ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠠᠴᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠲᠥᠷᠥᠯ ᠵᠦᠢᠯ ᠤᠨ ︽ᠮᠣᠩᠭᠤᠯ ᠦᠬᠡᠷ ᠤᠨ ᠦᠷ᠎ᠡ ᠶᠢᠨ ᠶᠠᠰᠤ ᠴᠢᠨᠠᠷ ᠤᠨ ᠡᠬᠢ ᠰᠤᠷᠪᠤᠯᠵᠢ ᠶᠢ ᠬᠠᠳᠠᠭᠠᠯᠠᠵᠤ ᠬᠠᠮᠠᠭᠠᠯᠠᠬᠤ ᠪᠠ ᠰᠢᠨ᠎ᠡ ᠶᠢ ᠡᠭᠦᠳᠦᠨ ᠠᠰᠢᠭᠯᠠᠬᠤ ᠰᠤᠳᠤᠯᠤᠯ︾ ᠤᠨ ᠳᠤᠮᠳᠠ ᠬᠤᠭᠤᠴᠠᠭᠠᠨ ᠤ ᠬᠢᠨᠠᠨ ᠰᠢᠯᠭᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/11
      2023 ᠣᠨ ᠤ 3 ᠰᠠᠷ᠎ᠠ ᠶᠢᠨ 9 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠠᠴᠠ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ ᠯᠢ ᠭᠤᠸᠠᠩ ᠫᠧᠩ ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠶᠢᠨ ᠶᠧ ᠵᠡᠷᠭᠡ 9 ᠠᠵᠢᠯ ᠲᠥᠷᠥᠯ ᠤᠨ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠮᠠᠯ ᠠᠵᠤ ᠠᠬᠤᠢ ᠶᠢᠨ ᠮᠡᠷᠭᠡᠵᠢᠯ ᠤᠨ ᠭᠠᠵᠠᠷ ᠤᠨ ᠡᠷᠭᠢᠯᠡᠨ ᠡᠭᠦᠷᠭᠡᠯᠡᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠤᠭᠤᠮᠲᠠ ᠰᠢᠪᠲᠤᠯᠬᠤ ᠲᠦᠷᠦᠯ ᠵᠦᠢᠯ ᠤᠨ ︽ ᠮᠣᠩᠭᠤᠯ ᠦᠬᠡᠷ ᠤᠨ ᠦᠷ᠎ᠡ ᠶᠢᠨ ᠶᠠᠰᠤ ᠴᠢᠨᠠᠷ ᠤᠨ ᠡᠬᠢ ᠰᠤᠷᠪᠤᠯᠵᠢ ᠶᠢ ᠬᠠᠳᠠᠭᠠᠯᠠᠵᠤ ᠬᠠᠮᠠᠭᠠᠯᠠᠬᠤ ᠪᠠ ᠰᠢᠨ᠎ᠡ ᠶᠢ ᠡᠭᠦᠳᠦᠨ ᠠᠰᠢᠭᠯᠠᠬᠤ ᠰᠤᠳᠤᠯᠤᠯ︾ ᠳᠤ ᠳᠤᠮᠳᠠ ᠬᠤᠭᠤᠴᠠᠭᠠᠨ ᠤ ᠬᠢᠨᠠᠨ ᠰᠢᠯᠭᠠᠯᠲᠠ ᠬᠢᠪᠡ᠃ ᠲᠥᠷᠥᠯ ᠵᠦᠢᠯ ᠤᠨ ᠬᠠᠷᠢᠭᠤᠴᠠᠯᠭᠠᠲᠠᠨ ᠰᠤᠳᠤᠯᠭᠠᠨ ᠤ ᠠᠬᠢᠴᠠ ᠂ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ᠂ ᠱᠠᠲᠤ ᠦᠶ᠎ᠡ ᠶᠢᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ᠂ ᠵᠠᠷᠤᠳᠠᠯ ᠤᠨ ᠬᠡᠷᠡᠭᠯᠡᠯᠲᠡ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠰᠢᠢᠳᠪᠦᠷᠢᠯᠡᠬᠦ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠨᠠᠷᠢᠨ ᠲᠣᠳᠣᠷᠬᠠᠢ ᠬᠠᠷᠢᠭᠤ ᠮᠡᠳᠡᠭᠦᠯᠦᠯᠲᠡ ᠬᠢᠵᠡᠢ ᠃ ᠲᠤᠰᠬᠠᠢ ᠮᠡᠷᠭᠡᠵᠢᠯᠲᠡᠨ ᠤ ᠳᠤᠭᠤᠶᠢᠯᠠᠩ ᠬᠠᠷᠢᠭᠤ ᠮᠡᠳᠡᠭᠦᠯᠦᠯᠲᠡ ᠶᠢᠨ ᠪᠠᠶᠢᠳᠠᠯ ᠢ ᠦᠨᠳᠦᠰᠦᠯᠡᠨ ᠂ ᠡᠭᠦᠷᠭᠡ ᠶᠢᠨ ᠪᠢᠴᠢᠭ ᠲᠠᠢ ᠬᠠᠷᠢᠴᠠᠭᠤᠯᠤᠨ ᠲᠥᠷᠥᠯ ᠵᠦᠢᠯ ᠤᠨ ᠳᠤᠮᠳᠠ ᠬᠤᠭᠤᠴᠠᠭᠠᠨ ᠤ ᠪᠠᠶᠢᠴᠠᠭᠠᠯᠲᠠ ᠶᠢᠨ ᠮᠡᠳᠡᠭᠦᠯᠦᠯᠲᠡ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ ᠬᠢᠨᠠᠨ ᠦᠵᠡᠭᠰᠡᠨ ᠪᠥᠭᠡᠳ ᠬᠠᠨᠳᠤᠯᠭᠠᠲᠤ ᠴᠢᠨᠠᠷᠲᠠᠢ ᠪᠠᠷ ᠠᠰᠠᠭᠤᠯᠲᠠ ᠲᠠᠯᠪᠢᠨ ᠦᠨᠡᠯᠡᠯᠲᠡ ᠬᠢᠵᠦ᠂ ᠠᠩᠬ᠎ᠠ ᠠᠯᠬᠤᠮ ᠤᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠲᠥᠷᠥᠯ ᠵᠦᠢᠯ ᠤᠨ ᠬᠠᠷᠠᠬᠠᠨ ᠪᠡᠶᠡᠯᠡᠭᠦᠯᠦᠭᠡᠳᠦᠢ ᠡᠭᠦᠷᠭᠡ ᠳᠤ ᠪᠦᠲᠦᠭᠡᠯᠴᠢ ᠴᠢᠨᠠᠷᠲᠠᠢ ᠰᠠᠶᠢᠵᠢᠷᠠᠭᠤᠯᠬᠤ ᠰᠠᠨᠠᠯ ᠳᠤᠷᠠᠳᠤᠭᠰᠠᠨ ᠪᠠᠶᠢᠨ᠎ᠠ᠃
1.jpg
