ᠪᠥᠬᠦ ᠤᠯᠤᠰ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠪᠠᠶᠢᠴᠠᠭᠠᠨ ᠰᠤᠳᠤᠯᠬᠤ ᠳᠤᠭᠤᠶᠢᠯᠠᠩ ᠲᠦᠩᠯᠢᠶᠣᠣ ᠳᠤ ᠬᠦᠷᠴᠦ ᠲᠥᠬᠦᠭᠡᠷᠦᠮᠵᠢᠲᠦ ᠢᠳᠡᠰᠢᠨ ᠨᠤᠭᠤᠭᠠᠨ ᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/3/12
      3 ᠰᠠᠷ᠎ᠠ ᠶᠢᠨ 7 ︱ 8 ᠤ ᠡᠳᠦᠷ᠂ ︽ ᠪᠥᠬᠦ ᠤᠯᠤᠰ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠲᠥᠬᠦᠭᠡᠷᠦᠮᠵᠢᠲᠦ ᠢᠳᠡᠰᠢᠨ ᠨᠤᠭᠤᠭᠠᠨ ᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠬᠦ ᠲᠤᠬᠠᠢ ᠮᠡᠳᠡᠭᠳᠡᠯ ︾ ᠤᠨ ᠱᠠᠭᠠᠷᠳᠠᠯᠭ᠎ᠠ ᠶᠣᠰᠣᠭᠠᠷ᠂ ᠲᠥᠬᠦᠭᠡᠷᠦᠮᠵᠢᠲᠦ ᠢᠳᠡᠰᠢᠨ ᠨᠣᠭᠤᠭ᠎ᠠ ᠶᠢ ᠥᠭᠡᠷᠡᠴᠢᠯᠡᠨ ᠲᠠᠰ ᠳᠡᠪᠰᠢᠭᠦᠯᠵᠦ ᠬᠥᠭᠵᠢᠭᠦᠯᠬᠦ ᠶᠢ ᠲᠦᠯᠬᠢᠨ  ᠠᠬᠢᠭᠤᠯᠵᠤ᠂ ᠵᠠᠯᠭᠠᠯᠳᠤᠭᠤᠯᠤᠨ ᠲᠠᠷᠢᠬᠤ ᠶᠢᠨ ᠬᠠᠷᠰᠢ ᠰᠠᠭᠠᠳ ᠢ ᠶᠡᠷᠦᠩᠬᠡᠶᠢᠯᠡᠨ ᠵᠠᠰᠠᠬᠤ ᠶᠢ ᠲᠦᠷᠭᠡᠳᠬᠡᠵᠦ᠂ ᠲᠦᠬᠦᠭᠡᠷᠦᠮᠵᠢ ᠶᠢᠨ ᠪᠦᠲᠦᠴᠡ ᠶᠢᠨ ᠴᠢᠳᠠᠮᠵᠢ᠂ ᠢᠵᠢ ᠪᠦᠷᠢᠳᠦᠭᠰᠡᠨ ᠲᠣᠨᠤᠭ ᠲᠥᠬᠦᠭᠡᠷᠦᠮᠵᠢ ᠪᠠ ᠦᠢᠯᠡᠳᠪᠦᠷᠢᠯᠡᠯ ᠤᠨ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠦᠯᠦᠭᠡ᠂ ᠪᠥᠬᠦ ᠤᠯᠤᠰ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠲᠥᠬᠦᠭᠡᠷᠦᠮᠵᠢᠲᠦ ᠢᠳᠡᠰᠢᠨ ᠨᠤᠭᠤᠭᠠᠨ ᠤ ᠲᠤᠰᠬᠠᠢ ᠰᠡᠳᠦᠪᠲᠦ ᠪᠠᠶᠢᠴᠠᠭᠠᠨ ᠰᠤᠳᠤᠯᠬᠤ ᠳᠤᠭᠤᠶᠢᠯᠠᠩ ᠥᠪᠥᠷ ᠮᠣᠩᠭᠤᠯ ᠤᠨ ᠲᠦᠩᠯᠢᠶᠣᠣ ᠬᠤᠲᠠ ᠳᠤ ᠬᠦᠷᠴᠦ ᠲᠥᠬᠦᠭᠡᠷᠦᠮᠵᠢᠲᠦ ᠢᠳᠡᠰᠢᠨ ᠨᠤᠭᠤᠭᠠᠨ ᠤ ᠬᠥᠭᠵᠢᠯᠲᠡ ᠶᠢᠨ ᠪᠠᠶᠢᠳᠠᠯ ᠤᠨ ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠬᠤ ᠠᠵᠢᠯ ᠦᠷᠨᠢᠭᠦᠯᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠠᠵᠤ ᠠᠬᠤᠢ ᠶᠢᠨ ᠲᠠᠷᠢᠮᠠᠯ ᠤᠨ ᠮᠡᠷᠭᠡᠵᠢᠯ ᠤᠨ ᠭᠠᠵᠠᠷ ᠤᠨ ᠳᠠᠷᠤᠭ᠎ᠠ ᠯᠢ ᡁᠢ ᠫᠢᠩ᠂ ᠵᠠᠩ ᠰᠢᠨ᠂ ᠶᠠᠩ ᠪᠥᠸᠧ ᠭᠤᠷᠪᠠᠭᠤᠯᠠ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠪᠥᠬᠦ ᠤᠯᠤᠰ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠪᠠᠶᠢᠴᠠᠭᠠᠨ ᠰᠤᠳᠤᠯᠬᠤ ᠳᠤᠭᠤᠶᠢᠯᠠᠩ ᠬᠢᠭᠡᠳ ᠠᠵᠤ ᠠᠬᠤᠢ ᠶᠢᠨ ᠲᠠᠷᠢᠮᠠᠯ ᠤᠨ ᠮᠡᠷᠭᠡᠵᠢᠯ ᠤᠨ ᠭᠠᠵᠠᠷ ᠤᠨ ᠪᠠᠷ᠎ᠠ ᠪᠣᠯᠣᠭᠰᠠᠳ ᠲᠦᠩᠯᠢᠶᠣᠣ ᠬᠤᠲᠠ ᠵᠢᠴᠢ ᠡᠯ᠎ᠡ ᠰᠢᠶᠠᠩ ᠪᠠᠯᠭᠠᠰᠤᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠬᠥᠮᠥᠰ ᠲᠠᠢ ᠬᠠᠮᠲᠤᠷᠠᠨ ᠤᠷᠢᠳ ᠬᠤᠵᠢᠳ ᠲᠦᠩᠯᠢᠶᠣᠣ ᠬᠤᠲᠠ ᠶᠢᠨ ᠵᠢᠶᠠᠨ ᠭᠦᠸᠧ ᠵᠡᠭᠡᠯᠢ ᠭᠤᠳᠤᠮᠵᠢ ᠶᠢᠨ ᠰᠢᠶᠣᠣ ᠵᠢᠶᠠ ᠼᠦᠨ ᠲᠣᠰᠬᠤᠨ᠂ ᠴᠢᠩ ᠾᠧ ᠪᠠᠯᠭᠠᠰᠤᠨ ᠤ ᠰᠢ ᠵᠢᠶᠠᠩ ᠼᠦᠨ ᠲᠣᠰᠬᠤᠨ᠂ ᠬᠤᠩ ᠰᠢᠩ ᠵᠡᠭᠡᠯᠢ ᠭᠤᠳᠤᠮᠵᠢ ᠶᠢᠨ ᠳ᠋ᠠ ᠼᠤᠤ ᠹᠠᠩ ᠲᠣᠰᠬᠤᠨ ᠪᠠ ᠰᠢᠨ ᠯᠢ ᠲᠦᠨ ᠲᠣᠰᠬᠤᠨ ᠤ ᠲᠥᠬᠦᠭᠡᠷᠦᠮᠵᠢᠲᠦ ᠢᠳᠡᠰᠢᠨ ᠨᠣᠭᠤᠭ᠎ᠠ ᠳᠠᠷᠢᠬᠤ ᠲᠣᠭᠤᠷᠢᠭ ᠲᠤ ᠬᠦᠷᠴᠦ ᠲᠤᠬᠠᠢ ᠶᠢᠨ ᠲᠠᠯᠠᠪᠤᠷ ᠲᠤ ᠪᠠᠶᠢᠴᠠᠭᠠᠨ ᠰᠤᠳᠤᠯᠤᠯᠲᠠ ᠬᠢᠪᠡ᠃ ᠬᠠᠭᠤᠴᠢᠨ ᠲᠥᠬᠦᠭᠡᠷᠦᠮᠵᠢ ᠶᠢᠨ ᠦᠨᠳᠦᠰᠦᠨ ᠪᠠᠶᠢᠳᠠᠯ ᠂ ᠲᠠᠷᠢᠶᠠᠴᠢᠨ ᠡᠷᠦᠭᠡ ᠶᠢᠨ ᠲᠠᠷᠢᠮᠠᠯ ᠤᠨ ᠣᠳᠣᠬᠢ ᠪᠠᠶᠢᠳᠠᠯ ᠂ ᠲᠥᠬᠦᠭᠡᠷᠦᠮᠵᠢᠲᠦ ᠲᠠᠷᠢᠶᠠᠯᠠᠩ ᠤᠨ ᠵᠠᠯᠭᠠᠯᠳᠤᠭᠤᠯᠤᠨ ᠲᠠᠷᠢᠬᠤ ᠶᠢᠨ ᠬᠠᠷᠰᠢ ᠰᠠᠭᠠᠳ ᠤᠨ ᠠᠰᠠᠭᠤᠳᠠᠯ ᠵᠡᠷᠭᠡ ᠳᠤ ᠴᠢᠭᠯᠡᠭᠦᠯᠦᠨ ᠲᠤᠬᠠᠢ ᠶᠢᠨ ᠲᠠᠯᠠᠪᠤᠷ ᠤᠨ ᠪᠠᠶᠢᠴᠠᠭᠠᠨ ᠰᠤᠳᠤᠯᠤᠯᠲᠠ ᠶᠢ ᠥᠷᠨᠢᠭᠦᠯᠪᠡ ᠃ ᠲᠤᠰᠬᠠᠢ ᠮᠡᠷᠭᠡᠵᠢᠯᠲᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠷᠢᠶᠠᠯᠠᠩ ᠤᠨ ᠪᠠᠶᠢᠳᠠᠯ ᠂ ᠲᠠᠷᠢᠶᠠᠯᠠᠩ ᠤᠨ ᠮᠠᠰᠢᠨ ᠂ ᠲᠠᠷᠢᠶᠠᠯᠠᠩ ᠤᠨ ᠮᠡᠷᠭᠡᠵᠢᠯ ᠵᠡᠷᠭᠡ ᠲᠠᠯ᠎ᠠ ᠪᠠᠷ ᠬᠦᠷᠢᠶᠡᠯᠡᠩ ᠲᠣᠭᠤᠷᠢᠭ ᠤᠨ  ᠮᠡᠷᠭᠡᠵᠢᠯᠲᠡᠨ ᠤ ᠨᠠᠷᠢᠨ ᠲᠠᠨᠢᠯᠴᠠᠭᠤᠯᠭ᠎ᠠ ᠶᠢ ᠰᠣᠨᠣᠰᠴᠤ ᠂ ᠬᠦᠷᠢᠶᠡᠯᠡᠩ ᠲᠣᠭᠤᠷᠢᠭ ᠤᠨ ᠭᠠᠷᠤᠯᠲᠠ ᠶᠢ ᠨᠡᠮᠡᠭᠳᠡᠭᠦᠯᠵᠦ ᠦᠷ᠎ᠡ ᠠᠰᠢᠭ ᠢ ᠨᠡᠮᠡᠭᠳᠡᠭᠦᠯᠬᠦ ᠂ ᠠᠵᠤ ᠦᠢᠯᠡᠰ ᠢ ᠬᠥᠭᠵᠢᠭᠦᠯᠬᠦ ᠪᠠ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠦᠴᠢᠷᠳᠡᠯ ᠢ ᠥᠷᠭᠡᠨ ᠢᠶᠠᠷ ᠰᠣᠯᠢᠯᠴᠠᠵᠤ ᠂ ᠣᠨᠴᠠᠭᠠᠶᠢᠯᠠᠨ ᠬᠠᠭᠤᠴᠢᠨ ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠲᠠᠯ᠎ᠠ ᠪᠠᠷ ᠮᠡᠷᠭᠡᠵᠢᠯ ᠤᠨ ᠴᠢᠭᠯᠡᠯ ᠵᠢᠴᠢ ᠬᠥᠭᠵᠢᠯᠲᠡ ᠶᠢᠨ ᠬᠠᠷᠠᠯᠲᠠ ᠶᠢ ᠲᠣᠳᠣᠷᠬᠠᠢ ᠵᠢᠭᠠᠵᠤ  ᠥᠭᠪᠡ᠃ᠲᠤᠬᠠᠢ ᠶᠢᠨ ᠲᠠᠯᠠᠪᠤᠷ ᠲᠤ  ᠨᠢ ᠪᠠᠶᠢᠴᠠᠭᠠᠨ ᠰᠤᠳᠤᠯᠤᠯᠲᠠ ᠬᠢᠭᠰᠡᠨ ᠤ ᠲᠠᠷᠠᠭ᠎ᠠ ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠦᠩᠯᠢᠶᠣᠣ ᠬᠤᠳᠠ ᠶᠢᠨ ᠰᠢᠨ ᠯᠢ ᠲᠦᠨ ᠲᠣᠰᠬᠤᠨ ᠳᠤ ᠶᠠᠷᠢᠯᠴᠠᠬᠤ ᠬᠤᠷᠠᠯ ᠬᠤᠷᠠᠯᠳᠤᠭᠤᠯᠪᠠ ᠃ ᠬᠤᠷᠠᠯ ᠳᠡᠭᠡᠷ᠎ᠡ ᠬᠤᠳᠠ ᠶᠢᠨ ᠱᠠᠲᠤ ᠂ ᠰᠢᠶᠠᠩ ᠪᠠᠯᠭᠠᠰᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠠᠵᠢᠯᠲᠠᠳ ᠲᠤᠬᠠᠢ ᠶᠢᠨ ᠭᠠᠵᠠᠷ ᠤᠨ ᠲᠥᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢᠨ ᠣᠳᠣᠬᠢ ᠪᠠᠶᠢᠳᠠᠯ ᠤᠨ ᠲᠤᠬᠠᠢ ᠠᠵᠢᠯ ᠤᠨ ᠬᠠᠷᠢᠭᠤ ᠮᠡᠳᠡᠭᠦᠯᠦᠯᠲᠡ ᠬᠢᠵᠦ ᠂ ᠲᠠᠷᠢᠮᠠᠯ ᠤᠨ ᠲᠣᠮᠣ ᠡᠷᠦᠬᠡ ᠂ ᠳᠠᠭᠠᠭᠤᠯᠤᠭᠴᠢ ᠠᠵᠤ ᠠᠬᠤᠶᠢᠯᠠᠯ ᠬᠤᠷᠠᠯ ᠳᠤ ᠣᠷᠣᠯᠴᠠᠭᠰᠠᠨ ᠪᠥᠭᠡᠳ ᠰᠠᠨᠠᠭᠤᠯᠭ᠎ᠠ ᠪᠠ ᠰᠠᠨᠠᠯ ᠢᠶᠠᠨ ᠢᠯᠡᠳᠬᠡᠪᠡ ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠰᠤᠳᠤᠯᠤᠭᠴᠢ ᠢᠦᠢ ᠰᠢᠶᠠᠨ ᠴᠠᠩ᠂ ᠦ᠋ ᠹᠧᠩ ᡁᠢ ᠪᠣᠯᠣᠨ ᠫᠷᠤᠹᠧᠰᠰᠤᠷ ᠰᠥᠩ ᠸᠧᠢ ᠲᠠᠩ ᠰᠠᠨᠠᠭᠤᠯᠭ᠎ᠠ ᠳᠤᠷᠠᠳᠪᠠ᠄ ᠨᠢᠭᠡ ᠳᠤ ᠲᠤᠬᠠᠢ ᠶᠢᠨ ᠭᠠᠵᠠᠷ ᠤᠨ ᠠᠭᠤᠷ ᠠᠮᠢᠰᠬᠤᠯ ᠤᠨ ᠣᠨᠴᠠᠯᠢᠭ᠂ ᠬᠥᠭᠵᠢᠯᠲᠡ ᠶᠢᠨ ᠣᠨᠴᠠᠯᠢᠭ ᠪᠠ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠨᠳᠦᠰᠦᠯᠡᠨ᠂ ᠭᠠᠵᠠᠷ ᠣᠷᠣᠨ ᠤ ᠪᠠᠶᠢᠳᠠᠯ ᠳᠤ  ᠨᠢ ᠲᠣᠬᠢᠷᠠᠭᠤᠯᠤᠨ ᠨᠠᠪᠴᠢᠨ ᠨᠣᠭᠤᠭ᠎ᠠ ᠶᠢᠨ ᠲᠥᠷᠥᠯ ᠤᠨ ᠲᠠᠷᠢᠮᠠᠯ ᠢ ᠬᠥᠭᠵᠢᠭᠦᠯᠵᠦ᠂ ᠲᠤᠬᠠᠢ ᠶᠢᠨ ᠭᠠᠵᠠᠷ ᠤᠨ ᠵᠠᠬ᠎ᠠ ᠳᠡᠯᠭᠡᠭᠦᠷ ᠤᠨ ᠬᠤᠭᠤᠰᠤᠨ ᠣᠷᠣ ᠶᠢ ᠨᠥᠬᠦᠪᠦᠷᠢᠯᠡᠨ᠎ᠡ︔ ᠬᠤᠶᠠᠷ ᠲᠤ ︽ ᠤᠮᠠᠷᠠᠲᠤ ᠥᠷᠭᠡᠷᠢᠭ ᠤᠨ 43 ᠮᠠᠶ᠋ᠢᠭ ︾ ᠤᠨ ᠨᠡᠷᠡᠨ ᠤ ᠭᠡᠷᠡᠯ ᠤᠨ ᠬᠦᠯᠡᠮᠵᠢ ᠶᠢᠨ ᠲᠤᠷᠰᠢᠯᠲᠠ ᠬᠢᠵᠦ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠭᠤᠣᠯᠳᠠᠯᠭ᠎ᠠ ᠲᠠᠢ ᠪᠣᠳᠣᠯᠬᠢᠯᠠᠨ᠎ᠠ ︔ ᠭᠤᠷᠪᠠ ᠳᠤ ᠣᠷᠣᠨ ᠪᠦᠰᠡ ᠶᠢᠨ ᠳᠠᠪᠠᠭᠤᠯᠢᠭ ᠲᠤ ᠪᠠᠨ ᠰᠠᠭᠤᠷᠢᠯᠠᠨ ᠂ ᠣᠷᠣᠨ ᠪᠠᠶᠢᠷᠢ ᠪᠠᠨ ᠣᠨᠣᠪᠴᠢᠲᠠᠶ ᠲᠣᠭᠲᠠᠭᠠᠨ ᠂ ᠵᠦᠢ ᠵᠣᠬᠢᠰᠲᠠᠢ ᠪᠠᠶᠢᠷᠢᠯᠠᠭᠤᠯᠵᠤ ᠂ ᠪᠦᠬᠦᠯᠢ ᠴᠣᠭᠴᠠ ᠪᠠᠷ ᠨᠢ ᠲᠥᠯᠥᠪᠵᠢᠭᠦᠯᠦᠨ ᠂ ᠤᠯᠠᠮᠵᠢᠯᠠᠯᠲᠤ ᠲᠠᠷᠢᠶᠠᠯᠠᠩ ᠠᠴᠠ ᠣᠳᠣᠬᠢᠴᠢᠯᠠᠭᠰᠠᠨ ᠲᠠᠷᠢᠶᠠᠯᠠᠩ ᠲᠡᠶᠢᠰᠢ ᠯᠠᠪᠳᠠᠭᠤᠨ ᠢᠶᠠᠷ ᠤᠷᠤᠭᠰᠢᠯᠠᠨ᠎ᠠ ᠃      