ᠤᠯᠠᠭᠠᠨᠬᠠᠳᠠ ᠬᠤᠲᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠪᠠᠨ ᠴᠢᠩᠭᠠᠷᠠᠭᠤᠯᠵᠤ ᠪᠤᠢ
ᠨᠡᠶᠢᠲᠡᠯᠡᠭᠰᠡᠨ ᠴᠠᠭ᠄
2023/3/13
      ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠤᠨ ᠶᠡᠭᠡ ᠶᠠᠪᠤᠳᠠᠯ︾ ᠮᠥᠨ᠃ ᠤᠯᠠᠭᠠᠨᠬᠠᠳᠠ ᠬᠤᠲᠠ ᠨᠢ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠪᠣᠯᠤᠭᠰᠠᠨ ᠤ ᠬᠤᠪᠢ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ︽ᠭᠠᠵᠠᠷ ᠠᠰᠢᠭᠯᠠᠵᠤ ᠠᠮᠤ ᠬᠤᠷᠢᠶᠠᠬᠤ᠂ ᠮᠡᠷᠭᠡᠵᠢᠯ ᠳᠤ ᠲᠦᠰᠢᠭᠯᠡᠵᠦ ᠬᠦᠨᠡᠰᠦ ᠨᠥᠭᠡᠴᠡᠯᠡᠬᠦ︾ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠡᠷᠦᠩᠬᠡᠢ ᠭᠠᠷᠳᠠᠴᠠ ᠪᠣᠯᠭᠠᠬᠤ ᠶᠢ ᠢᠮᠠᠭᠲᠠ ᠪᠠᠷᠢᠮᠲᠠᠯᠠᠭᠰᠠᠭᠠᠷ ᠢᠷᠡᠵᠡᠶ᠃ 2023 ᠣᠨ ᠳᠤ ᠪᠥᠬᠦ ᠬᠤᠲᠠ ᠪᠠᠷ ᠢᠶᠠᠨ 74 ᠲᠦᠮᠡᠨ ᠮᠦ ᠶᠢᠨ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ ᠳᠡᠭᠡᠭᠰᠢᠯᠡᠭᠦᠯᠬᠦ ᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠲᠦᠷᠭᠡᠪᠴᠢᠯᠡᠨ ᠪᠡᠶᠡᠯᠡᠭᠦᠯᠬᠦ ᠶᠢᠨ ᠬᠠᠮᠲᠤ 2022 ᠣᠨ ᠤ 102.5 ᠲᠦᠮᠡᠨ ᠮᠦ ᠶᠢᠨ ᠲᠥᠷᠥᠯ ᠵᠦᠢᠯ ᠤᠨ ᠰᠡᠭᠦᠯ ᠬᠤᠷᠢᠶᠠᠬᠤ ᠠᠵᠢᠯ ᠢ ᠲᠦᠷᠭᠡᠪᠴᠢᠯᠡᠨ ᠠᠬᠢᠭᠤᠯᠬᠤ ᠪᠠᠷ ᠪᠤᠢ᠃      ᠨᠢᠭᠡ ᠳᠤ᠂ ᠥᠨᠳᠥᠷ ᠪᠠᠶᠢᠷᠢ ᠠᠴᠠ ᠠᠬᠢᠭᠤᠯᠬᠤ ᠶᠢ ᠪᠠᠷᠢᠮᠲᠠᠯᠠᠵᠤ᠂ ᠵᠠᠷᠯᠠᠨ ᠮᠡᠳᠡᠭᠡᠯᠡᠬᠦ᠂ ᠪᠣᠯᠵᠣᠨ ᠶᠠᠷᠢᠯᠴᠠᠬᠤ᠂ ᠰᠢᠯᠢᠳᠡᠭ ᠢ ᠨᠢ ᠱᠠᠩᠨᠠᠵᠤ ᠰᠢᠭᠠᠷᠤ ᠶᠢ ᠨᠢ ᠲᠣᠷᠭᠠᠬᠤ ᠵᠡᠷᠭᠡ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ ᠳᠠᠷᠤᠯᠲᠠ ᠶᠢ ᠦᠨᠡᠨ ᠬᠦ ᠪᠣᠳᠠᠲᠠᠢ ᠠᠵᠢᠯ ᠳᠤ ᠳᠠᠮᠵᠢᠭᠤᠯᠬᠤ ᠬᠡᠷᠡᠭᠲᠡᠢ︔ ᠬᠤᠶᠠᠷ ᠲᠤ᠂ ᠲᠥᠷᠥᠯ ᠵᠦᠢᠯ ᠤᠨ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠪᠠᠷᠢᠯᠭ᠎ᠠ ᠳᠠᠭᠤᠰᠴᠤ ᠰᠢᠯᠭᠠᠨ ᠠᠪᠬᠤ ᠲᠥᠷᠥᠯ ᠵᠦᠢᠯ ᠪᠠ ᠪᠠᠶᠢᠭᠤᠯᠵᠤ ᠪᠠᠶᠢᠭ᠎ᠠ ᠲᠥᠷᠥᠯ ᠵᠦᠢᠯ ᠢᠶᠠᠷ ᠳᠠᠮᠵᠢᠭᠤᠯᠤᠨ ᠪᠡᠯᠡ ᠮᠥᠩᠭᠦ ᠳᠥᠯᠥᠬᠦ ᠠᠵᠢᠯ ᠢ ᠰᠠᠶᠢᠲᠤᠷ ᠬᠢᠵᠦ᠂ ᠳᠥᠯᠥᠬᠦ ᠠᠬᠢᠴᠠ ᠬᠢᠭᠡᠳ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠬᠠᠷᠢᠯᠴᠠᠨ ᠵᠣᠬᠢᠴᠠᠯᠳᠤᠬᠤ ᠶᠢ ᠦᠨᠡᠨ ᠬᠦ ᠪᠠᠲᠤᠯᠠᠬᠤ ᠬᠡᠷᠡᠭᠲᠡᠢ︔ ᠭᠤᠷᠪᠠ ᠳᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠦᠷᠦᠯ ᠵᠦᠢᠯ ᠢ ᠠᠬᠢᠭᠤᠯᠬᠤ ᠴᠠᠭ ᠤᠨ ᠬᠦᠰᠦᠨᠦᠭᠲᠦ ᠪᠣᠯᠣᠨ ᠵᠠᠮ ᠱᠤᠭᠤᠮ ᠤᠨ ᠵᠢᠷᠤᠭ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠴᠠᠭ ᠤᠨ ᠳᠠᠷᠠᠭᠠᠯᠠᠯ ᠤᠨ ᠱᠠᠭᠠᠷᠳᠠᠯᠭ᠎ᠠ ᠪᠠᠷ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ︔ ᠳᠥᠷᠪᠡ ᠳᠤ᠂ ᠲᠦᠷᠦᠯ ᠵᠦᠢᠯ ᠤᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠵᠢᠷᠤᠭ ᠲᠥᠯᠥᠪᠯᠡᠭᠡ ᠶᠢ ᠬᠢᠨᠠᠨ ᠲᠣᠭᠲᠠᠭᠠᠬᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠵᠡᠷᠭᠡ ᠴᠢᠬᠤᠯᠠ ᠪᠣᠭᠤᠮᠲᠠ ᠶᠢ ᠴᠢᠩᠭ᠎ᠠ ᠡᠵᠡᠮᠳᠡᠵᠦ᠂ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠢ︔ ᠲᠠᠪᠤ ᠳᠤ᠂ ᠡᠯ᠎ᠡ ᠭᠠᠵᠠᠷ ᠤᠨ ᠬᠢᠨ 2024 ᠣᠨ ᠤ ᠲᠦᠷᠦᠯ ᠵᠦᠢᠯ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠵᠢᠷᠤᠭ ᠲᠥᠯᠥᠪᠯᠡᠭᠡ ᠶᠢᠨ ᠳᠠᠭᠠᠭᠠᠴᠢᠯᠠᠯᠲᠠ ᠵᠠᠷᠯᠠᠬᠤ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠵᠡᠷᠭᠡ ᠠᠵᠢᠯ ᠢ ᠤᠷᠢᠳᠴᠢᠯᠠᠨ ᠥᠷᠨᠢᠭᠦᠯᠵᠦ᠂ ︽ᠬᠠᠪᠤᠷ ᠪᠣᠯᠣᠮᠠᠭᠴᠠ ᠠᠵᠢᠯ ᠢᠶᠠᠨ ᠡᠬᠢᠯᠡᠭᠦᠯᠬᠦ︾ ᠶᠢ ᠪᠡᠶᠡᠯᠡᠭᠦᠯᠬᠦ ᠬᠡᠷᠡᠭᠲᠡᠢ᠃ 
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号