠬᠤ ᠂ ᠰᠤᠷᠤᠯᠴᠠᠯᠭ᠎ᠠ ᠪᠠᠨ ᠴᠢᠩᠭᠠᠳᠬᠠᠬᠤ | ᠪᠠ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠂ ᠰᠤᠷᠤᠯᠴᠠᠯᠭ᠎ᠠ ᠶᠢᠨ ᠪᠦᠲᠦᠮᠵᠢᠲᠦ ᠴᠢᠨᠠᠷ ᠢ ᠨᠡᠮᠡᠭᠳᠡᠭᠦᠯᠬᠦ ᠵᠡᠷᠭᠡ | ᠭᠤᠷᠪᠠᠨ ᠲᠠᠯ᠎ᠠ ᠪᠠᠷ ᠶᠠᠷᠢᠶ᠎ᠠ ᠲᠠᠯᠪᠢᠪᠠ ᠃ ᠲᠠᠷᠢᠶᠠᠯᠠᠩ ᠮᠠᠯ ᠠᠵᠤ ᠠᠬᠤᠢ ᠶᠢᠨ ᠰᠢᠷᠢᠰ ᠲᠤᠰᠬᠠᠢ ᠮᠡᠷᠭᠡᠵᠢᠯᠲᠡᠨ ᠤ | ᠦᠷᠭᠦᠯᠵᠢᠯᠡᠭᠰᠡᠨ ᠰᠤᠷᠭᠠᠨ ᠬᠥᠮᠦᠵᠢᠯ ᠤᠨ ᠴᠢᠬᠤᠯᠠ ᠴᠢᠨᠠᠷ ᠢ ᠴᠢᠬᠤᠯᠠᠴᠢᠯᠠᠵᠤ᠂ ᠰᠤᠷᠤᠭᠴᠢᠳ ᠤᠨ ᠣᠳᠣᠬᠠᠨ ᠤ | ᠡᠨᠡ ᠬᠦ ᠠᠰᠢᠭᠲᠠᠢ ᠴᠠᠭ ᠲᠣᠬᠢᠶᠠᠯ ᠢ ᠴᠢᠩᠭ᠎ᠠ ᠠᠳᠬᠤᠨ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ | ᠠᠬᠤᠢ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ ᠂ ᠰᠢᠨ᠎ᠡ ᠠᠶᠠᠨ ᠵᠠᠮ ᠢᠶᠠᠨ ᠴᠢᠷᠮᠠᠶᠢᠨ ᠡᠬᠢᠯᠡᠭᠦᠯᠬᠦ ᠶᠢ ᠬᠦᠰᠡᠵᠦ ᠪᠠᠶᠢᠨ᠎ᠠ ᠭᠡᠵᠡᠢ᠃ | | | | ᠲᠣᠰ ᠤᠳᠠᠭᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠪᠤᠯᠪᠠᠰᠤᠷᠠᠯ ᠳᠤ ᠲᠤᠰᠬᠠᠢ ᠮᠡᠷᠭᠡᠵᠢᠯ ᠤᠨ | ᠬᠢᠴᠢᠶᠡᠯ ᠲᠥᠷᠥᠯ ᠪᠠ ᠨᠡᠶᠢᠲᠡ ᠶᠢᠨ ᠬᠡᠷᠡᠭᠴᠡᠭᠡᠨ ᠤ ᠬᠢᠴᠢᠶᠡᠯ ᠲᠥᠷᠥᠯ ᠤᠨ ᠰᠤᠷᠤᠯᠴᠠᠯᠭ᠎ᠠ ᠪᠠᠭᠲᠠᠨ᠎ᠠ᠃ ᠲᠤᠰᠬᠠᠢ | ᠮᠡᠷᠭᠡᠵᠢᠯ ᠤᠨ ᠬᠢᠴᠢᠶᠡᠯ ᠲᠥᠷᠥᠯ ᠤᠨ ᠰᠦᠯᠵᠢᠶᠡᠨ ᠭᠠᠳᠠᠨᠠᠬᠢ ᠪᠤᠯᠪᠠᠰᠤᠷᠠᠯ ᠳᠤ ᠨᠡᠶᠢᠲᠡ 60 ᠬᠢᠴᠢᠶᠡᠯ ᠤᠨ ᠴᠠᠭ | ᠲᠣᠬᠢᠷᠠᠭᠤᠯᠵᠤ᠂ ᠨᠡᠶᠢᠲᠡ ᠶᠢᠨ ᠬᠡᠷᠡᠭᠴᠡᠭᠡᠨ ᠤ ᠬᠢᠴᠢᠶᠡᠯ 30 ᠬᠢᠴᠢᠶᠡᠯ ᠤᠨ ᠴᠠᠭ ᠢ ᠰᠦᠯᠵᠢᠶᠡᠨ ᠳᠡᠭᠡᠷᠡᠬᠢ ᠠᠷᠭ᠎ᠠ | ᠮᠠᠶ᠋ᠢᠭ ᠢᠶᠠᠷ ᠬᠠᠮᠲᠤ ᠳᠤ ᠨᠢ ᠶᠠᠪᠤᠭᠳᠠᠭᠤᠯᠪᠠ ᠃ ᠲᠤᠰᠬᠠᠢ ᠮᠡᠷᠭᠡᠵᠢᠯ ᠤᠨ ᠬᠢᠴᠢᠶᠡᠯ ᠲᠥᠷᠥᠯ ᠤᠨ ᠪᠣᠯᠪᠠᠰᠤᠷᠠᠯ ᠨᠢ | ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ᠂ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠪᠠ ᠵᠠᠰᠠᠯᠲᠠ ᠵᠡᠷᠭᠡ | ᠠᠰᠠᠭᠤᠳᠠᠯ ᠳᠤ ᠴᠢᠭᠯᠡᠭᠦᠯᠦᠨ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ | ᠲᠢᠩᠬᠢᠮ ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠰᠤᠷᠭᠠᠭᠤᠯᠢ ᠪᠤᠯᠤᠨ ᠦᠪᠦᠷ | ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠳᠤᠷᠢᠳᠬᠤ ᠺᠠᠳ᠋ᠷ ᠢ ᠣᠨᠴᠠᠭᠠᠶᠢᠯᠠᠨ ᠤᠷᠢᠵᠤ᠂ | ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠡᠵᠡᠮᠰᠢᠬᠦ ᠶᠢᠨ ᠭᠤᠣᠯ ᠠᠭᠤᠯᠭ᠎ᠠ ᠪᠠ | ᠦᠢᠯᠡᠳᠦᠯᠭᠡ ᠶᠢᠨ ᠱᠠᠭᠠᠷᠳᠠᠯᠭ᠎ᠠ︾ ᠂ ︽ ᠶᠡᠷᠦᠩᠬᠡᠢ ᠱᠦᠵᠢ ᠱᠢ ᠶᠢᠨ ᠫᠢᠩ ᠤᠨ ᠴᠢᠳᠠᠪᠤᠷᠢᠲᠠᠨ ᠤ ᠲᠤᠬᠠᠢ ᠴᠢᠬᠤᠯᠠ | ᠦᠭᠦᠯᠡᠯᠲᠡ ᠪᠠᠷ ᠴᠢᠳᠠᠪᠤᠷᠢᠲᠠᠨ ᠤ ᠠᠵᠢᠯ ᠤᠨ ᠴᠢᠨᠠᠷ ᠰᠠᠶᠢᠲᠠᠢ ᠬᠦᠭᠵᠢᠯᠲᠡ ᠶᠢ ᠬᠦᠲᠦᠯᠦᠨ ᠳᠠᠭᠠᠭᠤᠯᠬᠤ︾ ᠂ | ︽ᠲᠠᠷᠢᠶᠠᠯᠠᠩ ᠤᠨ ᠴᠢᠨᠠᠷ ᠰᠠᠶᠢᠲᠠᠢ ᠬᠦᠭᠵᠢᠯᠲᠡ ᠶᠢᠨ ᠲᠤᠬᠠᠢ ᠪᠤᠳᠤᠯᠭᠠᠰᠢᠷᠠᠯ︾᠂ ︽ᠳᠤᠤᠷ᠎ᠠ | ᠨᠡᠭᠦᠷᠦᠰᠦᠲᠦᠷᠦᠭᠴᠢᠲᠦ ᠮᠠᠯ ᠠᠵᠤ ᠠᠬᠤᠢ ᠬᠢᠭᠡᠳ ᠲᠡᠵᠢᠭᠡᠨ ᠦᠷᠡᠵᠢᠭᠦᠯᠬᠦ ᠤᠷᠴᠢᠨ ᠲᠤᠭᠤᠷᠢᠨ︾ ᠂ | ︽ᠲᠠᠷᠢᠶᠠᠯᠠᠩ ᠳᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠶᠢᠨ ᠨᠡᠭᠦᠷᠡᠰᠦᠲᠥ᠋ᠷᠥᠭᠴᠢ ᠶᠢᠨ ᠤᠷᠭᠢᠯ | ᠨᠡᠭᠦᠷᠦᠰᠦᠲᠦᠷᠦᠭᠴᠢ ᠶᠢ ᠰᠠᠭᠠᠷᠮᠠᠭᠵᠢᠭᠤᠯᠬᠤ ᠴᠢᠬᠤᠯᠠ ᠦᠢᠯᠡᠳᠦᠯ ᠢ ᠬᠡᠷᠡᠭᠯᠡᠬᠦ︾᠂ ︽ᠲᠠᠷᠢᠶᠠᠴᠢᠳ ᠲᠤ ᠠᠰᠢᠭ | ᠬᠦᠷᠲᠡᠭᠡᠬᠦ ᠲᠦᠷᠦ ᠶᠢᠨ ᠪᠣᠳᠣᠯᠭ᠎ᠠ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ︾ ᠵᠡᠷᠭᠡ ᠬᠢᠴᠢᠶᠡᠯ ᠢ | ᠵᠢᠭᠠᠨ ᠰᠤᠷᠭᠠᠪᠠ᠂ ᠡᠭᠦᠨ ᠤ ᠬᠠᠮᠲᠤ ︽ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ︾᠂ | ︽ ᠬᠠᠤᠯᠢ ᠴᠠᠭᠠᠵᠠ ᠶᠢᠨ ᠰᠠᠭᠤᠷᠢ ᠮᠡᠳᠡᠯᠭᠡ ᠬᠢᠭᠡᠳ ᠬᠥᠳᠡᠭᠡ ᠲᠣᠰᠬᠤᠨ ᠤ ᠬᠠᠤᠯᠢ ᠲᠣᠭᠲᠠᠭᠠᠯ ︾ ᠂ | ︽ᠲᠠᠷᠢᠮᠠᠯ ᠤᠨ ᠡᠰᠢ ᠰᠦᠷᠡᠯ ᠢ ᠪᠤᠷᠳᠤᠭᠤᠷᠵᠢᠭᠤᠯᠤᠨ ᠬᠡᠷᠡᠭᠯᠡᠬᠦ ᠮᠡᠷᠭᠡᠵᠢᠯ ︾ ᠪᠠ ︽ ᠣᠷᠴᠢᠯ ᠲᠠᠷᠢᠶᠠᠯᠠᠩ ᠤᠨ | ᠬᠡᠷᠡᠭᠯᠡᠭᠡᠨ ᠤ ᠮᠡᠷᠭᠡᠵᠢᠯ ︾ ᠵᠡᠷᠭᠡ ᠬᠢᠴᠢᠶᠡᠯ ᠢ ᠥᠪᠡᠰᠦᠪᠡᠨ ᠰᠤᠷᠬᠤ ᠪᠠᠷ ᠲᠤᠬᠢᠷᠠᠭᠤᠯᠵᠠᠢ᠃ ᠪᠣᠯᠪᠠᠰᠤᠷᠠᠯ | ᠳᠠᠭᠤᠰᠤᠭᠰᠠᠨ ᠤ ᠳᠠᠷᠠᠭ᠎ᠠ᠂ ᠪᠣᠯᠪᠠᠰᠤᠷᠠᠯ ᠳᠤ ᠣᠷᠣᠯᠴᠠᠭᠰᠠᠨ ᠪᠤᠶ ᠪᠦᠬᠦᠢ ᠲᠤᠰᠬᠠᠢ ᠮᠡᠷᠭᠡᠵᠢᠯᠲᠡᠳ ᠠᠵᠢᠯᠲᠠᠳ | ᠰᠢᠯᠭᠠᠯᠲᠠ ᠳᠤ ᠤᠷᠤᠯᠴᠠᠵᠠᠢ ᠃ | ᠲᠣᠰ ᠤᠳᠠᠭᠠᠨ ᠤ ᠪᠤᠯᠪᠠᠰᠤᠷᠠᠯ ᠢᠶᠠᠷ ᠳᠡᠮᠵᠢᠨ᠂ ᠪᠤᠯᠪᠠᠰᠤᠷᠠᠯ ᠳᠤ ᠣᠷᠣᠯᠴᠠᠭᠰᠠᠨ ᠰᠤᠷᠤᠭᠴᠢᠳ | ᠲᠤᠰᠬᠠᠢ ᠮᠡᠷᠭᠡᠵᠢᠯ ᠤᠨ ᠮᠡᠳᠡᠯᠭᠡ ᠪᠠᠨ ᠰᠢᠨᠡᠳᠬᠡᠵᠦ᠂ ᠰᠢᠨ᠎ᠡ ᠣᠨᠣᠯ᠂ ᠰᠢᠨ᠎ᠡ ᠮᠡᠳᠡᠯᠭᠡ᠂ ᠰᠢᠨ᠎ᠡ ᠮᠡᠷᠭᠡᠵᠢᠯ᠂ | ᠰᠢᠨ᠎ᠡ ᠮᠡᠳᠡᠭᠡ ᠵᠠᠩᠭᠢ ᠶᠢ ᠡᠵᠡᠮᠰᠢᠨ᠂ ᠮᠡᠳᠡᠯᠭᠡ ᠶᠢᠨ ᠪᠦᠲᠦᠴᠡ ᠪᠠᠨ ᠰᠠᠶᠢᠵᠢᠷᠠᠭᠤᠯᠤᠭᠰᠠᠨ ᠪᠠᠶᠢᠨ᠎ᠠ᠃ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠰᠢᠰᠲ᠋ᠧᠮ ᠤᠨ ᠬᠠᠷᠢᠶ᠎ᠠ ᠠᠵᠢᠯ | ᠦᠢᠯᠡᠰ ᠤᠨ ᠨᠢᠭᠡᠴᠢ ᠶᠢᠨ ᠲᠤᠰᠬᠠᠢ ᠮᠡᠷᠭᠡᠵᠢᠯᠲᠡᠨ ᠤ ᠶᠡᠷᠦᠩᠬᠡᠶᠢᠯᠡᠭᠰᠡᠨ ᠬᠡᠪ ᠪᠤᠯᠪᠠᠰᠤᠨ ᠴᠢᠨᠠᠷ ᠢ ᠳᠡᠭᠡᠭᠰᠢᠯᠡᠭᠦᠯᠵᠦ᠂ | ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠥᠨᠳᠥᠷ ᠬᠡᠪ ᠴᠢᠨᠠᠷ ᠪᠦᠬᠦᠢ ᠲᠤᠰᠬᠠᠢ ᠮᠡᠷᠭᠡᠵᠢᠯ ᠤᠨ | ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ᠂ ᠰᠢᠨ᠎ᠡ ᠴᠠᠭ ᠦᠶ᠎ᠡ ᠶᠢᠨ ︽ᠮᠠᠯ ᠠᠵᠤ ᠠᠬᠤᠢ ᠲᠠᠷᠢᠶᠠᠯᠠᠩ ᠮᠠᠯᠵᠢᠬᠤ | ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃ | | ᠲᠣᠰ ᠤᠳᠠᠭᠠᠨ ᠤ ᠪᠤᠯᠪᠠᠰᠤᠷᠠᠯ ᠨᠢ 2023 ᠣᠨ ᠤ 2 ᠰᠠᠷ᠎ᠠ ᠶᠢᠨ 18 ᠤ ᠡᠳᠦᠷ ᠠᠴᠠ ᠡᠬᠢᠯᠡᠵᠦ 2 | ᠰᠠᠷ᠎ᠠ ᠶᠢᠨ 26 ᠤ ᠡᠳᠦᠷ ᠳᠠᠭᠤᠰᠪᠠ ᠂ ᠣᠨᠣᠯ ᠤᠨ ᠰᠤᠷᠤᠯᠴᠠᠯᠭ᠎ᠠ ᠪᠠ ᠥᠪᠡᠰᠦᠪᠡᠨ ᠰᠤᠷᠤᠯᠴᠠᠬᠤ ᠶᠢ | ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ 9 ᠡᠳᠦᠷ ᠤᠨ ᠬᠤᠭᠤᠴᠠᠭ᠎ᠠ ᠲᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ | ᠲᠢᠩᠬᠢᠮ ᠤᠨ ᠰᠢᠰᠲ᠋ᠧᠮ ᠤᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠲᠤᠰᠬᠠᠢ ᠮᠡᠷᠭᠡᠵᠢᠯᠲᠡᠨ ᠤ | ᠦᠷᠭᠦᠯᠵᠢᠯᠡᠭᠰᠡᠨ ᠰᠤᠷᠭᠠᠨ ᠬᠥᠮᠦᠵᠢᠯ ᠤᠨ ᠪᠤᠯᠪᠠᠰᠤᠷᠠᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ 7 ᠬᠠᠷᠢᠶ᠎ᠠ ᠨᠢᠭᠡᠴᠢ ᠶᠢᠨ ᠨᠡᠶᠢᠲᠡ | 366 ᠲᠤᠰᠬᠠᠢ ᠮᠡᠷᠭᠡᠵᠢᠯᠲᠡᠨ ᠣᠷᠣᠯᠴᠠᠵᠠᠢ᠃ | | |