ᠪᠥᠬᠦ ᠤᠯᠤᠰ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠴᠡᠴᠡᠷᠯᠢᠭ ᠤᠨ ᠮᠡᠷᠭᠡᠵᠢᠯ ᠤᠨ ᠭᠠᠵᠠᠷ ᠤᠨ ᠳᠠᠷᠤᠭ᠎ᠠ ᠵᠧᠦ ᠽᠧ ᠢᠦᠢ ᠴᠢᠬᠤᠯᠠᠴᠢᠯᠠᠬᠤ ᠳᠤ ᠪᠠᠨ ᠄ ᠲᠥᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠳᠤ᠂ ᠨᠢᠭᠡ ᠳᠤ ᠬᠡᠪᠴᠢᠶᠡᠵᠢᠭᠦᠯᠬᠦ ᠪᠠᠷ ᠴᠢᠭᠯᠡᠯ ᠪᠣᠯᠭᠠᠨ᠂ ᠣᠳᠣᠬᠢᠴᠢᠯᠠᠯᠲᠠ ᠪᠠᠷ ᠬᠠᠷᠠᠯᠲᠠ ᠪᠣᠯᠭᠠᠵᠤ᠂ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ᠂ ᠪᠥᠬᠦ ᠲᠠᠯ᠎ᠠ ᠪᠠᠷ ᠲᠥᠯᠥᠪᠵᠢᠭᠦᠯᠵᠦ᠂ ᠬᠦᠴᠦ ᠪᠠᠨ ᠬᠠᠮᠲᠤᠳᠬᠠᠨ ᠠᠬᠢᠭᠤᠯᠵᠤ᠂ ᠬᠠᠭᠤᠴᠢᠨ ᠲᠥᠬᠦᠭᠡᠷᠦᠮᠵᠢ ᠶᠢ ᠥᠭᠡᠷᠡᠴᠢᠯᠡᠬᠦ ᠪᠠ ᠵᠠᠯᠭᠠᠯᠳᠤᠭᠤᠯᠤᠨ ᠲᠠᠷᠢᠬᠤ ᠶᠢᠨ ᠬᠠᠷᠰᠢ ᠰᠠᠭᠠᠳ ᠵᠡᠷᠭᠡ ᠲᠥᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠢ ᠲᠦᠷᠭᠡᠪᠴᠢᠯᠡᠨ ᠰᠢᠢᠳᠪᠦᠷᠢᠯᠡᠬᠦ ᠬᠡᠷᠡᠭᠲᠡᠢ︔ ᠬᠤᠶᠠᠷ ᠲᠤ ᠭᠤᠤᠷᠰᠤ ᠶᠢ ᠵᠦᠢ ᠵᠣᠬᠢᠰᠲᠠᠢ ᠲᠥᠯᠥᠪᠵᠢᠭᠦᠯᠵᠦ ᠂ ᠦᠢᠯᠡᠳᠪᠦᠷᠢᠯᠡᠯ ᠤᠨ ᠬᠢᠷᠢ ᠲᠦᠪᠰᠢᠨ ᠪᠠ ᠮᠠᠰᠢᠨᠴᠢᠯᠠᠯᠲᠠ᠂ ᠣᠶᠤᠨᠴᠢᠯᠠᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠵᠦ ᠂ ᠲᠥᠬᠦᠭᠡᠷᠦᠮᠵᠢᠲᠦ ᠲᠠᠷᠢᠶᠠᠯᠠᠩ ᠢ ᠮᠧᠬᠠᠨᠢᠭᠵᠢᠭᠤᠯᠬᠤ ᠂ ᠴᠠᠬᠢᠯᠭᠠᠨᠵᠢᠭᠤᠯᠬᠤ ᠂ ᠠᠦ᠋ᠲ᠋ᠣᠴᠢᠯᠠᠬᠤ ᠰᠢᠨ᠎ᠡ ᠥᠨᠳᠥᠷᠴᠡ ᠲᠡᠶᠢᠰᠢ ᠤᠷᠤᠭᠰᠢᠯᠠᠭᠤᠯᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ ᠭᠡᠪᠡ᠃      ᠲᠣᠰ ᠤᠳᠠᠭᠠᠨ ᠤ ᠲᠥᠬᠦᠭᠡᠷᠦᠮᠵᠢᠲᠦ ᠢᠳᠡᠰᠢᠨ ᠨᠤᠭᠤᠭᠠᠨ ᠤ ᠲᠤᠰᠬᠠᠢ ᠰᠡᠳᠦᠪᠲᠦ ᠪᠠᠶᠢᠴᠠᠭᠠᠨ ᠰᠤᠳᠤᠯᠬᠤ ᠳᠤᠭᠤᠶᠢᠯᠠᠩ ᠤᠨ  ᠬᠢᠨ ᠲᠦᠩᠯᠢᠶᠣᠣ ᠶᠢᠨ ᠲᠦᠬᠦᠭᠡᠷᠦᠮᠵᠢᠲᠦ ᠢᠳᠡᠰᠢᠨ ᠨᠤᠭᠤᠭᠠᠨ ᠤ ᠬᠥᠭᠵᠢᠯᠲᠡ ᠶᠢᠨ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠨᠡᠯᠢᠶᠡᠳ ᠪᠥᠬᠦ ᠲᠠᠯ᠎ᠠ ᠶᠢᠨ ᠣᠶᠢᠯᠠᠭᠠᠯᠲᠠ ᠲᠠᠢ ᠪᠣᠯᠵᠤ᠂ ᠲᠤᠬᠠᠢ ᠶᠢᠨ ᠭᠠᠵᠠᠷ ᠤᠨ ᠲᠥᠬᠦᠭᠡᠷᠦᠮᠵᠢᠲᠦ ᠢᠳᠡᠰᠢᠨ ᠨᠤᠭᠤᠭᠠᠨ ᠤ ᠬᠥᠭᠵᠢᠯᠲᠡ ᠶᠢᠨ ᠡᠪᠡᠷᠰᠢᠶᠡᠯ ᠲᠠᠢ ᠭᠠᠵᠠᠷ᠂ ᠬᠦᠴᠢᠷᠲᠡᠢ ᠭᠠᠵᠠᠷ᠂ ᠲᠦᠭᠵᠢᠷᠡᠯ ᠲᠠᠢ ᠭᠠᠵᠠᠷ ᠲᠤ ᠮᠡᠷᠭᠡᠵᠢᠯ ᠤᠨ ᠵᠢᠯᠣᠭᠤᠳᠤᠯᠭ᠎ᠠ ᠪᠠ ᠬᠥᠭᠵᠢᠯᠲᠡ ᠶᠢᠨ ᠰᠡᠳᠬᠢᠮᠵᠢ ᠬᠠᠩᠭᠠᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠳᠤ ᠬᠡᠪᠴᠢᠶᠡᠵᠢᠭᠦᠯᠦᠯᠲᠡ ᠂ ᠪᠠᠷᠢᠮᠵᠢᠶᠠᠵᠢᠭᠤᠯᠤᠯᠲᠠ ᠂ ᠣᠳᠣᠬᠢᠴᠢᠯᠠᠯᠲᠠ ᠲᠡᠶᠢᠰᠢ ᠬᠤᠪᠢᠷᠠᠭᠤᠯᠬᠤ ᠶᠢᠨ ᠰᠤᠳᠠᠰᠤ ᠶᠢ ᠲᠣᠳᠣᠷᠬᠠᠢ ᠪᠣᠯᠭᠠᠵᠤ ᠂ ᠴᠢᠭᠯᠡᠯ ᠢ ᠵᠢᠭᠠᠵᠤ  ᠭᠠᠷᠭᠠᠪᠠ᠃ 
 图片1.png
  
图片2.png
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号