ᠳᠠᠭᠠᠭᠠᠴᠢᠯᠠᠨ ᠬᠤᠯᠪᠤᠭᠠᠯᠠᠭᠰᠠᠨ ᠦᠢᠯᠡᠴᠢᠯᠡᠭᠡᠨ ᠤ ᠡᠭᠦᠷᠭᠡ  ᠪᠠᠨ ᠵᠣᠷᠢᠭᠲᠠᠢ ᠡᠭᠦᠷᠭᠡᠯᠡᠬᠦᠶ᠎ᠡ ᠨᠡᠶᠢᠭᠡᠮ ᠲᠣᠭᠤᠷᠢᠭ ᠲᠤᠭᠳᠤᠯᠤᠨ ᠲᠠᠯᠠᠷᠬᠠᠵᠦ ᠬᠡᠮᠡᠷᠯᠢᠭ ᠲᠤᠭ  ᠬᠦᠷᠭᠡᠪᠡᠢ
ᠨᠡᠶᠢᠲᠡᠯᠡᠭᠰᠡᠨ ᠴᠠᠭ᠄
2023/3/10
      3 ᠰᠠᠷ᠎ᠠ ᠶᠢᠨ 10 ᠤ ᠡᠳᠦᠷ᠂ ᠤᠯᠠᠭᠠᠨᠴᠠᠪ ᠵᠡᠭᠦᠨ ᠵᠡᠭᠡᠯᠢ ᠶᠢᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠨᠡᠶᠢᠭᠡᠮ ᠲᠣᠭᠤᠷᠢᠭ ᠤᠨ ᠱᠦᠵᠢ ᠸᠠᠩ ᠰᠢᠶᠣᠣ ᠵᠢᠤᠸᠠᠨ ᠨᠠᠷ ︽ᠬᠠᠮᠲᠤ ᠪᠠᠷ ᠰᠠᠭᠤᠵᠤ ᠬᠠᠮᠲᠤ ᠪᠠᠷ ᠪᠠᠶᠢᠭᠤᠯᠵᠤ ᠨᠡᠶᠢᠯᠡᠯ ᠬᠦᠴᠦᠨ ᠢᠶᠠᠷ ᠢᠶᠠᠨ ᠨᠢᠭᠳᠠᠷᠠᠭᠤᠯᠵᠤ᠂ ᠰᠡᠳᠬᠢᠯ ᠢᠶᠠᠨ ᠨᠢᠭᠡᠳᠬᠡᠵᠦ ᠬᠦᠴᠦ ᠪᠠᠨ ᠬᠠᠮᠳᠤᠳᠬᠠᠵᠦ ᠡᠶ᠎ᠡ ᠵᠣᠬᠢᠴᠠᠯ ᠢ ᠠᠬᠢᠭᠤᠯᠤᠶ᠎ᠠ︾ ᠭᠡᠬᠦ ᠬᠡᠮᠡᠷᠯᠢᠭ ᠲᠤᠭ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠲᠤ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠳᠠᠭᠠᠭᠠᠴᠢᠯᠠᠨ ᠬᠤᠯᠪᠤᠭᠠᠯᠠᠵᠤ ᠥᠷᠨᠢᠭᠦᠯᠦᠭᠰᠡᠨ ᠰᠢᠷᠢᠰ ᠠᠵᠢᠯ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃
W020230310425243105345.png
       ᠳᠠᠭᠠᠭᠠᠴᠢᠯᠠᠨ ᠬᠤᠯᠪᠤᠭᠠᠯᠠᠭᠰᠠᠨ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠬᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠠᠭᠠᠭᠠᠴᠢᠯᠠᠨ ᠬᠤᠯᠪᠤᠭᠠᠯᠠᠭᠰᠠᠨ ︽ᠱᠠᠩ ᠳ᠋ᠦᠩ ᠹᠧᠩ ᠵᠢᠩ︾ ᠰᠠᠭᠤᠭᠠᠯᠢ ᠲᠣᠭᠤᠷᠢᠭ ᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠤᠷᠲᠤ ᠬᠤᠭᠤᠴᠠᠭ᠎ᠠ ᠪᠦᠲᠦᠮᠵᠢᠲᠡᠶ ᠪᠣᠯᠭᠠᠬᠤ ᠬᠦᠴᠦᠲᠡᠢ ᠭᠠᠷᠳᠠᠴᠠ ᠪᠣᠯᠭᠠᠵᠤ᠂ ᠨᠡᠶᠢᠭᠡᠮ ᠲᠣᠭᠤᠷᠢᠭ ᠤᠨ ᠬᠢᠵᠢᠭ ᠢ ᠰᠡᠷᠭᠡᠶᠢᠯᠡᠬᠦ ᠂ ᠪᠣᠯᠪᠠᠰᠤᠨ ᠢᠶᠠᠷ ᠬᠤᠳᠠ ᠪᠠᠶᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠥᠷᠨᠢᠭᠦᠯᠵᠦ ᠂ ᠭᠠᠵᠠᠷ ᠤᠨ ᠲᠡᠰ ᠤᠨ 4 ᠺᠠᠳ᠋ᠷ ᠢ ᠳᠠᠭᠠᠭᠠᠴᠢᠯᠠᠨ ᠬᠤᠯᠪᠤᠭᠠᠯᠠᠭᠰᠠᠨ ᠨᠡᠶᠢᠭᠡᠮ ᠲᠣᠭᠤᠷᠢᠭ ᠲᠤ ᠰᠣᠩᠭᠤᠨ ᠲᠣᠮᠢᠯᠠᠵᠤ ᠂ ᠪᠦᠬᠦ ᠨᠠᠮ ᠤᠨ ᠭᠡᠰᠢᠭᠦᠨ ᠺᠠᠳ᠋ᠷ ᠢ ᠥᠪᠡᠷ ᠤᠨ ᠰᠠᠭᠤᠭ᠎ᠠ ᠨᠡᠶᠢᠭᠡᠮ ᠲᠣᠭᠤᠷᠢᠭ ᠲᠤ ᠪᠠᠨ ᠣᠴᠢᠭᠤᠯᠤᠨ ᠨᠡᠷ᠎ᠡ ᠮᠡᠳᠡᠭᠦᠯᠵᠦ ᠂ 145 ᠨᠠᠮ ᠤᠨ ᠭᠡᠰᠢᠭᠦᠨ ᠢ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠭᠤᠯᠵᠤ ᠂ ︽ ᠪᠤᠯᠪᠠᠰᠤᠨ ᠬᠤᠳᠠ ᠪᠠᠶᠢᠭᠤᠯᠬᠤ ᠳᠤ ᠪᠢ ᠣᠷᠤᠯᠴᠠᠮᠤᠢ︾ ᠭᠡᠬᠦ ᠠᠵᠢᠯᠯᠠᠭ᠎ᠠ ᠶᠢ 5 ᠤᠳᠠᠭ᠎ᠠ ᠥᠷᠨᠢᠭᠦᠯᠵᠦ ᠂ ᠲᠠᠷᠢᠶᠠᠯᠠᠩ ᠤᠨ ᠮᠡᠷᠭᠡᠵᠢᠯ ᠤᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ ᠃       ᠵᠢᠵᠢᠭᠬᠡᠨ ᠬᠡᠮᠡᠷᠯᠢᠭ ᠲᠤᠭ ᠨᠢ ᠲᠠᠷᠢᠶᠠᠯᠠᠩ ᠤᠨ ᠮᠡᠷᠭᠡᠵᠢᠯᠲᠡᠳ ᠤᠨ ᠰᠢᠷᠭᠠᠭᠤ ᠬᠥᠳᠡᠯᠮᠦᠷᠢ ᠬᠦᠴᠦ ᠬᠥᠯᠥᠰᠦ ᠶᠢ ᠰᠢᠩᠭᠡᠭᠡᠵᠦ ᠂ ᠪᠦᠬᠦ ᠠᠷᠠᠳ ᠢᠶᠠᠷ ᠢᠶᠠᠨ ᠡᠶ᠎ᠡ ᠵᠣᠬᠢᠴᠠᠩᠭᠤᠢ ᠭᠡᠷ ᠣᠷᠣᠨ ᠢᠶᠠᠨ ᠬᠠᠮᠲᠤᠪᠠᠷ ᠪᠦᠲᠦᠭᠡᠨ ᠪᠠᠶᠢᠭᠤᠯᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠲᠤᠰᠬᠠᠨ᠎ᠠ ᠃ ᠬᠤᠶᠢᠰᠢᠳᠠ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠪᠦᠬᠦ ᠺᠠᠳ᠋ᠷ ᠠᠵᠢᠯᠲᠠᠨ ᠠᠵᠢᠯᠴᠢᠨ ᠡᠭᠦᠨ ᠢᠶᠠᠷ ᠬᠥᠳᠡᠯᠭᠡᠭᠦ ᠬᠦᠴᠦᠨ ᠪᠣᠯᠭᠠᠵᠤ ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ ᠂ ᠴᠢᠳᠠᠯ ᠤᠨ ᠢᠶᠠᠨ ᠬᠢᠷᠢ ᠪᠠᠷ ᠬᠢᠵᠦ ᠂ ᠥᠩᠭᠡᠷᠡᠭᠰᠡᠨ ᠲᠠᠢ ᠪᠠᠨ ᠠᠳᠠᠯᠢ ᠪᠠᠷ ᠬᠤᠤᠰ ᠪᠤᠯᠤᠯᠴᠠᠬᠤ ᠳᠠᠭᠠᠭᠠᠴᠢᠯᠠᠨ ᠬᠤᠯᠪᠤᠭᠠᠯᠠᠬᠤ ᠠᠵᠢᠯ ᠢ ᠥᠷᠨᠢᠭᠦᠯᠵᠦ ᠂ ᠠᠷᠠᠳ ᠲᠦᠮᠡᠨ ᠳᠤ ᠦᠢᠯᠡᠴᠢᠯᠡᠬᠦ ᠰᠢᠨ᠎ᠡ ᠬᠠᠭᠤᠳᠠᠰᠤ ᠶᠢ ᠪᠢᠴᠢᠭᠯᠡᠨ᠎ᠡ ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号