ᠲᠠᠷᠢᠶᠠᠯᠠᠩ ᠤᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠵᠦᠸᠧᠽᠢ ᠰᠢᠶᠠᠨ ᠤ | ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠣᠶᠢᠷ᠎ᠠ ᠳᠤ ᠪᠥᠬᠦ | ᠰᠢᠶᠠᠨ ᠤ ᠬᠡᠪᠴᠢᠶᠡᠨ ᠳᠤ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠪᠠ ᠬᠤᠷᠢᠶᠠᠨ ᠠᠪᠬᠤ | ᠤᠬᠠᠭᠤᠯᠭ᠎ᠠ ᠶᠢᠨ ᠠᠵᠢᠯ ᠢ ᠥᠷᠨᠢᠭᠦᠯᠵᠦ᠂ ᠲᠠᠷᠢᠶᠠᠴᠢᠨ ᠡᠷᠦᠬᠡ ᠳᠤ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ᠂ | ᠬᠤᠷᠢᠶᠠᠨ ᠠᠪᠬᠤ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠦᠨ᠂ 0.012 ᠮᠢᠯᠢᠮᠧᠲᠷ ᠤᠨ ᠪᠥᠬᠦ ᠠᠮᠢᠳᠤ | ᠪᠣᠳᠠᠰ ᠤᠨ ᠵᠠᠳᠠᠷᠠᠮᠠᠬᠠᠢ ᠰᠦᠯᠢᠶᠥᠦ ᠪᠦᠷᠬᠦᠪᠴᠢ ᠶᠢ ᠤᠬᠠᠭᠤᠯᠤᠨ ᠳᠡᠯᠭᠡᠷᠡᠭᠦᠯᠵᠦ᠂ ᠰᠦᠯᠢᠶᠥᠦ ᠪᠦᠷᠬᠦᠪᠴᠢ ᠶᠢ | ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠬᠤᠷᠢᠶᠠᠨ ᠠᠪᠬᠤ ᠲᠤᠷᠰᠢᠯᠲᠠ ᠶᠢᠨ ᠠᠵᠢᠯ ᠢ ᠢᠳᠡᠪᠬᠢᠲᠡᠢ | ᠨᠠᠶᠢᠳᠠᠪᠤᠷᠢᠵᠢᠭᠤᠯᠪᠠ᠃ | ᠵᠦᠸᠧᠽᠢ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠪᠴᠢᠶ᠎ᠠ ᠠᠵᠢᠯᠲᠠᠳ ᠢᠶᠠᠨ ᠵᠣᠬᠢᠶᠠᠨ ᠪᠠᠶᠢᠭᠤᠯᠵᠤ ᠪᠠᠶᠠᠨᠰᠢᠯᠢ ᠪᠠᠯᠭᠠᠰᠤ ᠪᠠ ᠱᠢ ᠪᠠ ᠲᠠᠢ ᠪᠠᠯᠭᠠᠰᠤᠨ ᠳᠤ | ᠭᠦᠨᠵᠡᠭᠡᠶᠢᠷᠡᠵᠦ ᠲᠠᠷᠢᠶᠠᠴᠢᠨ ᠡᠷᠦᠬᠡ ᠳᠤ 0.012 mm ᠪᠥᠬᠦ ᠠᠮᠢᠳᠤ ᠪᠣᠳᠠᠰ ᠤᠨ ᠵᠠᠳᠠᠷᠠᠮᠠᠬᠠᠢ ᠰᠦᠯᠢᠶᠥᠦ | ᠪᠦᠷᠬᠦᠪᠴᠢ ᠶᠢ ᠳᠡᠯᠭᠡᠷᠡᠭᠦᠯᠦᠨ ᠤᠬᠠᠭᠤᠯᠬᠤ ᠶᠢᠨ ᠬᠠᠮᠲᠤ 2022 ᠣᠨ ᠤ ᠰᠦᠯᠢᠶᠥᠦ ᠪᠦᠷᠬᠦᠪᠴᠢ ᠶᠢ | ᠬᠡᠷᠡᠭᠯᠡᠭᠰᠡᠨ᠂ ᠬᠤᠷᠢᠶᠠᠨ ᠠᠪᠤᠭᠰᠠᠨ ᠪᠠᠶᠢᠳᠠᠯ ᠢ ᠪᠠᠶᠢᠴᠠᠭᠠᠨ ᠰᠢᠯᠭᠠᠪᠠ᠃ ᠪᠠᠶᠢᠴᠠᠭᠠᠨ ᠰᠢᠯᠭᠠᠬᠤ ᠶᠠᠪᠤᠴᠠ ᠳᠤ | ᠠᠵᠢᠯᠲᠠᠳ ᠪᠠᠶᠠᠠᠰᠢᠯᠢ ᠂ ᠱᠢ ᠪᠠ ᠲᠠᠢ ᠪᠠᠯᠭᠠᠰᠤᠨ ᠤ ᠵᠠᠰᠠᠭ ᠤᠨ ᠣᠷᠳᠣᠨ᠂ ᠲᠣᠰᠬᠤᠨ ᠤ ᠠᠷᠠᠳ ᠤᠨ ᠵᠥᠪᠯᠡᠯ ᠤᠨ | ᠠᠵᠢᠯᠲᠠᠳ ᠲᠠᠢ ᠬᠠᠮᠲᠤ ᠪᠠᠷ ᠭᠠᠵᠠᠷ ᠰᠢᠷᠣᠢ ᠶᠢᠨ ᠪᠦᠷᠬᠦᠪᠴᠢ ᠶᠢᠨ ᠲᠠᠯᠠᠪᠠᠶ ᠶᠢ ᠨᠤᠲᠠᠯᠠᠬᠤ᠂ ᠬᠠᠶᠠᠭᠳᠠᠮᠠᠯ | ᠬᠠᠭᠤᠴᠢᠨ ᠰᠦᠯᠢᠶᠥᠦ ᠪᠦᠷᠬᠦᠪᠴᠢ ᠶᠢ ᠲᠠᠷᠢᠶᠠᠨ ᠭᠠᠵᠠᠷ ᠠᠴᠠ ᠰᠠᠯᠭᠠᠬᠤ ᠶᠢ ᠨᠤᠲᠠᠯᠠᠬᠤ᠂ ᠫᠢᠶᠣᠣ ᠪᠠᠷᠢᠮᠲᠠ ᠶᠢ | ᠬᠢᠨᠠᠨ ᠬᠠᠷᠭᠤᠭᠤᠯᠬᠤ᠂ ᠪᠦᠷᠬᠦᠪᠴᠢ ᠶᠢ ᠬᠤᠷᠢᠶᠠᠨ ᠠᠪᠤᠭᠰᠠᠨ ᠲᠤᠭ᠎ᠠ ᠪᠠᠷᠢᠮᠲᠠ ᠶᠢ ᠪᠦᠷᠢᠳᠬᠡᠬᠦ ᠵᠡᠷᠭᠡ ᠠᠵᠢᠯ ᠢ | ᠥᠷᠨᠢᠭᠦᠯᠵᠦ᠂ ᠪᠠᠶᠢᠴᠠᠭᠠᠨ ᠰᠢᠯᠭᠠᠭᠠᠳ ᠬᠤᠶᠠᠷ ᠭᠠᠵᠠᠷ ᠤᠨ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ | ᠬᠤᠷᠢᠶᠠᠨ ᠠᠪᠤᠭᠰᠠᠨ ᠨᠣᠷᠮ᠎ᠠ ᠶᠢ ᠴᠥᠮ 84% ᠠᠴᠠ ᠳᠡᠭᠡᠭᠰᠢ ᠳᠤ ᠬᠦᠷᠦᠭᠦᠯᠦᠭᠰᠡᠨ ᠪᠠᠶᠢᠨ᠎ᠠ᠃ | ᠲᠤᠰ ᠤᠳᠠᠭᠠᠨ ᠤ ᠤᠬᠠᠭᠤᠯᠭ᠎ᠠ ᠶᠢᠨ ᠪᠠᠶᠢᠴᠠᠭᠠᠨ ᠰᠢᠯᠭᠠᠯᠲᠠ ᠪᠠᠷ ᠳᠡᠮᠵᠢᠨ᠂ ᠲᠠᠷᠢᠶᠠᠯᠠᠩ ᠳᠤ ᠬᠡᠷᠡᠭᠯᠡᠬᠦ | ᠰᠦᠯᠢᠶᠥᠦ ᠪᠦᠷᠬᠦᠪᠴᠢ ᠶᠢ ᠬᠡᠷᠬᠢᠨ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠲᠤᠬᠠᠢ ᠲᠠᠷᠢᠶᠠᠴᠢᠨ ᠡᠷᠦᠬᠡ ᠳᠤ ᠨᠡᠩ | ᠭᠦᠨᠵᠡᠭᠡᠢ ᠲᠠᠨᠢᠯᠲᠠ ᠲᠠᠢ ᠪᠣᠯᠭᠠᠵᠤ ᠂ ᠲᠠᠷᠢᠶᠠᠴᠢᠨ ᠡᠷᠦᠬᠡ ᠶᠢᠨ ᠬᠠᠶᠠᠭᠳᠠᠮᠠᠯ ᠬᠠᠭᠤᠴᠢᠨ ᠰᠦᠯᠢᠶᠥᠦ | ᠪᠦᠷᠬᠦᠪᠴᠢ ᠶᠢ ᠬᠤᠷᠢᠶᠠᠨ ᠠᠪᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠲᠠᠶᠢᠴᠢᠯᠠᠵᠦ ᠂ | ᠲᠠᠷᠢᠶᠠᠴᠢᠳ ᠤᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ ᠂ 2023 | ᠣᠨ ᠤ ᠵᠦᠸᠧᠽᠢ ᠰᠢᠶᠠᠨ ᠤ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ | ᠠᠵᠢᠯ ᠢ ᠠᠬᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠵᠦ ᠂ ᠵᠦᠸᠧᠽᠢ ᠰᠢᠶᠠᠨ ᠤ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠰᠠᠭᠤᠷᠢ | ᠲᠠᠯᠪᠢᠵᠦ ᠦᠭᠭᠦᠭᠰᠡᠨ ᠪᠠᠶᠢᠨ᠎ᠠ᠃ | |