ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠵᠦ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠤᠨ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2023/3/10
      3 ᠰᠠᠷ᠎ᠠ ᠶᠢᠨ 9 ᠤ ᠦᠳᠡ ᠶᠢᠨ ᠬᠤᠶᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠰᠠᠭᠤᠭ᠎ᠠ ᠭᠠᠵᠠᠷ ᠲᠠᠭᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ ᠂ ᠰᠣᠨᠢᠨ ᠮᠡᠳᠡᠭᠡᠨ ᠤ ᠥᠭᠦᠯᠡᠭᠴᠢ ᠭᠦᠸᠧ ᠰᠢᠨ ᠲᠥᠯᠥᠭᠡᠯᠡᠭᠴᠢᠳ ᠤᠨ ᠪᠦᠯᠭᠦᠮ ᠤᠨ ᠪᠠᠶᠢᠳᠠᠯ ᠢ ᠨᠡᠶᠢᠲᠡᠯᠡᠭᠰᠡᠨ ᠪᠥᠭᠡᠳ ᠪᠦᠭᠦ ᠤᠯᠤᠰ ᠤᠨ ᠠᠷᠠᠳ ᠤᠨ ᠲᠥᠯᠥᠭᠡᠯᠡᠭᠴᠢ ᠭᠦᠩ ᠮᠢᠩ ᠵᠦ᠂ ᠰᠦᠬᠡ᠂ ᠸᠠᠩ ᡁᠢ ᠫᠢᠩ ᠲᠠᠢ ᠬᠠᠮᠲᠤ ᠠᠷᠠᠳ ᠤᠨ ᠡᠳᠦᠷ ᠤᠨ ᠰᠣᠨᠢᠨ᠂ ᠰᠢᠨᠬᠤᠸᠠ ᠬᠤᠷᠢᠶ᠎ᠠ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠵᠡᠷᠭᠡ ᠵᠠᠭᠤᠴᠢᠯᠠᠭᠤᠷ ᠤᠨ ᠰᠤᠷᠪᠤᠯᠵᠢᠯᠠᠬᠴᠢᠳ ᠤᠨ ᠠᠰᠠᠭᠤᠯᠲᠠ ᠶᠢ ᠬᠠᠷᠢᠭᠤᠯᠪᠠ᠃      ᠭᠦᠸᠧ ᠰᠢᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠨᠡᠶᠢᠲᠡ 58 ᠰᠣᠩᠭᠤᠨ ᠭᠠᠷᠭᠠᠪᠠ᠃ ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠠᠩᠬᠠᠷᠤᠯ ᠢᠶᠠᠨ ᠲᠥᠪᠯᠡᠷᠡᠭᠦᠯᠦᠨ ᠡᠯ᠎ᠡ ᠵᠦᠢᠯ ᠤᠨ ᠢᠯᠡᠳᠬᠡᠯ ᠮᠡᠳᠡᠭᠦᠯᠦᠯᠲᠡ᠂ ᠰᠠᠨᠠᠯ ᠵᠥᠪᠯᠡᠯᠭᠡ ᠶᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠨ ᠰᠠᠨᠠᠯ ᠰᠠᠨᠠᠭᠤᠯᠭ᠎ᠠ ᠳᠤᠷᠠᠳᠴᠠᠢ᠃ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠠᠢ ᠨᠢᠭᠲᠠ ᠤᠶᠠᠯᠳᠤᠭᠤᠯᠤᠨ᠂ ᠭᠤᠣᠯᠳᠠᠭᠤ ᠰᠢᠨ᠎ᠡ ᠡᠨᠧᠷᠭᠢ ᠶᠢᠨ ᠬᠥᠭᠵᠢᠯᠲᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠠᠮᠤ ᠪᠤᠳᠠᠭᠠᠨ ᠤ ᠠᠮᠤᠷ ᠲᠦᠪᠰᠢᠨ᠂ ᠮᠢᠬᠠᠨ ᠤ ᠦᠬᠡᠷ ᠬᠤᠨᠢᠨ ᠤ ᠠᠵᠤ ᠦᠢᠯᠡᠰ ᠢ ᠬᠥᠭᠵᠢᠭᠦᠯᠬᠦ᠂ ᠡᠮ ᠡᠮᠨᠡᠯᠭᠡ ᠶᠢᠨ ᠦᠢᠯᠡᠴᠢᠯᠡᠭᠡ ᠶᠢᠨ ᠲᠦᠪᠰᠢᠨ ᠢ ᠳᠡᠭᠡᠭᠰᠢᠯᠡᠭᠦᠯᠭᠦ᠂ ᠮᠠᠯᠵᠢᠬᠤ ᠲᠠᠷᠢᠶᠠᠯᠠᠬᠤ ᠣᠷᠣᠨ ᠪᠠ ᠬᠢᠯᠢ ᠬᠢᠵᠠᠭᠠᠷ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠶᠢᠨ ᠲᠤᠬᠠᠢ 1 ᠬᠤᠪᠢ ᠰᠠᠨᠠᠯ ᠵᠥᠪᠯᠡᠯᠭᠡ᠂ 93 ᠬᠤᠪᠢ ᠰᠠᠨᠠᠭᠤᠯᠭ᠎ᠠ ᠳᠤᠷᠠᠳᠪᠠ᠃ ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠶᠡᠭᠡ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠪᠠ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠪᠦᠭᠦ ᠲᠥᠯᠥᠭᠡᠯᠡᠭᠴᠢ ᠶᠢᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ ᠭᠡᠵᠦ ᠲᠠᠨᠢᠯᠴᠠᠭᠤᠯᠵᠠᠢ᠃      ᠠᠰᠠᠭᠤᠯᠲᠠ ᠶᠢ ᠬᠠᠷᠢᠭᠤᠯᠬᠤ ᠳᠠᠭᠠᠨ ᠸᠠᠩ ᡁᠢ ᠫᠢᠩ᠂ ᠣᠶᠢᠷ᠎ᠠ ᠶᠢᠨ ᠵᠢᠯ ᠤᠨ ᠲᠤᠷᠰᠢ ᠥᠪᠥᠷ ᠮᠣᠩᠭᠤᠯ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠪᠤᠯᠬᠤ︾ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠶᠢ ᠲᠡᠷᠢᠭᠦᠨ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠤᠯᠭᠠᠵᠤ᠂ ᠪᠦᠭᠦ ᠣᠷᠣᠨ ᠤ ᠬᠠᠭᠠᠰ ᠠᠴᠠ ᠳᠡᠭᠡᠭᠰᠢᠬᠢ ᠤᠯᠤᠰ ᠤᠨ ᠨᠤᠲᠤᠭ ᠳᠡᠪᠢᠰᠬᠡᠷ ᠤᠨ ᠲᠠᠯᠠᠪᠠᠶ ᠶᠢ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠣᠷᠣᠭᠤᠯᠵᠤ᠂ 72%  ᠤᠨ ᠤᠯᠤᠰ ᠤᠨ ᠨᠤᠲᠤᠭ ᠳᠡᠪᠢᠰᠬᠡᠷ ᠤᠨ ᠲᠠᠯᠠᠪᠠᠶ ᠶᠢ ᠠᠮᠢ ᠠᠬᠤᠢ ᠶᠢᠨ ᠣᠷᠣᠨ ᠵᠠᠢ ᠳᠤ ᠣᠷᠣᠭᠤᠯᠵᠠᠢ᠃ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠬᠠᠳᠤᠨ ᠭᠤᠣᠯ᠂ ︽ᠬᠥᠯᠥᠨ ᠨᠠᠭᠤᠷ᠂ ᠤᠯᠠᠭᠠᠨᠰᠤᠬᠠᠢ᠂ ᠳᠠᠭ᠎ᠠ ᠶᠢᠨ ᠨᠠᠭᠤᠷ︾ ᠵᠡᠷᠭᠡ ᠭᠤᠣᠯᠳᠠᠯᠭ᠎ᠠ ᠲᠠᠢ ᠭᠤᠣᠯ ᠮᠥᠷᠡᠨ ᠨᠠᠭᠤᠷ ᠴᠥᠭᠦᠷᠥᠮ ᠢ ᠶᠡᠷᠦᠩᠬᠡᠶᠢᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠡᠨᠧᠷᠭᠢ ᠪᠠ ᠤᠰᠤᠨ ᠤ ᠡᠬᠢ ᠪᠠᠶᠠᠯᠢᠭ ᠤᠨ ᠬᠤᠷᠣᠭᠳᠠᠭᠤᠯᠤᠯ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠵᠡᠷᠭᠡ ᠶᠢᠨ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ᠬᠤᠣᠰ ᠡᠵᠡᠮᠳᠡᠯ ᠢ ᠴᠢᠩᠭ᠎ᠠ ᠬᠡᠷᠡᠭᠵᠢᠭᠦᠯᠵᠦ᠂ ᠵᠢᠯ ᠳᠤᠮᠳᠠᠴᠢ ᠪᠠᠷ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦᠷᠬᠡᠭᠵᠢᠯ ᠢ ᠵᠠᠰᠠᠭᠰᠠᠨ ᠲᠠᠯᠠᠪᠠᠢ 1200 ᠲᠦᠮᠡᠨ ᠮᠦ ᠠᠴᠠ ᠳᠡᠭᠡᠭᠰᠢ ᠳᠤ ᠬᠦᠷᠴᠦ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠪᠠ ᠣᠢ ᠰᠢᠭᠤᠢ ᠶᠢᠨ ᠪᠦᠷᠬᠦᠴᠡ ᠶᠢᠨ ᠨᠣᠷᠮ᠎ᠠ ︽ᠬᠤᠣᠰ ᠳᠡᠭᠡᠭᠰᠢᠯᠡᠯᠲᠡ︾ ᠲᠠᠢ ᠪᠠᠶᠢᠬᠤ ᠶᠢ ᠪᠡᠶᠡᠯᠡᠭᠦᠯᠪᠡ᠃ ᠲᠠᠷᠠᠭᠠᠴᠢ ᠶᠢᠨ ᠠᠯᠬᠤᠮ ᠳᠤ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠭᠦ ᠣᠷᠣᠨ ᠪᠦᠰᠡ ᠪᠦᠭᠦ ᠶᠠᠪᠤᠴᠠ ᠳᠤ ᠴᠢᠩᠭᠠᠳᠬᠠᠵᠤ᠂ ᠬᠥᠭᠵᠢᠯᠲᠡ ᠶᠢᠨ ᠠᠷᠭ᠎ᠠ ᠭᠡᠯᠪᠡᠷᠢ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠪᠦᠭᠦ ᠬᠦᠷᠢᠶ᠎ᠡ ᠴᠠᠷᠠᠭ᠎ᠠ ᠪᠦᠭᠦ ᠲᠠᠯ᠎ᠠ ᠪᠠᠷ ᠠᠬᠢᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠥᠰᠦᠯᠲᠡ ᠶᠢ ᠨᠡᠮᠡᠭᠳᠡᠭᠦᠯᠬᠦ ᠶᠢ ᠬᠠᠮᠵᠢᠯᠴᠠᠭᠤᠯᠤᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠬᠢᠯᠢ ᠳᠤ ᠨᠠᠩ ᠪᠠᠲᠤ ᠪᠠᠬᠢ᠂ ᠦᠵᠡᠰᠬᠦᠯᠡᠩᠲᠦ ᠰᠠᠶᠢᠬᠠᠨ ᠲᠦᠮᠡᠨ ᠭᠠᠵᠠᠷ ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠴᠢᠷᠮᠠᠶᠢᠨ ᠪᠠᠶᠢᠭᠤᠯᠤᠨ᠎ᠠ ᠭᠡᠵᠡᠢ᠃      ᠸᠠᠩ ᡁᠢ ᠫᠢᠩ᠂ ᠥᠪᠥᠷ ᠮᠣᠩᠭᠤᠯ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠲᠠᠢ ᠨᠢᠭᠲᠠ ᠤᠶᠠᠯᠳᠤᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠶ ᠲᠡᠶᠢᠰᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠪᠠ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠮᠤ ᠪᠤᠳᠠᠭᠠᠨ ᠤ ᠤᠨᠠᠯᠲᠠ 5 ᠵᠢᠯ ᠳᠠᠷᠠᠭᠠᠯᠠᠨ 700 ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠦᠬᠡᠷ ᠬᠤᠨᠢᠨ ᠮᠢᠬᠠᠨ ᠤ ᠭᠠᠷᠤᠯᠲᠠ᠂ ᠰᠦ ᠶᠢᠨ ᠭᠠᠷᠤᠯᠲᠠ ᠴᠥᠮ ᠪᠦᠭᠦ ᠤᠯᠤᠰ ᠲᠤ ᠲᠦᠷᠦᠭᠦᠯᠡᠵᠦ᠂ ᠪᠦᠭᠦ ᠤᠯᠤᠰ ᠤᠨ ᠬᠠᠭᠠᠰ ᠰᠢᠬᠠᠮ ᠢᠮᠠᠭᠠᠨ ᠨᠣᠣᠯᠣᠭᠤᠷ ᠢ ᠬᠠᠩᠭᠠᠵᠤ ᠪᠤᠢ᠃ ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠶᠢ ᠪᠦᠭᠦ ᠬᠦᠴᠦᠨ ᠢᠶᠠᠷ ᠪᠠᠬᠢᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ 4989 ᠲᠦᠮᠡᠨ ᠮᠦ ᠪᠠᠶᠢᠭᠤᠯᠵᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠤᠯᠤᠰ ᠤᠨ ᠴᠢᠬᠤᠯᠠ ︽ᠠᠮᠤ ᠶᠢᠨ ᠰᠠᠩ︾᠂ ︽ᠮᠢᠬᠠᠨ ᠤ ᠬᠥᠮᠥᠷᠭᠡ︾᠂ ︽ᠰᠦ ᠶᠢᠨ ᠬᠥᠨᠥᠭ︾᠂ ︽ᠨᠣᠣᠯᠣᠭᠤᠷ ᠤᠨ ᠬᠤᠲᠠ︾ ᠪᠣᠯᠤᠭᠰᠠᠨ ᠪᠠᠶᠢᠨ᠎ᠠ᠃ ᠰᠦ ᠶᠢᠨ ᠦᠢᠯᠡᠰ᠂ ᠡᠷᠳᠡᠨᠢ ᠰᠢᠰᠢ 2 ᠮᠢᠩᠭᠠᠨ ᠳ᠋ᠦᠩᠰᠢᠭᠤᠷ ᠤᠨ ᠲᠠᠰ ᠪᠠ ᠮᠢᠬᠠᠨ ᠤ ᠬᠤᠨᠢ᠂ ᠮᠢᠬᠠᠨ ᠤ ᠦᠬᠡᠷ᠂ ᠲᠥᠮᠥᠰᠥ᠂ ᠨᠡᠷᠡᠨ ᠬᠤᠸᠠᠷ ᠤᠨ ᠦᠷ᠎ᠡ ᠵᠡᠷᠭᠡ 10 ᠵᠠᠭᠤᠨ ᠳ᠋ᠦᠩᠰᠢᠭᠤᠷ ᠤᠨ ᠲᠠᠰ ᠤᠨ ᠠᠵᠤ ᠦᠢᠯᠡᠰ ᠤᠨ ᠪᠦᠯᠦᠭᠵᠢᠯ ᠢ ᠪᠤᠶ ᠪᠤᠯᠭᠠᠵᠤ᠂ ᠲᠡᠭᠷᠢ ᠶᠢᠨ ᠬᠡᠰᠢᠭᠲᠦ ᠪᠣᠷᠣᠳᠣᠬᠤᠢ᠂ ᠢᠯᠢ ᠶᠢᠨ ᠶᠢᠨ ᠳ᠋ᠢᠶᠠᠨ ᠵᠡᠷᠭᠡ ︽ᠥᠪᠥᠷ ᠮᠣᠩᠭᠤᠯ ᠨᠠᠷᠠᠮᠵᠢᠲᠤ︾ ᠨᠠᠷᠠᠲᠤ ᠲᠥᠷᠥᠯ ᠲᠡᠮᠳᠡᠭ ᠶᠠᠪᠤᠬᠤ ᠲᠤᠳᠤᠮ ᠨᠡᠷ᠎ᠡ ᠠᠯᠳᠠᠷᠰᠢᠵᠤ ᠪᠤᠢ᠃ ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ ᠲᠣᠮᠣ ᠣᠷᠣᠨ ᠠᠴᠠ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠴᠦᠷᠬᠡᠭ ᠣᠷᠣᠨ ᠲᠡᠶᠢᠰᠢ ᠬᠤᠪᠢᠷᠠᠭᠤᠯᠬᠤ ᠬᠠᠷᠠᠯᠲᠠ ᠶᠢ ᠲᠣᠭᠲᠠᠭᠠᠵᠤ᠂ ᠲᠠᠷᠢᠶᠠᠯᠠᠩ ᠤᠨ ᠬᠡᠪᠴᠢᠶᠡᠵᠢᠭᠰᠡᠨ᠂ ᠠᠵᠤ ᠦᠢᠯᠡᠰᠵᠢᠭᠰᠡᠨ᠂ ᠲᠥᠷᠥᠯ ᠲᠡᠮᠳᠡᠭᠵᠢᠭᠰᠡᠨ ᠬᠥᠭᠵᠢᠯᠲᠡ ᠶᠢ ᠠᠬᠢᠭᠤᠯᠵᠤ᠂ ᠨᠠᠩ ᠣᠯᠠᠨ ︽ᠥᠪᠥᠷ ᠮᠣᠩᠭᠤᠯ︾ ᠨᠠᠷᠠᠮᠵᠢᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠲᠠᠰᠤᠷᠠᠯᠲᠠ ᠦᠭᠡᠢ ᠪᠦᠭᠦ ᠤᠯᠤᠰ ᠲᠤ ᠭᠠᠷᠭᠠᠵᠤ᠂ ︽ᠳᠤᠮᠳᠠᠳᠤ ᠤᠯᠤᠰ ᠤᠨ ᠠᠶᠠᠭ᠎ᠠ︾ ᠳᠤ ᠢᠯᠡᠭᠦᠬᠡᠨ ᠠᠮᠤ ᠪᠤᠳᠠᠭ᠎ᠠ ᠰᠠᠪᠠᠯᠠᠵᠤ᠂ ᠰᠠᠶᠢᠲᠤᠷ ᠠᠮᠤ ᠪᠤᠳᠠᠭ᠎ᠠ ᠰᠠᠪᠠᠯᠠᠵᠤ᠂ ᠰᠠᠶᠢᠲᠤᠷ ᠰᠦ ᠰᠠᠪᠠᠯᠠᠵᠤ᠂ ᠰᠠᠶᠢᠲᠤᠷ ᠮᠢᠬ᠎ᠠ ᠰᠠᠪᠠᠯᠠᠬᠤ ᠪᠣᠯᠣᠨ᠎ᠠ ᠭᠡᠵᠦ ᠲᠠᠨᠢᠯᠴᠠᠭᠤᠯᠪᠠ᠃      ᠭᠦᠩ ᠮᠢᠩ ᠵᠦ ᠠᠰᠠᠭᠤᠯᠲᠠ ᠶᠢ ᠬᠠᠷᠢᠭᠤᠯᠬᠤ ᠳᠠᠭᠠᠨ᠂ ᠬᠤᠪᠣᠷ ᠰᠢᠷᠣᠢ ᠶᠢᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠴᠢᠬᠤᠯᠠ ᠡᠭᠦᠷᠭᠡ ᠪᠣᠯᠣᠨ᠎ᠠ᠃ ᠣᠶᠢᠷ᠎ᠠ ᠶᠢᠨ ᠵᠢᠯ ᠠᠴᠠ ᠨᠠᠭᠠᠰᠢ᠂ ᠥᠪᠥᠷ ᠮᠣᠩᠭᠤᠯ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠤᠪᠣᠷ ᠰᠢᠷᠣᠢ ᠪᠠ ᠰᠢᠨ᠎ᠡ ᠡᠨᠧᠷᠭᠢ ᠶᠢᠨ ᠡᠬᠢ ᠪᠠᠶᠠᠯᠢᠭ ᠤᠨ ᠳᠠᠪᠠᠭᠤᠯᠢᠭ ᠢ ᠢᠳᠡᠪᠬᠢᠲᠡᠢ ᠪᠠᠳᠠᠷᠠᠭᠤᠯᠵᠤ᠂ ᠬᠤᠪᠣᠷ ᠰᠢᠷᠣᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠪᠠ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠵᠢᠴᠢ ᠬᠡᠷᠡᠭᠯᠡᠭᠡᠨ ᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ︽ᠬᠤᠪᠣᠷ ᠰᠢᠷᠣᠢ +︾ ᠶᠢᠨ ᠬᠠᠮᠵᠢᠯᠴᠠᠨ ᠰᠢᠨ᠎ᠡ ᠶᠢ ᠡᠭᠦᠳᠭᠦ ᠶᠢ ᠬᠦᠴᠦᠲᠡᠢ ᠠᠬᠢᠭᠤᠯᠵᠤ᠂ ︽ᠬᠤᠪᠣᠷ ᠰᠢᠷᠣᠢ ᠶᠢᠨ ᠬᠤᠲᠠ︾ ᠪᠠ ᠰᠢᠨ᠎ᠡ ᠡᠨᠧᠷᠭᠢ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢ ᠪᠦᠭᠦ ᠬᠦᠴᠦᠨ ᠢᠶᠠᠷ ᠢᠶᠠᠨ ᠴᠣᠭᠴᠠᠯᠠᠵᠤ᠂ ᠬᠤᠪᠣᠷ ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠪᠠ᠃ ᠥᠪᠥᠷ ᠮᠣᠩᠭᠤᠯ ᠳᠤ ᠡᠯᠪᠡᠭ ᠪᠠᠶᠠᠯᠢᠭ ᠰᠠᠯᠬᠢ ᠭᠡᠷᠡᠯ ᠤᠨ ᠡᠬᠢ ᠪᠠᠶᠠᠯᠢᠭ ᠲᠠᠢ᠂ ᠪᠢᠳᠡ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠪᠠ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠣᠲᠣ ᠦᠶ᠎ᠡ ᠶᠢᠨ ᠡᠨᠧᠷᠭᠢ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠡᠨᠧᠷᠭᠢ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠡᠨᠧᠷᠭᠢ ᠶᠢᠨ ᠴᠢᠨᠠᠷ ᠰᠠᠶᠢᠲᠠᠢ ᠪᠠᠷ ᠲᠠᠰ ᠲᠡᠪᠰᠢᠨ ᠭᠦᠭᠵᠢᠭᠦ ᠶᠢ ᠲᠦᠷᠭᠡᠳᠬᠡᠵᠦ᠂ ᠨᠠᠩ ᠲᠣᠭᠲᠠᠭᠤᠨ᠂ ᠨᠠᠩ ᠠᠮᠤᠷ ᠲᠦᠪᠰᠢᠨ᠂ ᠨᠠᠩ ᠪᠣᠬᠢᠷᠳᠤᠯ ᠦᠭᠡᠢ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠤᠨ᠎ᠠ ᠭᠡᠵᠦ ᠬᠡᠯᠡᠪᠡ᠃      ᠭᠦᠩ ᠮᠢᠩ ᠵᠦ᠂ ᠥᠪᠥᠷ ᠮᠣᠩᠭᠤᠯ ᠨᠢ ᠤᠷᠤᠰ ᠮᠣᠩᠭᠤᠯ ᠲᠠᠢ ᠬᠤᠯᠪᠤᠭᠠᠯᠠᠨ ᠨᠡᠪᠲᠡᠷᠡᠯᠴᠡᠬᠦ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠯᠤᠰ ᠤᠨ ᠬᠥᠷᠰᠢ ᠵᠡᠷᠭᠡᠯᠡᠳᠡᠭᠡ ᠶᠢ ᠡᠪᠯᠡᠵᠦ ᠵᠠᠰᠠᠬᠤ ᠳᠤ ᠦᠢᠯᠡᠴᠢᠯᠡᠵᠦ᠂ ᠳᠣᠲᠣᠭᠠᠳᠤ ᠬᠠᠭᠤᠷᠠᠢ ᠶᠢᠨ ᠨᠡᠭᠡᠭᠡᠯᠲᠡ ᠶᠢᠨ ᠥᠨᠳᠦᠷᠯᠢᠭ ᠪᠣᠯᠣᠨ ᠬᠢᠯᠢ ᠳᠠᠭᠠᠤ ᠨᠡᠭᠡᠭᠡᠯᠲᠡ ᠶᠢᠨ ᠴᠢᠬᠤᠯᠠ ᠲᠤᠯᠬᠤ ᠴᠡᠭ ᠢ ᠴᠣᠭᠴᠠᠯᠠᠵᠤ᠂ ︽ᠨᠢᠭᠡ ᠪᠦᠰᠡ ᠨᠢᠭᠡ ᠵᠠᠮ︾ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠨᠡᠭᠡᠭᠡᠯᠲᠡ ᠶᠢᠨ ᠠᠯᠬᠤᠭ᠎ᠠ ᠨᠡᠩ ᠪᠠᠲᠤᠵᠢᠪᠠ᠃ ᠳᠠᠷᠠᠭᠠᠴᠢ ᠶᠢᠨ ᠠᠯᠬᠤᠮ ᠳᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠤᠯᠭᠠᠬᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠳᠤ ᠦᠢᠯᠡᠴᠢᠯᠡᠬᠦ ᠴᠢᠳᠠᠮᠵᠢ ᠶᠢ ᠬᠦᠴᠦᠯᠡᠨ ᠨᠡᠮᠡᠭᠳᠡᠭᠦᠯᠵᠦ᠂ ᠬᠦᠴᠦᠨ ᠢᠶᠠᠨ ᠲᠥᠪᠯᠡᠷᠡᠭᠦᠯᠦᠨ ᠮᠠᠨᠵᠤᠤᠷ᠂ ᠡᠷᠢᠶᠡᠨ ᠬᠤᠲᠠ ᠶᠢᠨ ᠶᠡᠷᠦᠩᠬᠡᠶᠢᠯᠡᠭᠰᠡᠨ ᠬᠦᠢᠰᠦ ᠪᠣᠭᠤᠮᠲᠠ ᠶᠢ ᠴᠣᠭᠴᠠᠯᠠᠵᠤ᠂ ᠳᠣᠲᠣᠭᠠᠳᠤ ᠭᠠᠳᠠᠭᠠᠳᠤ ᠨᠡᠭᠡᠭᠡᠯᠲᠡ ᠶᠢᠨ ᠨᠡᠪᠲᠡᠷᠡᠯ ᠵᠠᠮ ᠤᠨ ᠪᠦᠲᠦᠭᠡᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠡᠬᠡ ᠬᠠᠭᠤᠷᠠᠢ ᠪᠠ ᠳᠠᠯᠠᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠰᠢᠰᠲ᠋ᠧᠮ ᠢ ᠪᠠᠶᠢᠭᠤᠯᠵᠤ᠂ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠢ ᠴᠢᠷᠮᠠᠶᠢᠨ ᠡᠭᠦᠳᠴᠦ᠂ ᠥᠪᠥᠷ ᠮᠣᠩᠭᠤᠯ ᠤᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠰᠭᠦᠯᠡᠩ ᠤᠨ ᠴᠤᠭᠯᠠᠭᠠᠨ᠂ ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠵᠡᠷᠭᠡ ᠥᠨᠳᠥᠷ ᠲᠡᠰ ᠤᠨ ᠨᠡᠭᠡᠭᠡᠯᠲᠡᠲᠤ ᠬᠠᠮᠲᠤᠷᠠᠯᠴᠠᠭᠠᠨ ᠤ ᠲᠠᠪᠴᠠᠩ ᠢ ᠴᠢᠷᠮᠠᠶᠢᠨ ᠪᠠᠶᠢᠭᠤᠯᠵᠤ᠂ ᠪᠦᠭᠦ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠨᠠᠩ ᠠᠮᠢᠵᠢᠷᠠᠯ ᠤᠨ ᠬᠦᠴᠦᠨ ᠲᠠᠢ ᠪᠣᠯᠭᠠᠨ ᠪᠦᠲᠦᠭᠡᠨ ᠪᠠᠶᠢᠭᠤᠯᠤᠨ᠎ᠠ ᠭᠡᠪᠡ᠃      ᠰᠦᠬᠡ᠂ ᠥᠪᠥᠷ ᠮᠣᠩᠭᠤᠯ ᠤᠨ ᠬᠢᠨ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠶᠢ ᠪᠠᠷᠢᠮᠲᠠᠯᠠᠵᠤ᠂ ᠬᠢᠯᠢ ᠶᠢᠨ ᠬᠠᠮᠢᠶᠠᠷᠤᠨ ᠡᠵᠡᠮᠳᠡᠬᠦ ᠬᠦᠴᠦᠨ ᠪᠣᠯᠣᠨ ᠬᠢᠯᠢ ᠶᠢᠨ ᠬᠠᠮᠠᠭᠠᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠶᠢ ᠲᠣᠭᠲᠠᠪᠤᠷᠢᠵᠢᠭᠤᠯᠵᠤ ᠬᠢᠯᠢ ᠶᠢ ᠪᠠᠬᠢᠵᠢᠭᠦᠯᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠪᠡ᠃ ᠣᠶᠢᠷ᠎ᠠ ᠶᠢᠨ ᠵᠢᠯ ᠳᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠬᠦᠨᠳᠦ ᠶᠡᠭᠡ ᠭᠡᠨᠡᠳᠲᠡ ᠡᠭᠦᠰᠭᠦ ᠤᠯᠠᠨ ᠨᠡᠶᠢᠲᠡ ᠶᠢᠨ ᠬᠡᠷᠡᠭ ᠢ ᠰᠢᠢᠳᠪᠦᠷᠢᠯᠡᠬᠦ ᠪᠠᠲᠤᠯᠠᠭ᠎ᠠ ᠶᠢᠨ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠤᠯᠠᠨ ᠲᠦᠮᠡᠨ ᠤ ᠲᠤᠰᠬᠠᠯ ᠢᠶᠠᠷ ᠴᠢᠩᠭ᠎ᠠ ᠪᠠᠶᠢᠭ᠎ᠠ ᠬᠠᠤᠯᠢ ᠶᠢ ᠵᠥᠷᠢᠴᠡᠭᠰᠡᠨ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠬᠡᠵᠦ᠂ ᠠᠷᠠᠳ ᠤᠯᠠᠨ ᠤ ᠠᠮᠤᠷ ᠲᠦᠪᠰᠢᠨ ᠤ ᠲᠥᠷᠥᠭᠳᠡᠯ ᠪᠠ ᠠᠮᠤᠷ ᠠᠮᠤᠭᠤᠯᠠᠩ ᠤᠨ ᠪᠠᠶᠢᠭᠤᠯᠤᠯᠲᠠ ᠳᠤ ᠬᠠᠨᠤᠮᠵᠢᠳᠠᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠪᠡ᠃ ︽ᠪᠢ ᠡᠬᠡ ᠤᠯᠤᠰ ᠤᠨ ᠢᠶᠠᠨ ᠲᠥᠯᠥᠭᠡ ᠨᠢᠭᠡ ᠡᠳᠦᠷ ᠬᠢᠯᠢ ᠬᠢᠵᠠᠭᠠᠷ ᠢ ᠰᠠᠬᠢᠨ ᠬᠠᠮᠠᠭᠠᠯᠠᠨ᠎ᠠ︾᠂ ︽ᠪᠢ ᠤᠮᠠᠷᠠᠲᠤ ᠬᠢᠯᠢ ᠳᠤ ᠨᠠᠷᠠᠠ ᠮᠠᠨᠳᠤᠬᠤ ᠶᠢ ᠬᠠᠷᠠᠯ᠎ᠠ︾᠂ ︽ᠬᠠᠮᠤᠭ ᠤᠨ ᠭᠤᠶᠣ ᠬᠢᠯᠢ ᠶᠢᠨ ᠬᠠᠮᠠᠭᠠᠯᠠᠯᠲᠠ ᠶᠢᠨ ᠱᠤᠭᠤᠮ ᠰᠡᠳᠬᠢᠯ ᠨᠢᠭᠡᠳᠦᠨ ᠤᠮᠠᠷᠠᠲᠤ ᠬᠢᠯᠢ ᠪᠠᠨ ᠰᠠᠬᠢᠨ ᠬᠠᠮᠠᠭᠠᠯᠠᠶ᠎ᠠ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠤᠯᠤᠰ ᠢᠶᠠᠨ ᠬᠠᠶᠢᠷᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ ᠵᠣᠷᠢᠭ ᠰᠠᠨᠠᠭ᠎ᠠ ᠶᠢ ᠣᠯᠠᠨ ᠲᠦᠮᠡᠨ ᠤ ᠰᠡᠳᠬᠢᠯ ᠳᠤ ᠪᠠᠲᠤ ᠦᠨᠳᠦᠰᠦᠯᠡᠭᠦᠯᠪᠡ᠃ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠬᠢᠯᠢ ᠬᠢᠵᠠᠭᠠᠷ ᠣᠷᠣᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠤ᠂ ᠨᠠᠩ ᠣᠯᠠᠨ ᠬᠥᠮᠥᠨ ᠤ ᠬᠢᠯᠢ ᠬᠢᠵᠠᠭᠠᠷ ᠣᠷᠣᠨ ᠳᠤ ᠣᠴᠢᠵᠤ ᠠᠵᠢᠯ ᠬᠢᠵᠦ ᠦᠢᠯᠡᠰ ᠪᠣᠰᠬᠠᠨ ᠰᠠᠭᠤᠷᠢᠰᠢᠵᠤ᠂ ᠬᠢᠯᠢ ᠬᠢᠵᠠᠭᠠᠷ ᠢ ᠰᠠᠬᠢᠨ ᠬᠠᠮᠠᠭᠠᠯᠠᠬᠤ ᠶᠢ ᠲᠠᠶᠢᠴᠢᠯᠠᠵᠤ᠂ ᠬᠢᠯᠢ ᠶᠢ ᠲᠣᠭᠲᠠᠪᠤᠷᠢᠵᠢᠭᠤᠯᠵᠤ ᠬᠢᠯᠢ ᠶᠢ ᠪᠠᠬᠢᠵᠢᠭᠦᠯᠬᠦ ︽ᠲᠡᠮᠦᠷ ᠬᠡᠷᠡᠮ ᠪᠣᠯᠣᠳ ᠬᠠᠨ᠎ᠠ︾ ᠶᠢ ᠴᠣᠭᠴᠠᠯᠠᠪᠠ ᠭᠡᠵᠦ ᠬᠡᠯᠡᠪᠡ᠃      ᠰᠦᠬᠡ᠂ ᠥᠪᠥᠷ ᠮᠣᠩᠭᠤᠯ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢᠶᠠᠨ ᠠᠮᠢ ᠨᠠᠰᠤ ᠠᠴᠠ ᠪᠠᠨ ᠴᠤ ᠡᠷᠬᠢᠮ ᠨᠠᠨᠳᠢᠨ ᠢᠶᠠᠷ ᠦᠵᠡᠵᠦ᠂ 2400 ᠭᠠᠷᠤᠢ ᠲᠦᠮᠡᠨ ᠦᠨᠳᠦᠰᠦᠲᠡᠨ ᠨᠦᠭᠦᠳ ᠤᠨ ᠠᠷᠠᠳ ᠲᠦᠮᠡᠨ ᠡᠶ᠎ᠡ ᠨᠠᠶᠢᠷᠲᠠᠢ ᠬᠠᠮᠲᠤ ᠪᠠᠷ ᠣᠷᠣᠰᠢᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠭᠦ ᠤᠯᠤᠰ ᠤᠨ ᠠᠷᠠᠳ ᠲᠦᠮᠡᠨ ᠲᠠᠢ ᠬᠠᠮᠲᠤ ᠪᠠᠷ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ ᠬᠦᠰᠡᠯ ᠵᠡᠭᠦᠳᠦ ᠶᠢ ᠪᠡᠶᠡᠯᠡᠭᠦᠯᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 2.32 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠵᠤ ᠠᠬᠤᠢ ᠬᠥᠭᠵᠢᠭᠰᠡᠨ᠂ ᠦᠨᠳᠦᠰᠦᠲᠡᠨ ᠨᠦᠭᠦᠳ ᠪᠦᠯᠬᠦᠮᠳᠡᠭᠰᠡᠨ᠂ ᠨᠡᠶᠢᠭᠡᠮ ᠲᠣᠭᠲᠠᠭᠤᠨ᠂ ᠬᠢᠯᠢ ᠬᠢᠵᠠᠭᠠᠷ ᠠᠮᠤᠷ ᠲᠣᠭᠲᠠᠭᠤᠨ ᠰᠠᠶᠢᠨ ᠰᠠᠶᠢᠬᠠᠨ ᠪᠠᠶᠢᠳᠠᠯ ᠢ ᠪᠠᠲᠤᠯᠠᠪᠠ᠃ ᠲᠠᠷᠠᠭᠠᠴᠢ ᠶᠢᠨ ᠠᠯᠬᠤᠮ ᠳᠤ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠤ ᠠᠭᠤᠯᠬᠤᠨ ᠪᠠ ᠠᠭᠤᠯᠤᠭᠳᠠᠬᠤᠨ ᠢ ᠪᠠᠶᠠᠯᠢᠭᠵᠢᠭᠤᠯᠤᠨ ᠥᠷᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠪᠠ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠳᠥᠷᠪᠡᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠤᠯᠤᠰ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠨᠠᠩ ᠣᠯᠠᠨ ᠥᠪᠥᠷ ᠮᠣᠩᠭᠤᠯ ᠤᠨ ᠬᠦᠴᠦᠨ ᠴᠢᠳᠠᠯ ᠢ ᠡᠷᠭᠦᠵᠦ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠬᠠᠷᠢᠭᠤᠴᠠᠯᠭ᠎ᠠ ᠡᠭᠦᠷᠭᠡᠯᠡᠯ ᠪᠠ ᠴᠤᠭ ᠵᠢᠪᠬᠤᠭ᠎ᠠ ᠶᠢ ᠪᠦᠭᠦ ᠲᠠᠯ᠎ᠠ ᠪᠠᠷ ᠢᠯᠡᠷᠡᠭᠦᠯᠦᠨ᠎ᠡ ᠭᠡᠵᠦ ᠲᠠᠨᠢᠯᠴᠠᠭᠤᠯᠪᠠ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号