ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠤᠷᠤᠨ ᠤ ᠲᠢᠩᠬᠢᠮ 2023 ᠣᠨ ᠤ 3 ᠰᠠᠷ᠎ᠠ ᠶᠢᠨ 12 ᠤᠨ ᠡᠳᠦᠷ ᠤᠨ 18 ᠴᠠᠭ 00 ᠮᠢᠨᠦ᠋ᠲ ᠲᠤ | ᠲᠥᠬᠦᠭᠡᠷᠦᠮᠵᠢᠲᠦ ᠲᠠᠷᠢᠶᠠᠯᠠᠩ ᠤᠨ ᠴᠠᠭ ᠠᠭᠤᠷ ᠤᠨ ᠭᠠᠮᠰᠢᠭ ᠤᠨ ᠠᠶᠤᠯ ᠲᠦᠭᠰᠢᠭᠦᠷᠢ ᠶᠢᠨ ᠰᠡᠷᠡᠮᠵᠢᠯᠡᠭᠦᠯᠦᠯ ᠢ | ᠬᠠᠮᠲᠤᠷᠠᠨ ᠨᠡᠶᠢᠲᠡᠯᠡᠪᠡ᠄ | ᠬᠦᠢᠲᠡᠨ ᠤᠷᠤᠰᠬᠠᠯ ᠤᠨ ᠨᠥᠯᠥᠭᠡ ᠪᠠᠷ᠂ 3 ᠰᠠᠷ᠎ᠠ ᠶᠢᠨ 13 ᠤ ᠡᠳᠦᠷ ᠠᠴᠠ 3 ᠰᠠᠷ᠎ᠠ ᠶᠢᠨ 15 ᠤ | ᠡᠳᠦᠷ ᠪᠣᠯᠲᠠᠯ᠎ᠠ᠂ ᠪᠥᠬᠦ ᠣᠷᠣᠨ ᠤ ᠶᠡᠬᠡᠩᠬᠢ ᠭᠠᠵᠠᠷ ᠣᠷᠣᠨ ᠳᠤ 4 — 5 ᠳ᠋ᠤᠭᠠᠷ ᠲᠠᠰ ᠤᠨ ᠣᠬᠤᠷ | ᠴᠠᠭ ᠤᠨ 6 ᠳ᠋ᠤᠭᠠᠷ ᠲᠠᠰ ᠤᠨ ᠪᠠᠷᠠᠭᠤᠨ ᠬᠤᠶᠢᠲᠤ ᠶᠢᠨ ᠰᠠᠯᠬᠢ ᠰᠠᠯᠬᠢᠯᠠᠵᠤ᠂ ᠪᠠᠷᠠᠭᠤᠨ ᠬᠡᠰᠡᠭ ᠤᠨ ᠵᠡᠭᠦᠨᠰᠢᠬᠢ | ᠬᠡᠰᠡᠭ᠂ ᠳᠤᠮᠳᠠ ᠬᠡᠰᠡᠭ ᠪᠠ ᠵᠡᠭᠦᠨ ᠡᠮᠦᠨᠡᠲᠦ ᠬᠡᠰᠡᠭ ᠤᠨ ᠭᠠᠵᠠᠷ ᠣᠷᠣᠨ ᠳᠤ 7 — 8 ᠳ᠋ᠤᠭᠠᠷ ᠲᠠᠰ ᠤᠨ | ᠰᠠᠯᠬᠢ ᠰᠠᠯᠬᠢᠯᠠᠵᠦ ᠂ ᠬᠡᠰᠡᠭ ᠭᠠᠵᠠᠷ ᠲᠤ 9 ᠳ᠋ᠤᠭᠡᠷ ᠲᠠᠰ ᠲᠤ ᠬᠦᠷᠦᠨ᠎ᠡ᠃ ᠣᠶᠤᠨᠲᠤ ᠰᠦᠯᠵᠢᠶᠡᠨ ᠤ | ᠤᠷᠢᠳᠴᠢᠯᠠᠭᠰᠠᠨ ᠮᠡᠳᠡᠭᠡ ᠶᠢᠨ ᠲᠤᠭ᠎ᠠ ᠪᠠᠷᠢᠮᠲᠠ ᠶᠢ ᠦᠨᠳᠦᠰᠦᠯᠡᠨ ᠂ ᠲᠥᠬᠦᠭᠡᠷᠦᠮᠵᠢᠲᠦ ᠲᠠᠷᠢᠶᠠᠯᠠᠩ ᠤᠨ | ᠰᠠᠯᠬᠢᠨ ᠤ ᠭᠠᠮᠰᠢᠭ ᠤᠨ ᠭᠦᠢᠴᠡᠳᠬᠡᠯ ᠲᠤᠭ᠎ᠠ ᠲᠠᠢ ᠤᠶᠠᠯᠳᠤᠭᠤᠯᠤᠭᠠᠳ ᠂ 3 ᠰᠠᠷ᠎ᠠ ᠶᠢᠨ 13 ᠤ ᠡᠳᠦᠷ᠂ ᠳᠤᠮᠳᠠ | ᠬᠡᠰᠡᠭ ᠤᠨ ᠪᠠᠷᠠᠭᠤᠨ ᠡᠮᠦᠨᠡᠭᠦᠷᠬᠢ ᠬᠡᠰᠡᠭ ᠪᠤᠰᠠᠭ ᠭᠠᠵᠠᠷ ᠣᠷᠣᠨ ᠢ ᠲᠥᠬᠦᠭᠡᠷᠦᠮᠵᠢᠲᠦ ᠲᠠᠷᠢᠶᠠᠯᠠᠩ ᠤᠨ ᠰᠠᠯᠬᠢᠨ ᠤ | ᠭᠠᠮᠰᠢᠭ ᠤᠨ ᠠᠶᠤᠯ ᠲᠦᠭᠰᠢᠭᠦᠷᠢ ᠪᠠᠭ᠎ᠠ ᠭᠠᠵᠠᠷ ᠣᠷᠣᠨ᠂ ᠤᠯᠠᠭᠠᠨᠴᠠᠪ ᠤᠨ ᠳᠤᠮᠳᠠ ᠬᠡᠰᠡᠭ ᠢ ᠲᠥᠬᠦᠭᠡᠷᠦᠮᠵᠢᠲᠦ | ᠲᠠᠷᠢᠶᠠᠯᠠᠩ ᠤᠨ ᠰᠠᠯᠬᠢᠨ ᠤ ᠭᠠᠮᠰᠢᠭ ᠤᠨ ᠳᠤᠮᠳᠠ ᠵᠡᠷᠭᠡ ᠶᠢᠨ ᠪᠤᠶᠤ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ | ᠭᠡᠵᠦ ᠲᠣᠭᠲᠠᠭᠠᠪᠠ ︔ 3 ᠰᠠᠷ᠎ᠠ ᠶᠢᠨ 14 ᠤ ᠡᠳᠦᠷ᠂ ᠳᠤᠮᠳᠠ ᠪᠠᠷᠠᠭᠤᠨ ᠬᠡᠰᠡᠭ ᠤᠨ ᠡᠮᠦᠨᠡᠭᠦᠷᠬᠢ ᠭᠠᠵᠠᠷ ᠣᠷᠣᠨ᠂ | ᠵᠡᠭᠦᠨ ᠬᠡᠰᠡᠭ ᠤᠨ ᠪᠠᠷᠠᠭᠤᠨ ᠡᠮᠦᠨᠡᠭᠦᠷᠬᠢ ᠭᠠᠵᠠᠷ ᠣᠷᠣᠨ ᠨᠢ ᠲᠥᠬᠦᠭᠡᠷᠦᠮᠵᠢᠲᠦ ᠲᠠᠷᠢᠶᠠᠯᠠᠩ ᠤᠨ ᠠᠶᠤᠯ | ᠲᠦᠭᠰᠢᠭᠦᠷᠢ ᠪᠠᠭ᠎ᠠ ᠪᠤᠶᠤ ᠳᠤᠮᠳᠠ ᠵᠡᠷᠭᠡ ᠶᠢᠨ ᠠᠶᠤᠯ ᠲᠦᠭᠰᠢᠭᠦᠷᠢ ᠲᠠᠢ ᠭᠠᠵᠠᠷ ᠣᠷᠣᠨ ᠭᠡᠵᠦ ᠲᠤᠭᠳᠠᠭᠠᠪᠠ ︔ 3 | ᠰᠠᠷ᠎ᠠ ᠶᠢᠨ 15 ᠤ ᠡᠳᠦᠷ᠂ ᠳᠤᠮᠳᠠ ᠬᠡᠰᠡᠭ ᠤᠨ ᠪᠠᠷᠠᠭᠤᠨ ᠡᠮᠦᠨᠡᠭᠦᠷᠬᠢ ᠭᠠᠵᠠᠷ ᠣᠷᠣᠨ᠂ ᠵᠡᠭᠦᠨ ᠡᠮᠦᠨᠡᠲᠦ | ᠬᠡᠰᠡᠭ ᠤᠨ ᠭᠠᠵᠠᠷ ᠣᠷᠣᠨ ᠨᠢ ᠲᠥᠬᠦᠭᠡᠷᠦᠮᠵᠢᠲᠦ ᠲᠠᠷᠢᠶᠠᠯᠠᠩ ᠤᠨ ᠠᠶᠤᠯ ᠲᠦᠭᠰᠢᠭᠦᠷᠢ ᠪᠠᠭ᠎ᠠ ᠭᠠᠵᠠᠷ ᠣᠷᠣᠨ | ᠪᠤᠶᠤ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠭᠡᠵᠦ ᠲᠤᠭᠳᠠᠭᠠᠪᠠ ᠂ ᠡᠭᠦᠨ ᠳᠤ᠂ ᠤᠯᠠᠭᠠᠨᠬᠠᠳᠠ ᠬᠤᠲᠠ ᠶᠢᠨ | ᠳᠤᠮᠳᠠ ᠬᠡᠰᠡᠭ ᠤᠨ ᠭᠠᠵᠠᠷ ᠣᠷᠣᠨ ᠨᠢ ᠲᠥᠬᠦᠭᠡᠷᠦᠮᠵᠢᠲᠦ ᠲᠠᠷᠢᠶᠠᠯᠠᠩ ᠤᠨ ᠠᠶᠤᠯ ᠲᠦᠭᠰᠢᠭᠦᠷᠢ ᠶᠡᠬᠡᠲᠡᠢ ᠭᠠᠵᠠᠷ | ᠣᠷᠣᠨ ᠪᠠᠶᠢᠵᠦ ᠂ ᠰᠠᠯᠬᠢᠨ ᠤ ᠭᠠᠮᠰᠢᠭ ᠲᠤ ᠬᠦᠯᠡᠮᠵᠢ ᠶᠢᠨ ᠪᠦᠲᠦᠴᠡ ᠠᠮᠠᠷᠬᠠᠨ ᠡᠪᠳᠡᠭᠳᠡᠬᠦ ᠪᠤᠯᠤᠮᠵᠢ ᠲᠠᠢ ᠃ | ᠰᠡᠷᠭᠡᠶᠢᠯᠡᠬᠦ ᠠᠷᠭ᠎ᠠ ᠪᠣᠳᠣᠯᠭ᠎ᠠ ᠄ ᠲᠠᠷᠢᠶᠠᠨ ᠭᠠᠵᠠᠷ ᠤᠨ ᠲᠥᠬᠦᠭᠡᠷᠦᠮᠵᠢᠲᠦ ᠲᠠᠷᠢᠮᠠᠯ ᠤᠨ | ᠦᠢᠯᠡᠳᠪᠦᠷᠢᠯᠡᠯ ᠤᠨ ᠰᠠᠯᠬᠢ ᠶᠢ ᠰᠡᠷᠭᠡᠶᠢᠯᠡᠬᠦ ᠪᠡᠯᠡᠳᠬᠡᠯ ᠢ ᠤᠷᠢᠳᠴᠢᠯᠠᠨ ᠰᠠᠶᠢᠲᠤᠷ ᠬᠢᠵᠦ᠂ ᠰᠠᠷᠠᠪᠴᠢ ᠶᠢᠨ | ᠪᠦᠷᠬᠦᠪᠴᠢ ᠶᠢ ᠪᠠᠶᠢᠴᠠᠭᠠᠵᠤ᠂ ᠳᠤᠯᠠᠭᠠᠨ ᠢ ᠬᠠᠳᠠᠭᠠᠯᠠᠬᠤ ᠬᠤᠴᠢᠯᠭ᠎ᠠ ︵ᠬᠥᠰᠢᠭᠡ︶ ᠶᠢ ᠴᠠᠭ ᠲᠤᠬᠠᠢ ᠳᠤ ᠨᠢ | ᠰᠡᠯᠪᠢᠨ ᠵᠠᠰᠠᠵᠤ᠂ ᠰᠠᠷᠠᠪᠴᠢ ᠶᠢᠨ ᠵᠢᠶᠠᠰᠠ ᠶᠢ ᠪᠥᠬᠦ ᠲᠠᠯ᠎ᠠ ᠪᠠᠷ ᠪᠠᠶᠢᠴᠠᠭᠠᠵᠤ᠂ ᠪᠦᠷᠬᠦᠭᠦᠯ ᠳᠠᠷᠤᠬᠤ ᠱᠤᠭᠤᠮ ᠢ | ᠪᠠᠬᠢᠯᠡᠨ᠎ᠡ᠃ ᠰᠠᠯᠬᠢ ᠲᠠᠯᠪᠢᠬᠤ ᠠᠮᠠᠰᠠᠷ ᠢ ᠤᠷᠢᠳᠴᠢᠯᠠᠨ ᠬᠠᠭᠠᠵᠤ ᠂ ᠬᠦᠯᠡᠮᠵᠢ ᠶᠢᠨ ᠡᠷᠬᠢᠨ ᠲᠣᠭᠤᠷᠢᠨ ᠤ | ᠠᠮᠠᠷᠬᠠᠨ ᠳᠡᠭᠳᠡᠬᠦ ᠪᠣᠳᠠᠰ ᠢ ᠲᠣᠭᠲᠠᠪᠤᠷᠢᠵᠢᠭᠤᠯᠵᠤ ᠂ ᠬᠦᠯᠡᠮᠵᠢ ᠶᠢᠨ ᠪᠦᠷᠬᠦᠪᠴᠢ ᠶᠢ ᠡᠪᠳᠡᠬᠦ ᠠᠴᠠ ᠰᠡᠷᠭᠡᠶᠢᠯᠡᠵᠦ ᠂ | ᠬᠥᠯᠳᠡᠬᠦ ᠠᠴᠠ ᠰᠡᠷᠭᠡᠶᠢᠯᠡᠵᠦ ᠂ ᠶᠡᠭᠡ ᠰᠠᠯᠬᠢ ᠥᠩᠭᠡᠷᠡᠭᠰᠡᠨ ᠤ ᠲᠠᠷᠠᠭ᠎ᠠ ᠬᠦᠯᠡᠮᠵᠢ ᠶᠢᠨ ᠬᠤᠭ ᠲᠣᠭᠤᠰᠣ ᠶᠢ ᠴᠠᠭ | ᠲᠤᠬᠠᠢ ᠳᠤ ᠨᠢ ᠴᠡᠪᠡᠷᠯᠡᠵᠦ ᠂ ᠬᠦᠯᠡᠮᠵᠢ ᠶᠢᠨ ᠭᠡᠷᠡᠯ ᠨᠡᠪᠲᠡᠷᠡᠬᠦ ᠴᠢᠨᠠᠷ ᠢ ᠰᠠᠶᠢᠵᠢᠷᠠᠭᠤᠯᠬᠤ ᠶᠢ ᠰᠠᠨᠠᠭᠤᠯᠤᠶ᠎ᠠ ᠃ | ᠬᠦᠯᠡᠮᠵᠢ ᠶᠢᠨ ᠳᠣᠲᠣᠷᠠᠬᠢ ᠲᠠᠷᠢᠮᠠᠯ ᠢ ᠬᠤᠷᠢᠶᠠᠬᠤ ᠶᠢᠨ ᠬᠠᠮᠲᠤ ᠰᠠᠯᠠᠭ᠎ᠠ ᠨᠠᠮᠠᠭ᠎ᠠ ᠶᠢ ᠨᠢ ᠲᠡᠭᠰᠢᠯᠡᠨ ᠰᠠᠯᠠᠭ᠎ᠠ ᠶᠢ ᠨᠢ | ᠳᠠᠷᠤᠬᠤ ᠶᠢ ᠪᠠᠭᠠᠰᠬᠠᠵᠤ ᠂ ᠬᠥᠯᠳᠡᠬᠦ ᠠᠶᠤᠯ ᠲᠠᠢ ᠪᠣᠯ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠶᠢ | ᠵᠣᠬᠢᠬᠤ ᠬᠡᠮᠵᠢᠶ᠎ᠡ ᠪᠠᠷ ᠰᠦᠷᠴᠢᠨ ᠣᠷᠣᠭᠤᠯᠵᠤ ᠂ ᠳᠣᠣᠷ᠎ᠠ ᠳᠤᠯᠠᠭᠠᠨ ᠶᠡᠭᠡ ᠰᠠᠯᠬᠢᠨ ᠤ ᠲᠥᠬᠦᠭᠡᠷᠦᠮᠵᠢᠲᠦ | ᠲᠠᠷᠢᠶᠠᠯᠠᠩ ᠤᠨ ᠦᠢᠯᠡᠳᠪᠦᠷᠢᠯᠡᠯ ᠳᠤ ᠦᠵᠡᠭᠦᠯᠬᠦ ᠠᠰᠢᠭ ᠦᠭᠡᠢ ᠨᠥᠯᠥᠭᠡ ᠶᠢ ᠰᠡᠷᠭᠡᠶᠢᠯᠡᠨ᠎ᠡ ᠃ ᠲᠡᠵᠢᠭᠡᠨ | ᠦᠷᠡᠵᠢᠭᠦᠯᠬᠦ ᠡᠷᠦᠬᠡ ᠲᠡᠵᠢᠭᠡᠯ ᠪᠣᠷᠳᠤᠭ᠎ᠠ ᠡᠪᠡᠰᠦ ᠪᠣᠷᠳᠤᠭ᠎ᠠ ᠶᠢ ᠭᠦᠢᠴᠡᠳ ᠪᠡᠯᠡᠳᠬᠡᠵᠦ ᠂ ᠣᠨᠴᠠᠭᠠᠢ ᠠᠭᠤᠷ | ᠠᠮᠢᠰᠬᠤᠯ ᠠᠴᠠ ᠪᠣᠯᠤᠭᠰᠠᠨ ᠲᠡᠵᠢᠭᠡᠯ ᠪᠣᠷᠳᠤᠭ᠎ᠠ ᠡᠪᠡᠰᠦ ᠪᠣᠷᠳᠤᠭ᠎ᠠ ᠶᠢᠨ ᠬᠠᠩᠭᠠᠯᠭ᠎ᠠ ᠳᠤᠲᠠᠭᠳᠠᠬᠤ ᠠᠴᠠ | ᠰᠡᠷᠭᠡᠶᠢᠯᠡᠨ᠎ᠡ ᠃ ᠥᠷᠭᠡᠨ ᠤᠯᠠᠨ ᠵᠢᠭᠠᠰᠤᠨ ᠠᠵᠤ ᠦᠢᠯᠡᠰ ᠤᠨ ᠲᠡᠵᠢᠭᠡᠨ ᠦᠷᠡᠵᠢᠭᠦᠯᠬᠦ ᠡᠷᠤᠭᠡ ᠨᠦᠭᠦᠳ ᠲᠡᠵᠢᠭᠡᠨ | ᠦᠷᠡᠵᠢᠭᠦᠯᠬᠦ ᠲᠥᠬᠦᠭᠡᠷᠦᠮᠵᠢ ᠶᠢᠨ ᠰᠠᠯᠬᠢ ᠶᠢ ᠰᠡᠷᠭᠡᠶᠢᠯᠡᠬᠦ ᠪᠠ ᠬᠠᠮᠢᠶᠠᠷᠬᠤ ᠠᠵᠢᠯ ᠢ ᠰᠠᠶᠢᠲᠤᠷ ᠬᠢᠵᠦ ᠂ ᠲᠣᠮᠣ | ᠤᠰᠤᠨ ᠳᠡᠭᠡᠷᠡᠬᠢ ᠲᠡᠵᠢᠭᠡᠨ ᠦᠷᠡᠵᠢᠭᠦᠯᠬᠦ ᠣᠩᠭᠤᠴᠠ ᠰᠠᠯ ᠭᠠᠷᠠᠮ ᠳᠤ ᠪᠤᠴᠠᠵᠤ ᠰᠠᠯᠬᠢᠨ ᠠᠴᠠ ᠳᠠᠯᠳᠠᠯᠠᠨ ᠂ | ᠬᠥᠮᠥᠨ ᠡᠷᠭᠢ ᠳᠤ ᠭᠠᠷᠴᠤ ᠂ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠃ | | | | | | | | | | | | | ᠵᠢᠷᠤᠭ 1 3 ᠰᠠᠷ᠎ᠠ ᠶᠢᠨ 13 ᠤ ᠡᠳᠦᠷ ᠠᠴᠠ 3 ᠰᠠᠷ᠎ᠠ ᠶᠢᠨ 15 ᠤ ᠡᠳᠦᠷ ᠤᠨ ᠥᠪᠥᠷ | ᠮᠣᠩᠭᠤᠯ ᠤᠨ ᠲᠥᠬᠦᠭᠡᠷᠦᠮᠵᠢᠲᠦ ᠲᠠᠷᠢᠶᠠᠯᠠᠩ ᠤᠨ ᠶᠡᠭᠡ ᠰᠠᠯᠬᠢᠨ ᠤ ᠭᠠᠢ ᠭᠠᠮᠰᠢᠭ ᠤᠨ ᠠᠶᠤᠯ ᠲᠦᠭᠰᠢᠭᠦᠷᠢ ᠶᠢ | ᠤᠷᠢᠳᠴᠢᠯᠠᠨ ᠰᠡᠷᠡᠮᠵᠢᠯᠡᠭᠦᠯᠬᠦ ᠣᠷᠣᠨ ᠪᠦᠰᠡ ᠶᠢᠨ ᠵᠢᠷᠤᠭ | |