2 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠠᠪᠤᠷ ᠤᠨ ᠲᠠᠷᠢᠶᠠᠯᠠᠭ᠎ᠠ ᠶᠢᠨ | ᠡᠬᠢᠨ ᠤ ᠲᠠᠷᠢᠶᠠᠯᠠᠯᠭ᠎ᠠ ᠵᠢᠴᠢ ᠠᠮᠤ ᠪᠤᠳᠠᠭᠠᠨ ᠤ ᠦᠢᠯᠡᠳᠪᠦᠷᠢᠯᠡᠯ ᠢ ᠠᠬᠢᠭᠤᠯᠬᠤ ᠠᠬᠤᠢ ᠲᠠᠯᠠᠪᠠᠢ ᠶᠢᠨ ᠬᠤᠷᠠᠯ | ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ ᠯᠠᠩ ᠱᠠᠨ ᠪᠠᠯᠭᠠᠰᠤᠨ ᠤ ᠭᠤᠸᠠᠩ ᠮᠢᠩ ᠲᠣᠰᠬᠤᠨ ᠳᠤ | ᠶᠠᠪᠤᠭᠳᠠᠪᠠ᠂ ᠡᠨᠡ ᠨᠢ ᠪᠥᠬᠦ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠪᠠᠷᠠᠭᠤᠨ ᠠᠴᠠ ᠵᠡᠭᠦᠨᠰᠢ | ᠡᠬᠢᠯᠡᠭᠰᠡᠨ ᠢ ᠬᠠᠷᠠᠭᠤᠯᠵᠤ ᠪᠠᠶᠢᠭ᠎ᠠ ᠶᠤᠮ᠃ | ᠭᠤᠸᠠᠩ ᠮᠢᠩ ᠲᠣᠰᠬᠤᠨ ᠤ ᠲᠦᠮᠡᠨ ᠮᠦ ᠶᠢᠨ ᠬᠠᠲᠠᠭᠤ ᠪᠤᠭᠤᠳᠠᠢ ᠶᠢᠨ ᠵᠢᠱᠢᠶ᠎ᠡ ᠦᠵᠡᠭᠦᠯᠬᠦ ᠬᠦᠷᠢᠶᠡᠯᠡᠩ | ᠲᠣᠭᠤᠷᠢᠭ ᠲᠤ᠂ ᠮᠠᠰᠢᠨ ᠤ ᠲᠠᠭᠤᠨ ᠬᠦᠷᠴᠢᠭᠢᠨᠡᠵᠦ᠂ ᠨᠠᠭᠠᠰᠢ ᠴᠠᠭᠠᠰᠢ ᠰᠦᠯᠵᠢᠯᠳᠦᠵᠦ ᠪᠠᠶᠢᠭ᠎ᠠ ᠦᠷ᠎ᠡ ᠰᠠᠴᠤᠬᠤ | ᠮᠠᠰᠢᠨ ᠴᠢᠨᠠᠷ ᠰᠠᠶᠢᠲᠠᠢ ᠪᠤᠭᠤᠳᠠᠢ ᠶᠢᠨ ᠦᠷ᠎ᠡ ᠶᠢ ᠲᠠᠷᠢᠵᠤ ᠪᠠᠶᠢᠪᠠ᠃ ︽ᠮᠠᠨ ᠤ ᠬᠢ 120 ᠮᠦ ᠲᠠᠷᠢᠶ᠎ᠠ ᠲᠠᠢ᠂ | ᠡᠨᠡ ᠵᠢᠯ ᠨᠡᠶᠢᠳᠡᠮ ᠳᠤ ᠨᠢ ᠪᠤᠭᠤᠳᠠᠢ ᠲᠠᠷᠢᠬᠤ ᠪᠠᠷ ᠲᠥᠯᠥᠪᠯᠡᠵᠦ ᠪᠠᠶᠢᠨ᠎ᠠ︾ ᠭᠡᠵᠦ ᠭᠤᠸᠠᠩ ᠮᠢᠩ ᠲᠣᠰᠬᠤᠨ ᠤ | ᠲᠠᠷᠢᠶᠠᠯᠠᠬᠤ ᠲᠣᠮᠣ ᠡᠷᠦᠬᠡ ᠶᠠᠩ ᠸᠧᠨ ᠬᠤᠸᠠ ᠢᠲᠡᠭᠡᠯ ᠳᠦᠭᠦᠷᠡᠩ ᠬᠡᠯᠡᠬᠦ ᠳᠤ ᠪᠠᠨ ︽ᠡᠨᠡ ᠵᠢᠯ ᠪᠢ | ᠲᠤᠬᠠᠢ ᠶᠢᠨ ᠭᠠᠵᠠᠷ ᠤᠨ ᠬᠥᠲᠥᠴᠢ ᠠᠵᠤ ᠠᠬᠤᠶᠢᠯᠠᠯ ᠲᠠᠢ ᠵᠢᠩ ᠪᠦᠷᠢ ᠳᠤ ᠪᠠᠨ 1.8 ᠲᠥᠭᠦᠷᠢᠭ ᠤᠨ | ᠬᠤᠳᠠᠯᠳᠤᠨ ᠠᠪᠬᠤ ᠦᠨ᠎ᠡ ᠪᠠᠷ ᠪᠤᠭᠤᠳᠠᠢ ᠲᠠᠷᠢᠬᠤ ᠵᠠᠬᠢᠶᠠᠯᠠᠭ᠎ᠠ ᠶᠢᠨ ᠬᠠᠭᠤᠳᠠᠰᠤᠨ ᠳᠤ ᠭᠠᠷ ᠤᠨ ᠦᠰᠦᠭ | ᠵᠢᠷᠤᠵᠤ᠂ ᠵᠠᠰᠠᠭ ᠤᠨ ᠣᠷᠳᠣᠨ ᠠᠴᠠ ᠦᠷ᠎ᠡ ᠶᠢ ᠦᠨ᠎ᠡ ᠲᠥᠯᠥᠪᠦᠷᠢ ᠦᠭᠡᠢ ᠪᠠᠷ ᠲᠠᠷᠬᠠᠭᠠᠵᠤ᠂ ᠪᠤᠭᠤᠳᠠᠢ ᠪᠠᠨ | ᠬᠤᠷᠢᠶᠠᠭᠰᠠᠨ ᠤ ᠳᠠᠷᠠᠭ᠎ᠠ ᠳᠠᠬᠢᠨ ᠲᠡᠵᠢᠭᠡᠯ ᠤᠨ ᠪᠣᠷᠤᠭ ᠲᠠᠷᠢᠵᠦ᠂ ᠮᠦ ᠪᠦᠷᠢ ᠳᠤ 630 ᠲᠥᠭᠦᠷᠢᠭ ᠤᠨ | ᠨᠥᠬᠦᠪᠦᠷᠢ ᠥᠭᠴᠦ᠂ ᠮᠦ ᠪᠦᠷᠢ ᠶᠢᠨ ᠳᠤᠮᠳᠠᠴᠢ ᠦᠷ᠎ᠡ ᠠᠰᠢᠭ ᠨᠢ ᠵᠢᠱᠢᠯᠲᠡ ᠪᠠᠷ 2000 ᠲᠥᠭᠦᠷᠢᠭ ᠠᠴᠠ | ᠳᠡᠭᠡᠭᠰᠢ ᠬᠥᠷᠥᠨ᠎ᠡ︾ ᠭᠡᠵᠡᠢ᠃ ᠣᠶᠢᠯᠠᠭᠠᠭᠰᠠᠨ ᠢᠶᠠᠷ᠂ ᠪᠠᠶᠠᠨᠨᠠᠭᠤᠷ ᠬᠤᠲᠠ ᠬᠤᠯᠪᠣᠭᠳᠠᠯ ᠪᠦᠬᠦᠢ ᠵᠣᠷᠢᠭᠵᠢᠭᠤᠯᠬᠤ | ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠪᠤᠭᠤᠳᠠᠢ ᠶᠢᠨ ᠨᠥᠬᠦᠪᠦᠷᠢ ᠶᠢ ᠤᠤᠯ ᠤᠨ 150 ᠲᠥᠭᠦᠷᠢᠭ / ᠮᠦ | ᠪᠠᠶᠢᠭᠰᠠᠨ ᠠᠴᠠ ᠨᠢ 200 — 300 ᠲᠥᠭᠦᠷᠢᠭ / ᠮᠦ ᠪᠣᠯᠭᠠᠨ ᠨᠡᠮᠡᠭᠳᠡᠭᠦᠯᠵᠦ᠂ ᠪᠤᠭᠤᠳᠠᠢ ᠶᠢ | ᠬᠤᠷᠢᠶᠠᠭᠰᠠᠨ ᠤ ᠳᠠᠷᠠᠭ᠎ᠠ ᠳᠠᠬᠢᠨ ᠲᠠᠷᠢᠭᠰᠠᠨ ᠲᠡᠵᠢᠭᠡᠯ ᠤᠨ ᠪᠣᠷᠤᠭ ᠤᠨ ᠨᠥᠬᠦᠪᠦᠷᠢ ᠶᠢ 100 ᠲᠥᠭᠦᠷᠢᠭ | ᠪᠠᠶᠢᠭᠰᠠᠨ ᠠᠴᠠ ᠨᠢ 300 ᠲᠥᠭᠦᠷᠢᠭ ᠪᠣᠯᠭᠠᠨ ᠨᠡᠮᠡᠭᠳᠡᠭᠦᠯᠵᠡᠢ᠃ ᠡᠭᠦᠨ ᠤ ᠬᠠᠮᠲᠤ᠂ ᠬᠥᠲᠥᠴᠢ ᠠᠵᠤ ᠠᠬᠤᠶᠢᠯᠠᠯ᠂ | ᠬᠤᠷᠰᠢᠶᠠᠵᠢᠯ᠂ ᠲᠠᠷᠢᠶᠠᠯᠠᠬᠤ ᠲᠣᠮᠣ ᠡᠷᠦᠬᠡ ᠶᠢᠨ ᠬᠡᠪᠴᠢᠶᠡᠵᠢᠭᠰᠡᠨ ᠲᠠᠷᠢᠮᠠᠯ ᠤᠨ ᠰᠠᠭᠤᠷᠢᠨ ᠭᠠᠵᠠᠷ | ᠪᠠᠶᠢᠭᠤᠯᠬᠤ ᠶᠢ ᠵᠣᠷᠢᠭᠵᠢᠭᠤᠯᠤᠨ ᠬᠥᠲᠥᠯᠵᠦ᠂ ᠪᠤᠭᠤᠳᠠᠢ ᠶᠢ ᠬᠤᠷᠢᠶᠠᠭᠰᠠᠨ ᠤ ᠳᠠᠷᠠᠭ᠎ᠠ ᠳᠠᠬᠢᠨ ᠲᠠᠷᠢᠶᠠᠯᠠᠬᠤ ᠶᠢ | ᠳᠡᠯᠭᠡᠷᠡᠭᠦᠯᠦᠨ᠂ ᠮᠦ ᠪᠦᠷᠢ ᠶᠢᠨ ᠳᠤᠮᠳᠠᠴᠢ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠵᠡᠢ︔ | ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠠᠮᠤ ᠪᠤᠳᠠᠭᠠᠨ ᠤ ᠦᠢᠯᠡᠳᠪᠦᠷᠢᠯᠡᠯ ᠳᠤ ᠬᠡᠷᠡᠭᠯᠡᠭᠦᠯᠵᠦ᠂ ᠲᠠᠷᠢᠶᠠᠨ ᠭᠠᠵᠠᠷ ᠢ | ︽ᠠᠮᠤ ᠪᠤᠳᠠᠭ᠎ᠠ ᠶᠢᠨ ᠪᠤᠰᠤ ᠪᠣᠯᠭᠠᠬᠤ︾ ᠶᠢ ᠡᠷᠡᠰ ᠰᠡᠷᠭᠡᠶᠢᠯᠡᠨ᠎ᠡ᠃ ᠡᠨᠡ ᠵᠢᠯ᠂ ᠪᠠᠶᠠᠨᠨᠠᠭᠤᠷ ᠬᠤᠲᠠ ᠶᠢᠨ | ᠪᠤᠭᠤᠳᠠᠢ ᠳᠠᠷᠢᠬᠤ ᠲᠠᠯᠠᠪᠠᠶ ᠶᠢ ᠵᠢᠱᠢᠯᠲᠡ ᠪᠠᠷ 100 ᠲᠦᠮᠡᠨ ᠮᠦ ᠪᠣᠯᠲᠠᠯ᠎ᠠ ᠥᠷᠭᠡᠳᠬᠡᠵᠦ᠂ | ᠨᠢᠳᠤᠨᠤᠨ ᠤ ᠬᠢ ᠠᠴᠠ 40 ᠲᠦᠮᠡᠨ ᠮᠦ ᠨᠡᠮᠡᠭᠳᠡᠭᠦᠯᠦᠨ᠎ᠡ᠃ | ᠡᠨᠡ ᠵᠢᠯ᠂ ᠥᠪᠡᠷᠲᠡᠭᠡᠨ ᠵᠠᠰᠠᠬᠤ ᠣᠷᠣᠨ ᠠᠴᠠ ᠲᠣᠨ ᠭᠠᠷᠤᠯᠲᠠ ᠶᠢᠨ ᠲᠠᠷᠢᠶ᠎ᠠ᠂ ᠡᠷᠳᠡᠨᠢ ᠰᠢᠰᠢ ᠶᠢᠨ | ᠨᠢᠭᠡᠴᠢ ᠲᠠᠯᠠᠪᠠᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ᠂ ᠰᠢᠷ᠎ᠠ ᠪᠤᠷᠴᠠᠭ ᠲᠣᠰᠣᠯᠢᠭ ᠲᠠᠷᠢᠮᠠᠯ ᠤᠨ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠤᠯᠵᠤ᠂ | ᠲᠠᠯᠠᠪᠠᠢ ᠶᠢ ᠲᠣᠭᠲᠠᠪᠤᠷᠢᠵᠢᠭᠤᠯᠬᠤ᠂ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠢ ᠪᠡᠶᠡᠯᠡᠭᠦᠯᠬᠦ ᠶᠢᠨ ᠬᠠᠮᠲᠤ | ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠬᠦ ᠪᠠᠷ ᠲᠥᠯᠥᠪᠯᠡᠵᠦ ᠪᠤᠢ᠃ | ︽ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠬᠦ ᠪᠠᠷ ᠳᠠᠮᠵᠢᠭᠤᠯᠤᠨ᠂ | ᠪᠦᠬᠦ ᠣᠷᠣᠨ ᠤ ᠠᠮᠤ ᠪᠤᠳᠠᠭ᠎ᠠ ᠲᠠᠷᠢᠬᠤ ᠲᠠᠯᠠᠪᠠᠢ ᠶᠢ ᠳ᠋ᠦᠩᠰᠢᠭᠤᠷ ᠮᠦ ᠠᠴᠠ ᠳᠡᠭᠡᠭᠰᠢ ᠬᠡᠮᠵᠢᠶᠡᠨ ᠳᠤ | ᠲᠣᠭᠲᠠᠪᠤᠷᠢᠵᠢᠭᠤᠯᠵᠤ᠂ ᠤᠨᠠᠯᠲᠠ ᠶᠢ 780 ᠳ᠋ᠦᠩᠰᠢᠭᠤᠷ ᠵᠢᠩ ᠣᠷᠴᠢᠮ ᠳᠤ ᠲᠣᠭᠲᠠᠪᠤᠷᠢᠵᠢᠭᠤᠯᠬᠤ ᠶᠢ ᠦᠨᠡᠨ | ᠬᠦ ᠪᠠᠲᠤᠯᠠᠨ᠎ᠠ᠃︾ ᠭᠡᠵᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ | ᠲᠠᠷᠢᠮᠠᠯ ᠤᠨ ᠦᠢᠯᠡᠰ ᠤᠨ ᠭᠠᠵᠠᠷ ᠤᠨ ᠳᠡᠳ᠋ ᠳᠠᠷᠤᠭ᠎ᠠ ᠳ᠋ᠦᠩ ᠴᠢ ᠪᠢᠶᠣᠣ ᠬᠡᠯᠡᠪᠡ᠃ | |