ᠰᠠᠭᠠᠯᠢ ᠶᠢᠨ ᠦᠨᠦᠷ ᠬᠠᠨᠭ᠍ᠬᠤᠯᠤᠬᠰᠠᠨ ᠴᠠᠭᠠᠨ‌ᠢᠳᠡᠭᠡᠨ ᠤ ᠦᠪᠡᠳᠡᠭᠰᠢ ᠴᠤᠭᠯᠠᠭᠠᠨ
ᠨᠡᠶᠢᠲᠡᠯᠡᠭᠰᠡᠨ ᠴᠠᠭ᠄
2023/3/1
      ᠤᠷᠴᠢᠮᠬᠠᠨ᠂ ᠰᠢᠯᠢ ᠶᠢᠨ ᠭᠤᠤᠯ ᠠᠶᠢᠮᠠᠭ ᠤᠨ ᠭᠤᠷᠪᠠᠳᠤᠭᠠᠷ ᠬᠤᠭᠤᠴᠠᠭᠠᠨ ᠤ ︽ᠰᠢᠯᠢ ᠶᠢᠨ ᠭᠤᠤᠯ ᠴᠠᠭᠠᠨ ᠢᠳᠡᠭᠡᠨ︾ ᠠᠮᠳᠠᠳᠤ ᠢᠳᠡᠭᠡᠨ ᠤ ᠰᠢᠯᠭᠠᠷᠠᠭᠤᠯᠤᠯᠳᠠ ᠵᠢᠴᠢ ᠬᠤᠶᠠᠳᠤᠭᠠᠷ ᠬᠤᠭᠤᠴᠠᠭᠠᠨ ᠤ ᠰᠢᠯᠤᠭᠤᠨ ᠬᠦᠪᠡᠭᠡᠳᠤ ᠴᠠᠭᠠᠨ ᠬᠤᠰᠢᠭᠤᠨ ᠤ ᠴᠠᠭᠠᠨ ᠢᠳᠡᠭᠡᠨ ᠤ ᠰᠤᠶᠤᠯ ᠤᠨ ᠨᠠᠶᠢᠷ ᠰᠢᠯᠤᠭᠤᠨ ᠬᠦᠪᠡᠭᠡᠳᠤ ᠴᠠᠭᠠᠨ ᠬᠤᠰᠢᠭᠤᠨ ᠤ ᠮᠢᠩᠭᠠᠳᠤ ᠪᠠᠯᠭᠠᠰᠤᠨ᠎ᠠ ᠨᠢᠵᠢᠭᠢᠷ ᠰᠠᠶᠢᠬᠠᠨ ᠪᠤᠯᠤᠯ᠎ᠠ᠃      ᠲᠤᠰ ᠤᠳᠠᠭᠠᠨ ᠤ ᠠᠵᠢᠯᠯᠠᠭᠠᠨ ᠤ ᠶᠠᠪᠤᠴᠠ ᠳᠤ ᠂ ᠰᠢᠯᠢ ᠶᠢᠨ ᠭᠤᠤᠯ ᠠᠶᠢᠮᠠᠭ ᠤᠨ ᠤᠯᠠᠮᠵᠢᠯᠠᠯᠳᠤ ᠴᠠᠭᠠᠨ ᠢᠳᠡᠭᠡᠨ ᠤ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠪᠦᠬᠦ ᠭᠡᠰᠢᠭᠦᠳ ᠤᠨ ᠶᠡᠭᠡ ᠬᠤᠷᠠᠯ᠂ ᠰᠢᠯᠤᠭᠤᠨ ᠬᠦᠪᠡᠬᠡᠳᠤ ᠴᠠᠭᠠᠨ ᠬᠤᠭᠤᠴᠠᠭᠠᠨ ᠤ ᠤᠨᠴᠠᠯᠢᠭᠳᠤ ᠠᠵᠤ ᠠᠬᠤᠶᠢᠯᠠᠯ ᠤᠨ ᠬᠤᠯᠪᠤᠭ᠎ᠠ ᠶᠢᠨ ᠨᠡᠭᠡᠭᠡᠯᠳᠡ᠂ ᠤᠯᠠᠮᠵᠢᠯᠠᠯᠳᠤ ᠴᠠᠭᠠᠨ ᠢᠳᠡᠭᠡᠨ ᠤ ᠠᠵᠤ ᠦᠢᠯᠡᠰ ᠤᠨ ᠲᠤᠬᠠᠢ ᠶᠢᠨ ᠲᠠᠯᠠᠪᠠᠢ ᠶᠢᠨ ᠦᠵᠡᠭᠦᠯᠭᠡ ᠬᠢᠭᠡᠳ ᠴᠠᠭᠠᠨ ᠢᠳᠡᠭᠡᠨ ᠤ ᠪᠦᠲᠦᠭᠡᠭᠳᠡᠭᠦᠨ ᠤ ᠲᠡᠯᠭᠡᠨ ᠦᠵᠡᠭᠦᠯᠭᠡ ᠬᠢᠭᠡᠳ ᠠᠳᠠᠯᠢᠳᠬᠠᠨ ᠰᠢᠯᠭᠠᠷᠠᠭᠤᠯᠤᠯᠳᠠ᠂ ᠴᠠᠭᠠᠨ ᠢᠳᠡᠭᠡᠨ ᠤ ᠪᠦᠲᠦᠭᠡᠭᠳᠡᠭᠦᠨ ᠤ ᠪᠤᠭᠤᠳᠠᠯ ᠪᠠᠭᠯᠠᠭ᠎ᠠ ᠶᠢ ᠲᠦᠰᠦᠪᠯᠡᠬᠦ ᠪᠤᠯᠤᠨ ᠪᠤᠷᠤᠯᠠᠭᠤᠯᠤᠯᠳᠠ ᠰᠤᠷᠳᠠᠯᠴᠢᠯᠠᠭ᠎ᠠ ᠶᠢᠨ ᠠᠳᠠᠯᠢᠳᠬᠠᠨ ᠰᠢᠯᠭᠠᠷᠠᠭᠤᠯᠤᠯᠳᠠ ᠵᠡᠷᠭᠡ ᠰᠤᠳᠤᠯᠭ᠎ᠠ ᠰᠤᠯᠢᠯᠴᠠᠭ᠎ᠠ ᠪᠡ ᠰᠢᠯᠭᠠᠷᠠᠭᠤᠯᠤᠯᠳᠠ ᠶᠢᠨ ᠠᠭᠤᠯᠭ᠎ᠠ ᠪᠦᠬᠦᠢ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠵᠠᠢ᠃ ᠡᠨᠡ ᠨᠢ ᠰᠢᠯᠢ ᠶᠢᠨ ᠭᠤᠤᠯ ᠠᠶᠢᠮᠠᠭ ᠤᠨ ᠰᠦ ᠶᠢᠨ ᠠᠵᠤ ᠦᠢᠯᠡᠰ ᠤᠨ ᠴᠢᠨᠠᠷ ᠰᠠᠶᠢᠲᠠᠢ ᠬᠦᠭᠵᠢᠯᠲᠡ ᠳᠤ ᠰᠤᠯᠢᠯᠴᠠᠭ᠎ᠠ ᠬᠠᠷᠢᠯᠴᠠᠭᠠᠨ ᠤ ᠰᠢᠨ᠎ᠡ ᠲᠠᠪᠴᠠᠩ ᠬᠠᠨᠭ᠍ᠭᠠᠬᠤ ᠶᠢᠨ ᠬᠠᠮᠳᠤ ᠪᠦᠬᠦᠶᠢᠯᠡ ᠰᠢᠯᠢ ᠶᠢᠨ ᠭᠤᠤᠯ ᠠᠶᠢᠮᠠᠭ ᠤᠨ ᠰᠦ ᠶᠢᠨ ᠠᠵᠤ ᠦᠢᠯᠡᠰ ᠤᠨ ᠬᠡᠪᠴᠢᠶᠡᠵᠢᠭᠰᠡᠨ᠂ ᠲᠦᠷᠢᠮᠵᠢᠭᠰᠡᠨ᠂ ᠤᠯᠠᠨ ᠡᠰᠢᠵᠢᠭᠰᠡᠨ᠂ ᠵᠠᠬ᠎ᠠ ᠲᠡᠯᠭᠡᠭᠦᠷᠴᠢᠯᠡᠭᠰᠡᠨ ᠲᠡᠶᠢᠰᠢ ᠬᠦᠭᠵᠢᠬᠦ ᠠᠬᠢᠴᠠ ᠶᠢ ᠤᠯᠠᠮ ᠨᠢᠭᠡ ᠠᠯᠬᠤᠮ ᠲᠦᠷᠭᠡᠳᠭᠡᠵᠦ᠂ ︽ᠰᠢᠯᠢ ᠶᠢᠨ ᠭᠤᠤᠯ ᠴᠠᠭᠠᠨ ᠢᠳᠡᠭᠡᠨ︾ ᠲᠦᠷᠦᠯ ᠲᠡᠮᠳᠡᠭᠳᠦ ᠶᠢᠨ ᠪᠠᠶᠢᠭᠤᠯᠤᠯᠲᠠ ᠪᠠ ᠨᠡᠷ᠎ᠡ ᠨᠦᠯᠦᠭᠡ ᠶᠢ ᠦᠷᠭᠡᠳᠭᠡᠭᠰᠡᠨ ᠪᠠᠶᠢᠨ᠎ᠠ ᠃      ᠰᠢᠯᠤᠭᠤᠨ ᠬᠦᠪᠡᠭᠡᠳᠤ ᠴᠠᠭᠠᠨ ᠬᠤᠰᠢᠭᠤᠨ ᠤ ᠮᠦ ᠰᠢᠶᠠᠩ ᠴᠠᠭᠠᠨ ᠢᠳᠡᠭᠡᠨ ᠤ ᠦᠢᠯᠡᠳᠪᠦᠷᠢ ᠶᠢᠨ ᠬᠠᠷᠢᠭᠤᠴᠠᠯᠭᠠᠳᠠᠨ ᠡᠦ ᠹᠧᠨ ᠹᠠᠩ᠄ ︽ ᠮᠠᠨ ᠤ ᠨᠤᠲᠤᠭ ᠲᠤ ᠪᠤᠯᠤᠭᠰᠠᠨ ᠡᠶᠢᠮᠦ ᠦᠷᠭᠡᠨ ᠬᠡᠪᠴᠢᠶᠡᠨ ᠤ ᠰᠦ ᠶᠢᠨ ᠠᠵᠤ ᠦᠢᠯᠡᠰ ᠤᠨ ᠠᠵᠢᠯᠯᠠᠭ᠎ᠠ ᠳᠤ ᠤᠷᠤᠯᠴᠠᠭᠠᠳ ᠪᠢ ᠤᠯᠠᠮᠵᠢᠯᠠᠯᠳᠤ ᠴᠠᠭᠠᠨ ᠢᠳᠡᠭᠡᠨ ᠤ ᠡᠳ᠋ᠰᠢᠭᠦᠯᠦᠯᠳᠡ ᠶᠢᠨ ᠤᠷ᠎ᠠ ᠮᠡᠷᠭᠡᠵᠢᠯ ᠤᠨ ᠲᠤᠬᠠᠢ ᠨᠡᠩ ᠭᠦᠨᠵᠡᠭᠡᠢ ᠲᠠᠨᠢᠯᠳᠠ ᠲᠠᠢ ᠪᠤᠯᠤᠯ᠎ᠠ᠂ ᠬᠤᠶᠢᠰᠢᠲᠠ ᠤᠯᠠᠮᠵᠢᠯᠠᠯ ᠢᠶᠠᠨ ᠪᠠᠳᠠᠷᠠᠭᠤᠯᠤᠭᠰᠠᠨ ᠰᠠᠭᠤᠷᠢᠨ ᠲᠡᠭᠡᠷ᠎ᠡ ᠰᠢᠨᠡᠴᠢᠯᠡᠬᠦ ᠶᠢ ᠮᠠᠷᠠᠶᠢᠨ ᠰᠦᠪᠡᠭᠴᠢᠯᠡᠵᠦ᠂ ︿ᠰᠢᠯᠢ ᠶᠢᠨ ᠭᠤᠤᠯ ᠴᠠᠭᠠᠨ ᠢᠳᠡᠭᠡᠨ﹀ ᠢᠶᠠᠨ ᠨᠡᠩ ᠤᠯᠠᠨ ᠬᠡᠷᠡᠭᠯᠡᠭᠴᠢᠳ ᠲᠤ ᠲᠠᠨᠢᠭᠤᠯᠬᠤ ᠪᠠᠷ ᠴᠢᠷᠮᠠᠶᠢᠨ᠎ᠠ ︾ ᠭᠡᠵᠦ ᠰᠤᠷᠪᠤᠯᠵᠢᠯᠠᠭ᠎ᠠ ᠬᠦᠯᠢᠶᠡᠬᠦ ᠳᠡᠭᠡᠨ ᠶᠠᠷᠢᠯ᠎ᠠ᠃      ᠲᠤᠰ ᠴᠤᠭᠯᠠᠭᠠᠨ ᠳᠤ ᠂ ᠰᠢᠯᠢ ᠶᠢᠨ ᠭᠤᠤᠯ ᠠᠶᠢᠮᠠᠭ ᠤᠨ 10 ᠬᠤᠰᠢᠭᠤ ᠰᠢᠶᠠᠨ ᠬᠤᠳᠠ ᠲᠤᠭᠤᠷᠢᠭ ᠤᠨ  ᠬᠢᠨ ᠤ ᠲᠦᠯᠦᠭᠡᠯᠡᠭᠴᠢ ᠶᠢᠨ ᠪᠠᠭ ᠤᠷᠤᠯᠴᠠᠭᠰᠠᠨ ᠠᠴᠠ ᠭᠠᠳᠠᠨ᠎ᠠ ᠣᠷᠤᠨ ᠤ ᠲᠤᠲᠤᠨ᠎ᠠ ᠭᠠᠳᠠᠨ᠎ᠠ ᠶᠢᠨ ᠰᠦ ᠶᠢᠨ ᠠᠵᠤ ᠦᠢᠯᠡᠰ ᠤᠨ ᠬᠠᠮᠢᠶ᠎ᠠ ᠪᠦᠬᠦᠢ ᠠᠵᠤ ᠠᠬᠤᠶᠢᠯᠠᠯ ᠤᠨ ᠲᠦᠯᠦᠭᠡᠯᠡᠭᠴᠢ᠂ ᠬᠡᠰᠡᠭ ᠶᠡᠭᠡ ᠲᠡᠭᠡᠳᠤ ᠰᠤᠷᠭᠠᠭᠤᠯᠢ ᠶᠢᠨ ᠰᠤᠳᠤᠯᠭᠠᠨ ᠤ ᠪᠠᠶᠢᠭᠤᠯᠤᠮᠵᠢ ᠶᠢᠨ ᠲᠤᠰᠬᠠᠢ ᠮᠡᠷᠭᠡᠵᠢᠯᠳᠡᠳ ᠤᠷᠤᠯᠴᠠᠭᠰᠠᠨ ᠪᠠᠶᠢᠨ᠎ᠠ ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号