ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠤᠯᠠᠭᠠᠨᠬᠠᠳᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/3/12
      3 ᠰᠠᠷ᠎ᠠ ᠶᠢᠨ 10 ᠤ ᠡᠳᠦᠷ ᠠᠴᠠ 11 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠤᠯᠠᠭᠠᠨᠬᠠᠳᠠ ᠳᠤ ᠪᠠᠶᠢᠴᠠᠭᠠᠨ ᠰᠤᠳᠤᠯᠤᠯᠲᠠ ᠬᠢᠪᠡ᠃      ᠰᠦᠩᠱᠠᠨ ᠲᠣᠭᠤᠷᠢᠭ ᠤᠨ ᠴᠦ᠋ ᠲᠧᠦ ᠯᠠᠩ ᠪᠠᠯᠭᠠᠰᠤᠨ ᠳᠤ ᠬᠦᠷᠴᠦ᠂ ᠭᠦᠸᠧ ᠵᠠᠨ ᠵᠢᠶᠠᠩ ᠬᠠᠭᠤᠷᠠᠢ   ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠶᠢᠳᠠᠯ ᠢ ᠨᠠᠷᠢᠨ ᠣᠶᠢᠯᠠᠭᠠᠪᠠ ᠃ ᠲᠡᠷᠡ ᠴᠢᠬᠤᠯᠠᠴᠢᠯᠠᠬᠤ ᠳᠤ ᠪᠠᠨ ᠂ ︽ᠬᠥᠲᠥᠯ ᠢ ᠱᠠᠲᠤ ᠪᠣᠯᠭᠠᠨ ᠥᠭᠡᠷᠡᠴᠢᠯᠡᠬᠦ︾ ᠲᠤᠷᠰᠢᠯᠭ᠎ᠠ ᠪᠠ ᠠᠷᠭ᠎ᠠ ᠪᠠᠷ ᠭᠦᠢᠴᠡᠳ ᠲᠣᠯᠢ ᠪᠣᠯᠭᠠᠵᠤ ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ᠂ ᠠᠳᠠᠯᠢ ᠪᠤᠰᠤ ᠣᠷᠣᠨ ᠪᠦᠰᠡ ᠶᠢᠨ ᠬᠠᠭᠤᠷᠠᠢ ᠲᠠᠷᠢᠶᠠᠯᠠᠭ᠎ᠠ ᠳᠤ ᠲᠤᠬᠢᠷᠠᠮᠵᠢᠲᠠᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠳᠠᠭᠤᠷᠢᠶᠠᠵᠤ ᠳᠡᠯᠭᠡᠷᠡᠭᠦᠯᠵᠦ ᠪᠣᠯᠬᠤ ᠨᠡᠶᠢᠲᠡᠯᠢᠭ ᠵᠢᠱᠢᠶ᠎ᠡ ᠶᠢ ᠪᠣᠶ ᠪᠤᠯᠠᠭᠠᠨ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠠᠮᠢ ᠠᠬᠤᠢ ᠣᠷᠴᠢᠨ ᠲᠤᠭᠤᠷᠢᠨ ᠤ ᠨᠦᠬᠦᠴᠡᠯ ᠢ ᠰᠠᠶᠢᠵᠢᠷᠠᠭᠤᠯᠬᠤ ᠬᠡᠷᠡᠭᠲᠡᠢ᠃ ᠠᠵᠠ ᠲᠣᠬᠢᠶᠠᠯ ᠢ ᠵᠠᠪᠳᠤᠨ ᠠᠳᠬᠤᠵᠤ᠂ ᠤᠷᠢᠳᠴᠢᠯᠠᠨ ᠭᠠᠷᠳᠠᠵᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ᠂ ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ ᠵᠡᠷᠭᠡ ᠪᠡᠯᠡ ᠣᠷᠣᠭᠤᠯᠤᠯᠲᠠ ᠶᠢᠨ ᠠᠷᠭ᠎ᠠ ᠮᠠᠶ᠋ᠢᠭ ᠢ ᠬᠡᠷᠡᠭᠯᠡᠨ᠂ ᠮᠥᠩᠭᠦᠨ ᠭᠦᠢᠯᠭᠡᠭᠡ ᠪᠠ ᠨᠡᠶᠢᠭᠡᠮ ᠤᠨ ᠬᠥᠷᠥᠩᠭᠡ ᠶᠢ ᠬᠥᠲᠥᠯᠥᠨ ᠵᠢᠯᠤᠭᠤᠳᠴᠤ ᠪᠠᠶᠢᠭᠠᠳ ᠪᠦᠲᠦᠭᠡᠨ ᠪᠠᠶᠢᠭᠤᠯᠤᠯᠲᠠ ᠳᠤ ᠣᠷᠣᠭᠤᠯᠬᠤ ᠬᠡᠷᠡᠭᠲᠡᠢ  ᠭᠡᠵᠡᠢ ᠃      ᠨᠢᠩᠴᠧᠩ ᠰᠢᠶᠠᠨ ᠤ ᠹᠧᠩ ᠮᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠶᠤᠨᠲᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠲᠤ ᠬᠦᠷᠴᠦ᠂ ᠭᠦᠸᠧ ᠵᠠᠨ ᠵᠢᠶᠠᠩ ᠲᠣᠭᠠᠴᠢᠯᠠᠭᠰᠠᠨ ᠣᠶᠤᠨᠲᠤ ᠲᠠᠷᠢᠶᠠᠯᠠᠩ ᠪᠣᠯᠣᠨ ᠣᠳᠣᠬᠢᠴᠢᠯᠠᠭᠰᠠᠨ ᠴᠢᠬᠢ ᠪᠣᠶᠢᠵᠢᠭᠤᠯᠬᠤ ᠬᠦᠯᠡᠮᠵᠢ ᠵᠡᠷᠭᠡ ᠶᠢ ᠲᠣᠭᠤᠷᠢᠨ ᠦᠵᠡᠪᠡ ᠃ ᠲᠡᠷᠡ ᠂ ᠡᠵᠡᠩᠨᠡᠨ ᠪᠣᠷᠣᠯᠠᠭᠤᠯᠬᠤ ᠠᠷᠭ᠎ᠠ ᠵᠠᠮ ᠤᠨ ᠪᠠᠶᠢᠭᠤᠯᠤᠯᠲᠠ ᠶᠢ ᠴᠢᠩᠭᠠᠳᠬᠠᠵᠤ ᠂ ᠪᠦᠬᠦ ᠲᠠᠯ᠎ᠠ ᠪᠠᠷ ᠬᠦᠴᠦᠯᠡᠵᠦ ᠨᠢᠭᠡ ᠣᠷᠣᠨ ᠪᠦᠰᠡ ᠶᠢᠨ ᠵᠠᠬ᠎ᠠ ᠳᠡᠯᠭᠡᠭᠦᠷ ᠢ ᠨᠡᠪᠳᠡᠷᠡᠳᠡᠯ᠎ᠠ ᠬᠢᠵᠦ ᠂ ᠰᠢᠨ᠎ᠡ ᠠᠷᠭ᠎ᠠ ᠵᠠᠮ ᠢᠶᠠᠷ ᠵᠠᠬ᠎ᠠ ᠳᠡᠯᠭᠡᠭᠦᠷ ᠢ ᠦᠷᠭᠦᠯᠵᠢᠯᠡᠨ ᠨᠡᠭᠡᠭᠡᠬᠦ ᠬᠡᠷᠡᠭᠲᠡᠢ ᠃ ᠵᠠᠬ᠎ᠠ ᠳᠡᠯᠭᠡᠭᠦᠷ ᠢᠶᠠᠷ ᠳᠠᠮᠵᠢᠭᠤᠯᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠂ ᠪᠠᠷᠢᠮᠵᠢᠶ᠎ᠠ ᠶᠢ ᠨᠢᠭᠡᠳᠬᠡᠬᠦ ᠂ ᠨᠡᠷᠡᠳᠦ ᠲᠡᠮᠳᠡᠭ ᠢ ᠰᠢᠯᠢᠳᠡᠭᠵᠢᠭᠦᠯᠬᠦ ᠶᠢ ᠭᠡᠳᠡᠷᠬᠦ ᠰᠢᠬᠠᠮᠳᠠᠭᠤᠯᠬᠤ ᠪᠠᠷ ᠳᠠᠮᠵᠢᠭᠤᠯᠤᠨ ᠂ ᠠᠵᠤ ᠠᠬᠤᠶᠢᠯᠠᠯ ᠢ ᠨᠡᠩ ᠥᠨᠳᠥᠷ ᠨᠡᠩ ᠬᠤᠯᠠ ᠵᠠᠮᠨᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠲᠦᠮᠡᠨ ᠮᠦ ᠲᠥᠪᠡᠳ ᠬᠠᠰᠢ ᠶᠢᠨ ᠬᠦᠷᠢᠶᠡᠯᠡᠩ ᠲᠣᠭᠤᠷᠢᠭ ᠲᠤ ᠬᠦᠷᠴᠦ᠂ ᠭᠦᠸᠧ ᠵᠠᠨ ᠵᠢᠶᠠᠩ ᠨᠡᠶᠢᠭᠡᠮᠴᠢᠯᠡᠭᠰᠡᠨ ᠦᠢᠯᠡᠴᠢᠯᠡᠭᠡ ᠂ ᠬᠦᠢᠲᠡᠨ ᠬᠡᠯᠬᠢᠶᠡᠲᠦ ᠬᠥᠮᠥᠷᠭᠡ ᠶᠢᠨ ᠪᠠᠷᠠᠭᠠᠨ ᠤ ᠭᠦᠢᠯᠭᠡᠭᠡ ᠂ ᠶᠠᠰᠤ ᠴᠢᠨᠠᠷ ᠤᠨ ᠲᠣᠭᠲᠠᠭᠤᠨ ᠴᠢᠨᠠᠷ ᠵᠡᠷᠭᠡ ᠪᠠᠶᠢᠳᠠᠯ ᠢ ᠯᠠᠪᠯᠠᠨ ᠠᠰᠠᠭᠤᠪᠠ ᠃ ᠲᠡᠷᠡ ᠂ ᠨᠢᠩᠴᠧᠩ ᠤᠨ ᠠᠯᠮᠤᠷᠠᠳ ᠂ ᠲᠥᠪᠡᠳ ᠬᠠᠰᠢ ᠵᠡᠷᠭᠡ ᠳᠠᠪᠠᠭᠤᠯᠢᠭ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠳᠤ ᠠᠩᠬᠠᠷᠤᠯ ᠢᠶᠠᠨ ᠲᠥᠪᠯᠡᠷᠡᠭᠦᠯᠵᠦ ᠂ ᠬᠥᠮᠥᠷᠭᠡᠯᠡᠨ ᠬᠠᠳᠠᠭᠠᠯᠠᠬᠤ ᠰᠢᠨ᠎ᠡ ᠰᠣᠷᠭᠤᠭ ᠪᠠᠶᠢᠯᠭᠠᠬᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠭᠠᠷᠤᠯᠲᠠ ᠶᠢᠨ ᠣᠷᠣᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠳᠤᠲᠠᠭᠤᠳᠠᠯ ᠢ ᠲᠦᠷᠭᠡᠨ ᠨᠥᠬᠦᠪᠦᠷᠢᠯᠡᠵᠦ ᠂ ᠬᠤᠭᠤᠴᠠᠭ᠎ᠠ ᠰᠣᠩᠭᠤᠬᠤ ᠂ ᠤᠷᠬᠢᠯ ᠢ ᠵᠥᠷᠢᠭᠦᠯᠬᠦ ᠂ ᠤᠯᠠᠷᠢᠯ ᠠᠯᠤᠰᠯᠠᠨ ᠪᠣᠷᠣᠯᠠᠭᠤᠯᠬᠤ ᠶᠢ ᠪᠡᠶᠡᠯᠡᠭᠦᠯᠵᠦ ᠂ ᠲᠠᠷᠢᠶᠠᠯᠠᠩ ᠤᠨ ᠪᠦᠲᠦᠭᠡᠭᠳᠡᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃      ᠾᠦᠢ ᠯᠦᠩ ᠡᠯᠳᠡᠪ ᠠᠮᠤ ᠳᠠᠷᠢᠬᠤ ᠲᠠᠷᠢᠶᠠᠴᠢᠨ ᠤ ᠲᠤᠰᠬᠠᠢ ᠬᠤᠷᠰᠢᠶ᠎ᠠ ᠳᠤ ᠬᠦᠷᠴᠦ ᠲᠣᠰᠬᠤᠨ ᠤ ᠠᠷᠠᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ ᠃ ᠲᠡᠷᠡ ᠵᠢᠭᠠᠵᠤ ᠭᠠᠷᠭᠠᠭᠰᠠᠨ ᠨᠢ᠂ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ  ᠶᠢ ᠪᠣᠶᠢᠵᠢᠭᠤᠯᠬᠤ ᠡᠷᠴᠢᠮ  ᠢ ᠴᠢᠩᠭᠠᠷᠠᠭᠤᠯᠵᠤ᠂ ᠵᠣᠬᠢᠶᠠᠨ ᠪᠠᠶᠢᠭᠤᠯᠤᠯᠲᠠ  ᠶᠢᠨ ᠦᠢᠯᠡᠴᠢᠯᠡᠭᠡᠨ ᠤ ᠴᠢᠳᠠᠪᠤᠷᠢ  ᠶᠢ ᠳᠡᠭᠡᠭᠰᠢᠯᠡᠭᠦᠯᠵᠦ᠂ ︽ᠡᠬᠢ ᠪᠠᠶᠠᠯᠢᠭ  ᠢ ᠡᠳ᠋ ᠬᠥᠷᠥᠩᠭᠡ ᠪᠣᠯᠭᠠᠬᠤ᠂ ᠪᠡᠯᠡ ᠮᠥᠩᠭᠦ  ᠶᠢ ᠬᠤᠪᠢ ᠣᠷᠣᠭᠤᠯᠤᠭᠰᠠᠨ ᠮᠥᠩᠭᠦ ᠪᠣᠯᠭᠠᠬᠤ᠂ ᠲᠠᠷᠢᠶᠠᠴᠢᠳ  ᠢ ᠬᠤᠪᠢ ᠣᠷᠣᠭᠤᠯᠤᠭᠴᠢ ᠪᠣᠯᠭᠠᠬᠤ︾ ᠶᠢ ᠦᠨᠡᠨ ᠬᠦ ᠪᠡᠶᠡᠯᠡᠭᠦᠯᠬᠦ ᠬᠡᠷᠡᠭᠲᠡᠢ ᠃ ᠬᠡᠯᠬᠢᠶ᠎ᠡ ᠮᠠᠶ᠋ᠢᠭ ᠤᠨ ᠰᠡᠳᠬᠢᠬᠦᠢ ᠶᠢ ᠪᠠᠲᠤ ᠪᠠᠬᠢ ᠪᠣᠶ ᠪᠣᠯᠭᠠᠵᠤ᠂ ᠳᠠᠭᠠᠭᠤᠯᠤᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠᠷ ᠳᠡᠮᠵᠢᠨ᠂ ᠠᠤᠬᠠᠨ ᠨᠠᠷᠢᠮᠤ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠲᠥᠷᠥᠯ ᠵᠦᠢᠯ ᠤᠨ ᠰᠢᠨ᠎ᠡ ᠶᠢ ᠦᠷᠭᠦᠯᠵᠢᠯᠡᠨ ᠡᠭᠦᠳᠴᠦ᠂ ᠨᠠᠩ ᠣᠯᠠᠨ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ  ᠨᠠᠷᠠᠲᠤ ᠬᠤᠳᠠᠯᠳᠤᠭᠠᠴᠢᠨ ᠲᠠᠢ ᠬᠠᠮᠲᠤᠷᠠᠯᠴᠠᠨ᠂ ᠪᠣᠷᠤᠯᠠᠭᠤᠯᠭ᠎ᠠ ᠪᠠᠷ ᠦᠢᠯᠡᠳᠪᠦᠷᠢᠯᠡᠯ ᠢ ᠳᠠᠶᠢᠴᠢᠯᠠᠵᠤ᠂ ᠰᠠᠶᠢᠨ ᠪᠦᠲᠦᠭᠡᠭᠳᠡᠬᠦᠨ ᠢ ᠰᠠᠶᠢᠨ ᠦᠨ᠎ᠡ ᠪᠠᠷ ᠬᠤᠳᠠᠯᠳᠤᠵᠤ᠂ ᠰᠠᠶᠢᠨ ᠪᠣᠷᠤᠯᠠᠭᠤᠯᠭ᠎ᠠ ᠶᠢᠨ ᠵᠠᠮ ᠲᠠᠢ ᠪᠤᠯᠭᠠᠬᠤ ᠬᠡᠷᠡᠭᠲᠡᠢ ᠭᠡᠪᠡ ᠃      ᠭᠦᠸᠧ ᠵᠠᠨ ᠵᠢᠶᠠᠩ ᠨᠠᠷ ᠪᠠᠰᠠ ᠪᠥᠸᠧ ᠶᠤᠸᠠᠨ ᠦᠷ᠎ᠡ ᠶᠢᠨ ᠦᠬᠡᠷ ᠦᠷᠡᠵᠢᠭᠦᠯᠦᠨ ᠪᠣᠶᠢᠵᠢᠭᠤᠯᠬᠤ ᠂  ᠨᠤᠩ ᠭᠧᠩ ᠨᠠᠷᠢᠮᠤ ᠠᠮᠤ ᠶᠢᠨ ᠠᠵᠤ ᠦᠢᠯᠡᠰ ᠤᠨ ᠬᠥᠭᠵᠢᠯᠲᠡ ᠶᠢᠨ ᠺᠣᠮᠫᠠᠨᠢ ᠂ ᠢᠦᠢ ᠶᠠᠨ ᠲᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠣᠮᠫᠠᠨᠢ ᠵᠡᠷᠭᠡ ᠶᠢ ᠰᠢᠨᠵᠢᠯᠡᠨ ᠪᠠᠶᠢᠴᠠᠭᠠᠪᠠ ᠃      ᠤᠯᠠᠭᠠᠨᠬᠠᠳᠠ ᠬᠤᠳᠠ ᠶᠢᠨ ᠨᠠᠮ ᠤᠨ ᠬᠤᠷᠢᠶ᠎ᠠ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ ᠃   
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号