       ᠬᠤᠷᠠᠯ ᠤᠨ ᠳᠠᠷᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠮᠠᠯ ᠠᠵᠤ ᠠᠬᠤᠢ ᠶᠢᠨ ᠮᠡᠷᠭᠡᠵᠢᠯ ᠤᠨ ᠭᠠᠵᠠᠷ ᠤᠨ ᠳᠡᠳ᠋ ᠳᠠᠷᠤᠭ᠎ᠠ ᠪᠤᠤ ᠬᠦᠭᠵᠢᠯᠲᠦ ᠰᠤᠳᠤᠯᠤᠭᠴᠢ ︽ᠥᠪᠥᠷ ᠮᠣᠩᠭᠤᠯ ᠤᠨ ᠠᠯᠠᠰᠢᠨ ᠦᠬᠡᠷ ᠤᠨ ᠦᠷ᠎ᠡ ᠪᠣᠶᠢᠵᠢᠭᠤᠯᠬᠤ ᠪᠤᠭᠤᠮᠲᠠ ᠰᠢᠪᠲᠤᠯᠬᠤ ᠮᠡᠷᠭᠡᠵᠢᠯ ᠤᠨ ᠰᠤᠳᠤᠯᠤᠨ ᠶᠠᠷᠢᠯᠴᠠᠬᠤ ᠬᠤᠷᠠᠯ︾ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ ᠠᠯᠠᠰᠢᠨ ᠦᠬᠡᠷ ᠤᠨ ᠦᠷ᠎ᠡ ᠪᠣᠶᠢᠵᠢᠭᠤᠯᠬᠤ ᠪᠤᠭᠤᠮᠲᠠ ᠰᠢᠪᠲᠤᠯᠬᠤ ᠠᠵᠢᠯ ᠢ ᠭᠦᠨᠵᠡᠭᠡᠢ ᠰᠤᠳᠤᠯᠤᠨ ᠶᠠᠷᠢᠯᠴᠠᠪᠠ᠃ ᠬᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠳ ᠠᠯᠠᠰᠢᠨ ᠦᠬᠡᠷ ᠤᠨ ᠦᠪᠡᠰᠦᠪᠡᠨ ᠰᠣᠩᠭᠤᠨ ᠪᠣᠶᠢᠵᠢᠭᠤᠯᠬᠤ ᠰᠢᠰᠲ᠋ᠧᠮᠵᠢ ᠂ ᠦᠷ᠎ᠡ ᠪᠣᠶᠢᠵᠢᠭᠤᠯᠬᠤ ᠶᠢ ᠦᠨᠡᠯᠡᠬᠦ  ᠰᠢᠰᠲ᠋ᠧᠮᠵᠢ ᠶᠢ ᠪᠠᠶᠢᠭᠤᠯᠬᠤ ᠪᠠ ᠦᠬᠡᠷ ᠤᠨ ᠮᠢᠬᠠᠨ ᠤ ᠶᠠᠰᠤ ᠴᠢᠨᠠᠷ ᠢ ᠰᠤᠳᠤᠯᠬᠤ ᠪᠠ ᠪᠣᠯᠪᠠᠰᠤᠷᠠᠭᠤᠯᠵᠤ ᠥᠷᠲᠡᠭ ᠨᠡᠮᠡᠭᠳᠡᠭᠦᠯᠬᠦ ᠮᠡᠷᠭᠡᠵᠢᠯ᠂ ᠠᠮᠢᠳᠤ ᠪᠣᠳᠠᠰ ᠤᠨ ᠦᠷ᠎ᠡ ᠪᠣᠶᠢᠵᠢᠭᠤᠯᠬᠤ ᠮᠡᠷᠭᠡᠵᠢᠯ᠂  ᠪᠠᠷᠢᠮᠵᠢᠶᠠᠲᠤ ᠲᠡᠵᠢᠭᠡᠨ ᠦᠷᠡᠵᠢᠭᠦᠯᠬᠦ ᠢᠵᠢ ᠪᠦᠷᠢᠳᠦᠭᠦᠯᠬᠦ ᠮᠡᠷᠭᠡᠵᠢᠯ ᠢ ᠰᠤᠳᠤᠯᠬᠤ ᠵᠡᠷᠭᠡ 5 ᠵᠦᠢᠯ ᠤᠨ ᠬᠠᠮᠢᠶ᠎ᠠ ᠪᠦᠬᠦᠢ ᠠᠵᠢᠯ ᠤᠨ ᠲᠣᠭᠤᠷᠢᠨ ᠳᠤ ᠪᠣᠳᠠᠲᠠᠢ ᠰᠠᠨᠠᠯ ᠰᠠᠨᠠᠭᠤᠯᠭ᠎ᠠ ᠳᠤᠷᠠᠳᠴᠤ᠂ ᠪᠥᠬᠦ ᠣᠷᠣᠨ ᠤ ᠠᠯᠠᠰᠢᠨ ᠦᠬᠡᠷ ᠤᠨ  ᠦᠷ᠎ᠡ ᠶᠢᠨ ᠦᠢᠯᠡᠰ ᠤᠨ ᠳᠡᠭᠡᠭᠰᠢᠯᠡᠯᠲᠡ᠂ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠮᠡᠷᠭᠡᠵᠢᠯ ᠤᠨ ᠪᠤᠭᠤᠮᠲᠠ ᠰᠢᠪᠳᠤᠯᠤᠯᠳᠠ ᠶᠢᠨ ᠴᠢᠭᠯᠡᠯ ᠢ ᠲᠤᠳᠤᠷᠠᠬᠠᠶᠢᠯᠠᠪᠠ ᠃
2.jpg
   
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号