ᠪᠥᠬᠦ ᠤᠯᠤᠰ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠯᠠᠭᠠᠨᠬᠠᠳᠠ ᠳᠤ ᠬᠦᠷᠴᠦ ᠲᠦᠭᠦᠭᠡᠷᠦᠮᠵᠢᠲᠦ ᠢᠳᠡᠰᠢᠨ ᠨᠣᠭᠤᠭ᠎ᠠ ᠶᠢᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/3/12
      3 ᠰᠠᠷ᠎ᠠ ᠶᠢᠨ 5 ︱ 7 ᠤ ᠡᠳᠦᠷ᠂ ︽ ᠲᠦᠭᠦᠭᠡᠷᠦᠮᠵᠢᠲᠦ ᠢᠳᠡᠰᠢᠨ ᠨᠣᠭᠤᠭ᠎ᠠ ᠶᠢᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠬᠦ ᠲᠤᠬᠠᠢ ᠪᠥᠬᠦ ᠤᠯᠤᠰ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠲᠦᠭᠦᠭᠡᠷᠦᠮᠵᠢᠲᠦ ᠢᠳᠡᠰᠢᠨ ᠨᠣᠭᠤᠭ᠎ᠠ ᠶᠢ ᠥᠭᠡᠷᠡᠴᠢᠯᠡᠨ ᠲᠠᠰ ᠳᠡᠪᠰᠢᠭᠦᠯᠵᠦ ᠬᠥᠭᠵᠢᠭᠦᠯᠬᠦ ᠶᠢ ᠲᠦᠯᠬᠢᠨ  ᠠᠬᠢᠭᠤᠯᠵᠤ ᠂ ᠵᠠᠯᠭᠠᠭ᠎ᠠ ᠪᠠᠷ ᠬᠢᠬᠦ ᠬᠠᠷᠰᠢ ᠰᠠᠭᠠᠳ ᠢ ᠶᠡᠷᠦᠩᠬᠡᠶᠢᠯᠡᠨ ᠵᠠᠰᠠᠬᠤ ᠶᠢ ᠲᠦᠷᠭᠡᠳᠬᠡᠵᠦ᠂ ᠲᠦᠭᠦᠭᠡᠷᠦᠮᠵᠢ ᠶᠢᠨ ᠪᠦᠲᠦᠴᠡ ᠶᠢᠨ ᠴᠢᠳᠠᠮᠵᠢ᠂ ᠢᠵᠢ ᠪᠦᠷᠢᠳᠦᠭᠰᠡᠨ ᠲᠣᠨᠤᠭ ᠲᠥᠬᠦᠭᠡᠷᠦᠮᠵᠢ ᠪᠠ ᠦᠢᠯᠡᠳᠪᠦᠷᠢᠯᠡᠯ ᠤᠨ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠦᠯᠦᠭᠡ᠂ ᠪᠥᠬᠦ ᠤᠯᠤᠰ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠲᠦᠭᠦᠭᠡᠷᠦᠮᠵᠢᠲᠦ ᠢᠳᠡᠰᠢᠨ ᠨᠣᠭᠤᠭ᠎ᠠ ᠶᠢᠨ ᠲᠤᠰᠬᠠᠢ ᠰᠡᠳᠦᠪᠲᠦ ᠪᠠᠶᠢᠴᠠᠭᠠᠨ ᠰᠤᠳᠤᠯᠬᠤ ᠳᠤᠭᠤᠶᠢᠯᠠᠩ ᠥᠪᠥᠷ ᠮᠣᠩᠭᠤᠯ ᠤᠨ ᠤᠯᠠᠭᠠᠨᠬᠠᠳᠠ ᠬᠤᠲᠠ ᠳᠤ ᠬᠦᠷᠴᠦ ᠲᠦᠭᠦᠭᠡᠷᠦᠮᠵᠢᠲᠦ ᠢᠳᠡᠰᠢᠨ ᠨᠣᠭᠤᠭ᠎ᠠ ᠶᠢᠨ ᠬᠥᠭᠵᠢᠯᠲᠡ ᠶᠢᠨ ᠪᠠᠶᠢᠳᠠᠯ ᠤᠨ ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠬᠤ ᠠᠵᠢᠯ ᠦᠷᠨᠢᠭᠦᠯᠪᠡ ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠠᠵᠤ ᠠᠬᠤᠢ ᠶᠢᠨ ᠲᠠᠷᠢᠮᠠᠯ ᠤᠨ ᠮᠡᠷᠭᠡᠵᠢᠯ ᠤᠨ ᠭᠠᠵᠠᠷ ᠤᠨ ᠳᠠᠷᠤᠭ᠎ᠠ ᠯᠢ ᡁᠢ ᠫᠢᠩ᠂ ᠵᠠᠩ ᠰᠢᠨ᠂ ᠶᠠᠩ ᠪᠥᠸᠧ ᠭᠤᠷᠪᠠᠭᠤᠯᠠ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠪᠥᠬᠦ ᠤᠯᠤᠰ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠪᠠᠶᠢᠴᠠᠭᠠᠨ ᠰᠤᠳᠤᠯᠬᠤ ᠳᠤᠭᠤᠶᠢᠯᠠᠩ ᠬᠢᠭᠡᠳ ᠠᠵᠤ ᠠᠬᠤᠢ ᠶᠢᠨ ᠲᠠᠷᠢᠮᠠᠯ ᠤᠨ ᠮᠡᠷᠭᠡᠵᠢᠯ ᠤᠨ ᠭᠠᠵᠠᠷ ᠤᠨ ᠪᠠᠷ᠎ᠠ ᠪᠣᠯᠣᠭᠰᠠᠳ ᠤᠯᠠᠭᠠᠨᠬᠠᠳᠠ ᠬᠤᠲᠠ ᠵᠢᠴᠢ ᠡᠯ᠎ᠡ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠠᠵᠢᠯᠲᠠᠳ ᠲᠠᠢ ᠬᠠᠮᠲᠤᠷᠠᠨ ᠤᠷᠢᠳ ᠬᠤᠵᠢᠳ ᠤᠯᠠᠭᠠᠨᠬᠠᠳᠠ ᠬᠤᠲᠠ ᠶᠢᠨ ᠲᠦᠭᠦᠭᠡᠷᠦᠮᠵᠢᠲᠦ ᠢᠳᠡᠰᠢᠨ ᠨᠣᠭᠤᠭᠠᠨ ᠤ ᠬᠦᠷᠢᠶᠡᠯᠡᠩ ᠲᠣᠭᠤᠷᠢᠭ ︱ ᠨᠢᠩᠴᠧᠩ ᠰᠢᠶᠠᠨ ᠤ ᠳ᠋ᠠ ᠴᠧᠩ ᠽᠢ ᠪᠠᠯᠭᠠᠰᠤᠨ ᠤ ᠲᠦᠮᠡᠨ ᠮᠦ ᠲᠥᠪᠡᠳ ᠬᠠᠰᠢ ᠶᠢᠨ ᠬᠦᠷᠢᠶᠡᠯᠡᠩ᠂ ᠬᠠᠷᠠᠴᠢᠨ ᠬᠤᠰᠢᠭᠤᠨ ᠤ ᠰᠢᠶᠣᠣ ᠨᠢᠦ ᠴᠢᠶᠦ᠋ᠨ ᠪᠠᠯᠭᠠᠰᠤᠨ ᠤ ᠬᠤᠨᠢᠨ ᠴᠦᠨᠳᠦᠭᠦᠷ ᠮᠦᠬᠦ ᠶᠢᠨ ᠠᠵᠤ ᠦᠢᠯᠡᠰ ᠤᠨ ᠬᠦᠷᠢᠶᠡᠯᠡᠩ ᠪᠣᠯᠣᠨ ᠸᠠᠩ ᠶᠧ ᠹᠦ᠋ ᠪᠠᠯᠭᠠᠰᠤᠨ ᠤ ᠬᠦᠢᠲᠡᠨ ᠬᠦᠯᠡᠮᠵᠢ ᠶᠢᠨ ᠲᠥᠪᠡᠳ ᠬᠠᠰᠢ ᠶᠢᠨ ᠠᠵᠤ ᠦᠢᠯᠡᠰ ᠤᠨ ᠬᠦᠷᠢᠶᠡᠯᠡᠩ ᠳᠤ ᠬᠦᠷᠴᠦ᠂ ᠬᠠᠭᠤᠴᠢᠨ ᠲᠥᠬᠦᠭᠡᠷᠦᠮᠵᠢ ᠶᠢᠨ ᠦᠨᠳᠦᠰᠦᠨ ᠪᠠᠶᠢᠳᠠᠯ ᠂ ᠲᠠᠷᠢᠶᠠᠴᠢᠨ ᠡᠷᠦᠭᠡ ᠶᠢᠨ ᠲᠠᠷᠢᠮᠠᠯ ᠤᠨ ᠣᠳᠣᠬᠢ ᠪᠠᠶᠢᠳᠠᠯ ᠂ ᠲᠥᠬᠦᠭᠡᠷᠦᠮᠵᠢᠲᠦ ᠲᠠᠷᠢᠶᠠᠯᠠᠩ ᠤᠨ ᠵᠠᠯᠭᠠᠭ᠎ᠠ ᠪᠠᠷ ᠬᠢᠬᠦ ᠬᠠᠷᠰᠢ ᠰᠠᠭᠠᠳ ᠤᠨ ᠠᠰᠠᠭᠤᠳᠠᠯ ᠵᠡᠷᠭᠡ ᠳᠤ ᠴᠢᠭᠯᠡᠭᠦᠯᠦᠨ ᠲᠤᠬᠠᠢ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠥᠷᠨᠢᠭᠦᠯᠪᠡ ᠃ ᠲᠤᠰᠬᠠᠢ ᠮᠡᠷᠭᠡᠵᠢᠯᠲᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠷᠢᠶᠠᠯᠠᠩ ᠤᠨ ᠪᠠᠶᠢᠳᠠᠯ ᠂ ᠲᠠᠷᠢᠶᠠᠯᠠᠩ ᠤᠨ ᠮᠠᠰᠢᠨ ᠂ ᠲᠠᠷᠢᠶᠠᠯᠠᠩ ᠤᠨ ᠮᠡᠷᠭᠡᠵᠢᠯ ᠵᠡᠷᠭᠡ ᠲᠠᠯ᠎ᠠ ᠪᠠᠷ ᠬᠦᠷᠢᠶᠡᠯᠡᠩ ᠲᠣᠭᠤᠷᠢᠭ ᠤᠨ ᠮᠡᠷᠭᠡᠵᠢᠯ ᠤᠨ ᠠᠵᠢᠯᠲᠠᠨ ᠤ ᠨᠠᠷᠢᠨ ᠲᠠᠨᠢᠯᠴᠠᠭᠤᠯᠭ᠎ᠠ ᠶᠢ ᠰᠣᠨᠣᠰᠴᠤ ᠂ ᠬᠦᠷᠢᠶᠡᠯᠡᠩ ᠲᠣᠭᠤᠷᠢᠭ ᠤᠨ ᠭᠠᠷᠤᠯᠲᠠ ᠶᠢ ᠨᠡᠮᠡᠭᠳᠡᠭᠦᠯᠵᠦ ᠦᠷ᠎ᠡ ᠠᠰᠢᠭ ᠢ ᠨᠡᠮᠡᠭᠳᠡᠭᠦᠯᠬᠦ ᠂ ᠠᠵᠤ ᠦᠢᠯᠡᠰ ᠢ ᠬᠥᠭᠵᠢᠭᠦᠯᠬᠦ ᠪᠠ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠦᠴᠢᠷᠳᠡᠯ ᠢ ᠥᠷᠭᠡᠨ ᠢᠶᠠᠷ ᠰᠣᠯᠢᠯᠴᠠᠵᠤ ᠂ ᠣᠨᠴᠠᠭᠠᠶᠢᠯᠠᠨ ᠬᠠᠭᠤᠴᠢᠨ ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠲᠠᠯ᠎ᠠ ᠪᠠᠷ ᠮᠡᠷᠭᠡᠵᠢᠯ ᠤᠨ ᠴᠢᠭᠯᠡᠯ ᠵᠢᠴᠢ ᠬᠥᠭᠵᠢᠯᠲᠡ ᠶᠢᠨ ᠬᠠᠷᠠᠯᠲᠠ ᠶᠢ ᠲᠣᠳᠣᠷᠬᠠᠢ ᠵᠢᠭᠠᠵᠤ ᠥᠭᠴᠡᠢ ᠃      ᠲᠤᠬᠠᠢ ᠶᠢᠨ ᠭᠠᠵᠠᠷ ᠲᠤ  ᠨᠢ ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠣᠰ ᠲᠣᠰ ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠪᠠ ᠬᠠᠷᠠᠴᠢᠨ ᠪᠠᠯᠭᠠᠰᠤᠨ ᠳᠤ ᠶᠠᠷᠢᠯᠴᠠᠬᠤ ᠬᠤᠷᠠᠯ ᠬᠢᠪᠡ᠃ ᠬᠤᠷᠠᠯ ᠳᠡᠭᠡᠷ᠎ᠡ ᠬᠤᠳᠠ ᠶᠢᠨ ᠱᠠᠲᠤ ᠂ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠠᠵᠢᠯᠲᠠᠳ ᠲᠤᠬᠠᠢ ᠶᠢᠨ ᠭᠠᠵᠠᠷ ᠤᠨ ᠲᠥᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢᠨ ᠣᠳᠣᠬᠢ ᠪᠠᠶᠢᠳᠠᠯ ᠤᠨ ᠲᠤᠬᠠᠢ ᠠᠵᠢᠯ ᠤᠨ ᠬᠠᠷᠢᠭᠤ ᠮᠡᠳᠡᠭᠦᠯᠦᠯᠲᠡ ᠬᠢᠵᠦ ᠂ ᠲᠠᠷᠢᠮᠠᠯ ᠤᠨ ᠲᠣᠮᠣ ᠡᠷᠦᠬᠡ ᠂ ᠳᠠᠭᠠᠭᠤᠯᠤᠭᠴᠢ ᠠᠵᠤ ᠠᠬᠤᠶᠢᠯᠠᠯ ᠬᠤᠷᠠᠯ ᠳᠤ ᠣᠷᠣᠯᠴᠠᠭᠰᠠᠨ ᠪᠥᠭᠡᠳ ᠰᠠᠨᠠᠭᠤᠯᠭ᠎ᠠ ᠪᠠ ᠰᠠᠨᠠᠯ ᠢᠶᠠᠨ ᠢᠯᠡᠳᠬᠡᠪᠡ ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠲᠤᠰᠬᠠᠢ ᠮᠡᠷᠭᠡᠵᠢᠯᠲᠡᠨ ᠲᠤᠬᠠᠢ ᠶᠢᠨ ᠭᠠᠵᠠᠷ ᠲᠤ  ᠨᠢ ᠪᠠᠶᠢᠴᠠᠭᠠᠨ ᠰᠤᠳᠤᠯᠤᠯᠲᠠ ᠬᠢᠭᠰᠡᠨ ᠪᠠ ᠠᠵᠢᠯ ᠤᠨ ᠬᠠᠷᠢᠭᠤ ᠮᠡᠳᠡᠭᠦᠯᠦᠯᠲᠡ ᠬᠢᠭᠰᠡᠨ ᠪᠠᠶᠢᠳᠠᠯ ᠲᠠᠢ ᠪᠠᠨ ᠤᠶᠠᠯᠳᠤᠭᠤᠯᠤᠨ ᠲᠤᠬᠠᠢ ᠶᠢᠨ ᠭᠠᠵᠠᠷ ᠤᠨ ᠲᠠᠷᠢᠵᠤ ᠪᠣᠶᠢᠵᠢᠭᠤᠯᠬᠤ ᠣᠷᠴᠢᠨ ᠲᠣᠭᠤᠷᠢᠨ ᠳᠤ ᠵᠣᠬᠢᠴᠠᠭᠰᠠᠨ ᠂ ᠲᠤᠬᠠᠢ ᠶᠢᠨ ᠭᠠᠵᠠᠷ ᠤᠨ ᠲᠠᠷᠢᠵᠤ ᠤᠷᠭᠤᠭᠤᠯᠬᠤ ᠮᠡᠷᠭᠡᠵᠢᠯ ᠳᠤ ᠨᠡᠶᠢᠴᠡᠭᠰᠡᠨ ᠂ ᠤᠳᠤ ᠦᠶ᠎ᠡ ᠶᠢᠨ ᠲᠠᠷᠢᠶᠠᠯᠠᠩ ᠤᠨ ᠮᠠᠰᠢᠨ ᠲᠥᠬᠦᠭᠡᠷᠦᠮᠵᠢ ᠲᠠᠢ ᠢᠵᠢ ᠪᠦᠷᠢᠳᠦᠭᠰᠡᠨ ᠬᠠᠭᠤᠴᠢᠨ ᠲᠥᠬᠦᠭᠡᠷᠦᠮᠵᠢ ᠶᠢ ᠥᠭᠡᠷᠡᠴᠢᠯᠡᠨ ᠲᠡᠰ ᠳᠡᠪᠰᠢᠭᠦᠯᠬᠦ ᠲᠤᠬᠠᠢ ᠵᠢᠯᠤᠭᠤᠳᠬᠤ ᠰᠠᠨᠠᠯ ᠢ ᠳᠤᠷᠠᠳᠴᠠᠢ ᠄ ᠣᠶᠤᠨᠴᠢᠯᠠᠭᠰᠠᠨ ᠲᠦᠪᠰᠢᠨ ︵ᠵᠢᠱᠢᠶᠡᠯᠡᠪᠡᠯ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠵᠡᠷᠭᠡ ᠲᠥᠬᠦᠭᠡᠷᠦᠮᠵᠢ︶ ᠢ ᠳᠡᠭᠡᠭᠰᠢᠯᠡᠭᠦᠯᠬᠦ ᠶᠢᠨ ᠬᠠᠮᠲᠤ ᠲᠥᠬᠦᠭᠡᠷᠦᠮᠵᠢᠲᠦ ᠲᠠᠷᠢᠶᠠᠯᠠᠩ ᠤᠨ ᠬᠠᠷᠰᠢ ᠰᠠᠭᠠᠳ᠂ ᠭᠤᠤᠷᠰᠤ ᠶᠢᠨ ᠲᠣᠬᠢᠷᠠᠭᠤᠯᠤᠯᠲᠠ ᠪᠠ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠳᠤ ᠴᠢᠭᠯᠡᠭᠦᠯᠦᠨ ᠮᠡᠷᠭᠡᠵᠢᠯ ᠤᠨ ᠵᠢᠯᠣᠭᠤᠳᠤᠯᠭ᠎ᠠ ᠭᠠᠷᠭᠠᠪᠠ᠃      ᠪᠦᠬᠦ ᠤᠯᠤᠰ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠴᠡᠴᠡᠷᠯᠢᠭ ᠤᠨ ᠮᠡᠷᠭᠡᠵᠢᠯ ᠤᠨ ᠭᠠᠵᠠᠷ ᠤᠨ ᠳᠠᠷᠤᠭ᠎ᠠ ᠵᠧᠦ ᠽᠦ ᠢᠦᠢ ︽ ᠭᠤᠷᠪᠠ ᠶᠢ ᠳᠡᠭᠡᠭᠰᠢᠯᠡᠭᠦᠯᠬᠦ ︾  ᠶᠢ ᠳᠤᠷᠠᠳᠴᠤ ᠂ ᠭᠠᠵᠠᠷ ᠰᠢᠷᠣᠢ ᠶᠢᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ ᠂ ᠬᠥᠳᠡᠯᠮᠦᠷᠢ  ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠵᠦ ᠂ ᠭᠠᠵᠠᠷ ᠰᠢᠷᠣᠢ ᠶᠢᠨ ᠭᠠᠷᠤᠯᠲᠠ ᠶᠢᠨ ᠨᠤᠷᠮ᠎ᠠ ᠶᠢ  ᠳᠡᠭᠡᠭᠰᠢᠯᠡᠭᠦᠯᠦᠨ᠎ᠡ᠂ ᠲᠥᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢᠨ ᠴᠢᠭᠯᠡᠯ ᠢ ᠲᠣᠳᠤᠷᠬᠠᠶᠢᠯᠠᠵᠤ᠂ ᠨᠢᠭᠡ ᠳᠤ ᠮᠠᠰᠢᠨᠴᠢᠯᠠᠬᠤ ᠶᠢ ᠲᠦᠷᠭᠡᠳᠬᠡᠵᠦ ᠂ ᠮᠠᠰᠢᠨᠴᠢᠯᠠᠨ ᠲᠠᠷᠢᠬᠤ ᠶᠢ ᠪᠡᠶᠡᠯᠡᠭᠦᠯᠦᠨ᠎ᠡ ︔ ᠬᠤᠶᠠᠷ ᠲᠤ ᠳᠥᠭᠦᠮᠴᠢᠯᠡᠯᠲᠡ ᠶᠢ ᠳᠡᠭᠡᠭᠰᠢᠯᠡᠭᠦᠯᠵᠦ᠂ ᠬᠥᠳᠡᠯᠮᠦᠷᠢ ᠶᠢᠨ ᠨᠣᠷᠮ᠎ᠠ ᠶᠢᠨ ᠠᠰᠠᠭᠤᠳᠠᠯ ᠢ ᠰᠢᠢᠳᠪᠦᠷᠢᠯᠡᠨ᠎ᠡ ︔ ᠭᠤᠷᠪᠠ ᠳᠤ ᠠᠦ᠋ᠲ᠋ᠣᠴᠢᠯᠠᠬᠤ ᠂ ᠣᠶᠤᠨᠴᠢᠯᠠᠬᠤ ᠲᠡᠶᠢᠰᠢ ᠤᠷᠤᠭᠰᠢᠯᠠᠵᠤ ᠂ ᠣᠳᠣᠬᠢᠴᠢᠯᠠᠭᠰᠠᠨ ᠲᠠᠷᠢᠶᠠᠯᠠᠩ ᠤᠨ ᠦᠢᠯᠡᠳᠪᠦᠷᠢᠯᠡᠯ ᠢ ᠪᠡᠶᠡᠯᠡᠭᠦᠯᠦᠨ᠎ᠡ ᠭᠡᠵᠦ ᠳᠤᠷᠠᠳᠴᠠᠢ᠃      ᠲᠣᠰ ᠤᠳᠠᠭᠠᠨ ᠤ ᠲᠥᠬᠦᠭᠡᠷᠦᠮᠵᠢᠲᠦ ᠢᠳᠡᠰᠢᠨ ᠨᠣᠭᠤᠭ᠎ᠠ ᠶᠢᠨ ᠲᠤᠰᠬᠠᠢ ᠰᠡᠳᠦᠪᠲᠦ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠯᠠᠭᠠᠨᠬᠠᠳᠠ ᠬᠤᠲᠠ ᠶᠢᠨ ᠲᠥᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢᠨ ᠣᠳᠣᠬᠢ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠭᠦᠢᠴᠡᠳ ᠡᠵᠡᠮᠰᠢᠭᠰᠡᠨ ᠪᠥᠭᠡᠳ ᠵᠢᠯᠤᠭᠤᠳᠬᠤ ᠰᠠᠨᠠᠯ ᠳᠤᠷᠠᠳᠴᠤ᠂ ᠲᠤᠬᠠᠢ ᠶᠢᠨ ᠭᠠᠵᠠᠷ ᠤᠨ ᠲᠥᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠳᠤ ᠰᠡᠳᠬᠢᠮᠵᠢ ᠬᠠᠩᠭᠠᠵᠤ᠂ ᠴᠢᠭᠯᠡᠯ ᠪᠠ ᠬᠠᠷᠠᠯᠲᠠ ᠶᠢ ᠲᠣᠳᠣᠷᠬᠠᠢ ᠲᠣᠭᠲᠠᠭᠠᠪᠠ︔ ᠥᠪᠡᠷᠲᠡᠭᠡᠨ ᠵᠠᠰᠠᠬᠤ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠤᠰᠤ ᠠᠷᠪᠢᠯᠠᠵᠤ ᠪᠣᠷᠳᠤᠭᠤᠷ ᠪᠠᠭᠠᠰᠬᠠᠬᠤ ᠂ ᠪᠣᠬᠢᠷᠳᠤᠯ ᠦᠭᠡᠢ ᠥᠨᠳᠥᠷ ᠪᠦᠲᠦᠮᠵᠢᠲᠡᠶ ᠬᠥᠭᠵᠢᠯᠲᠡ᠂ ᠲᠠᠷᠢᠶᠠᠯᠠᠩ ᠤᠨ ᠮᠠᠰᠢᠨ ᠲᠠᠷᠢᠶᠠᠯᠠᠩ ᠤᠨ ᠮᠡᠷᠭᠡᠵᠢᠯ ᠢ ᠠᠭᠤᠰᠤᠯᠴᠠᠭᠤᠯᠬᠤ᠂ ᠣᠶᠤᠨᠴᠢᠯᠠᠭᠰᠠᠨ ᠬᠠᠮᠢᠶᠠᠷᠤᠯᠲᠠ ᠵᠡᠷᠭᠡ ᠣᠳᠣᠬᠢᠴᠢᠯᠠᠭᠰᠠᠨ ᠲᠠᠷᠢᠶᠠᠯᠠᠩ ᠤᠨ ᠴᠢᠭᠯᠡᠯ ᠢᠶᠠᠷ ᠤᠷᠤᠭᠰᠢᠯᠠᠬᠤ ᠳᠤ ᠴᠢᠬᠤᠯᠠ ᠠᠬᠢᠭᠤᠯᠬᠤ ᠦᠢᠯᠡᠳᠦᠯ ᠦᠵᠡᠭᠦᠯᠪᠡ᠃
1.png
2.png
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号