3 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠥᠬᠦ ᠲᠢᠩᠬᠢᠮ ᠤᠨ ᠺᠠᠳ᠋ᠷᠴᠤᠳ ᠤᠨ ᠶᠡᠭᠡ | ᠬᠤᠷᠠᠯ ᠬᠤᠷᠠᠯᠳᠤᠭᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠳᠠᠶᠢᠴᠢᠯᠠᠨ ᠪᠠᠶᠢᠷᠢᠯᠠᠭᠤᠯᠪᠠ ᠃ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠷᠠᠯ ᠳᠤ ᠣᠷᠣᠯᠴᠠᠨ ᠶᠠᠷᠢᠶ᠎ᠠ | ᠲᠠᠯᠪᠢᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ | ᠵᠣᠣ ᠢᠦᠢ ᠱᠧᠩ ᠬᠤᠷᠠᠯ ᠡᠷᠭᠢᠯᠡᠪᠡ᠃ | | | | | ᠬᠤᠷᠠᠯ ᠠᠴᠠ ᠂ ︽ ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ ︾ ᠤ ᠠᠵᠢᠯ ᠪᠣᠯ ᠨᠠᠮ ᠪᠣᠯᠣᠨ | ᠤᠯᠤᠰ ᠤᠨ ᠦᠢᠯᠡᠰ ᠤᠨ ᠰᠠᠭᠤᠷᠢ ᠴᠢᠨᠠᠷᠲᠠᠢ ᠠᠵᠢᠯ ᠪᠣᠯᠣᠨ᠎ᠠ ᠃ ᠣᠶᠢᠷ᠎ᠠ ᠶᠢᠨ ᠵᠢᠯ ᠤᠨ ᠲᠤᠷᠰᠢ ᠂ ᠪᠦᠬᠦ | ᠣᠷᠣᠨ ᠤ ︽ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠦᠢᠯᠡᠰ | ᠡᠯᠪᠡᠭ ᠪᠠᠶᠠᠯᠢᠭ ᠦᠷ᠎ᠡ ᠪᠦᠲᠦᠭᠡᠯ ᠣᠯᠵᠤ ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠳᠤ ᠪᠠᠲᠤ ᠪᠠᠬᠢ ᠰᠠᠭᠤᠷᠢ ᠶᠢ | ᠲᠠᠯᠪᠢᠭᠰᠠᠨ ᠪᠠᠶᠢᠨ᠎ᠠ ᠃ ᠣᠳᠣᠬᠠᠨ ᠳᠤ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠪᠠᠶᠢᠳᠠᠯ ᠮᠠᠰᠢ | ᠰᠠᠶᠢᠨ᠂ ᠡᠭᠦᠷᠭᠡ ᠲᠣᠳᠣᠷᠬᠠᠢ ᠪᠠᠶᠢᠵᠤ᠂ ᠣᠯᠳᠠᠬᠤᠶ᠎ᠠ ᠪᠡᠷᠬᠡ ᠬᠥᠭᠵᠢᠯᠲᠡ ᠶᠢᠨ ᠠᠵᠠ ᠲᠣᠬᠢᠶᠠᠯ ᠳᠤ ᠲᠤᠯᠭᠠᠷᠠᠵᠤ | ᠪᠠᠶᠢᠭ᠎ᠠ ᠪᠣᠯᠬᠤᠷ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠢᠯ ᠢ ᠦᠷᠭᠦᠯᠵᠢᠯᠡᠨ ᠰᠠᠶᠢᠲᠤᠷ | ᠠᠳᠬᠤᠬᠤ ᠳᠤ ᠰᠠᠭᠤᠷᠢ ᠲᠠᠢ᠂ ᠢᠳᠡ ᠬᠦᠴᠦᠨ ᠲᠠᠢ᠂ ᠵᠢᠯᠣᠭᠤᠳᠤᠯᠭ᠎ᠠ ᠲᠠᠢ ᠪᠠᠶᠢᠬᠤ ᠬᠡᠷᠡᠭᠲᠡᠢ ᠭᠡᠵᠦ ᠵᠢᠭᠠᠵᠤ | ᠭᠠᠷᠭᠠᠪᠠ ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠣᠷᠣᠭᠠᠳ᠂ ᠰᠢᠨ᠎ᠡ | ᠰᠢᠯᠭᠠᠯᠲᠠ ᠰᠢᠨ᠎ᠡ ᠥᠷᠢᠰᠦᠯᠳᠦᠭᠡᠨ ᠤ ᠡᠮᠦᠨ᠎ᠡ᠂ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠬᠢᠨ ︽ᠶᠡᠭᠡ | ᠨᠠᠮ ᠤᠨ ᠪᠠᠶᠢᠭᠤᠯᠤᠯᠲᠠ ᠪᠠᠷ ᠶᠡᠭᠡ ᠬᠥᠭᠵᠢᠯᠲᠡ ᠶᠢ ᠠᠬᠢᠭᠤᠯᠵᠤ᠂ ᠶᠡᠭᠡ ᠳᠡᠭᠡᠭᠰᠢᠯᠡᠯᠲᠡ ᠶᠢ ᠪᠡᠶᠡᠯᠡᠭᠦᠯᠬᠦ︾ | ᠣᠶᠢᠯᠠᠭᠠᠭᠳᠠᠬᠤᠨ ᠢ ᠪᠠᠷᠢᠮᠲᠠᠯᠠᠵᠤ᠂ ᠤᠯᠤᠰ ᠲᠥᠷᠥ ᠶᠢᠨ ᠤᠬᠠᠮᠰᠠᠷ᠂ ᠪᠦᠯᠬᠦᠮ ᠨᠡᠶᠢᠲᠡ ᠶᠢᠨ ᠤᠬᠠᠮᠰᠠᠷ᠂ | ᠮᠡᠳᠡᠭᠦᠯᠦᠯᠲᠡ ᠶᠢᠨ ᠤᠬᠠᠮᠰᠠᠷ᠂ ᠲᠠᠩᠰᠠ ᠲᠤᠰᠢᠶᠠᠬᠤ ᠤᠬᠠᠮᠰᠠᠷ᠂ ᠦᠢᠯᠡᠴᠢᠯᠡᠭᠡᠨ ᠤ ᠤᠬᠠᠮᠰᠠᠷ᠂ ᠲᠥᠷᠥᠯ | ᠵᠦᠢᠯ ᠤᠨ ᠤᠬᠠᠮᠰᠠᠷ᠂ ᠲᠡᠷᠢᠭᠦᠨ ᠵᠡᠷᠭᠡ ᠶᠢᠨ ᠤᠬᠠᠮᠰᠠᠷ᠂ ᠶᠣᠰᠣ ᠳᠦᠷᠢᠮ ᠤᠨ ᠤᠬᠠᠮᠰᠠᠷ᠂ ᠠᠰᠠᠭᠤᠳᠠᠯ ᠤᠨ | ᠤᠬᠠᠮᠰᠠᠷ᠂ ᠰᠢᠨ᠎ᠡ ᠶᠢ ᠡᠭᠦᠳᠬᠦ ᠤᠬᠠᠮᠰᠠᠷ ᠵᠡᠷᠭᠡ ︽ᠠᠷᠪᠠᠨ ᠵᠦᠢᠯ ᠤᠨ ᠤᠬᠠᠮᠰᠠᠷ︾ ᠢ ᠰᠠᠶᠢᠲᠤᠷ ᠪᠣᠶ ᠪᠣᠯᠭᠠᠵᠤ᠂ | ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠳᠣᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ︽ᠭᠤᠷᠪᠠᠨ ᠣᠯᠠᠨ ᠭᠤᠷᠪᠠᠨ | ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠦᠷᠭᠦᠯᠵᠢᠯᠡᠨ ᠢᠯᠠᠨ ᠳᠠᠪᠠᠵᠤ᠂ ᠡᠯ᠎ᠡ ᠵᠦᠢᠯ ᠤᠨ ᠠᠵᠢᠯ ᠢᠶᠠᠨ | ᠳᠡᠭᠡᠭᠰᠢᠯᠡᠭᠦᠯᠦᠨ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠶᠡᠭᠡ ᠬᠥᠭᠵᠢᠯᠲᠡ ᠶᠢ | ᠠᠬᠢᠭᠤᠯᠬᠤ ᠬᠡᠷᠡᠭᠲᠡᠢ ᠭᠡᠪᠡ ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭ᠎ᠠ ᠬᠡᠮᠵᠢᠶ᠎ᠡ ᠶᠢ ᠥᠷᠭᠡᠳᠬᠡᠬᠦ᠂ | ᠶᠠᠰᠤ ᠴᠢᠨᠠᠷ ᠢ ᠳᠡᠭᠡᠭᠰᠢᠯᠡᠭᠦᠯᠬᠦ᠂ ᠤᠨᠠᠯᠲᠠ ᠶᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠠᠵᠠᠷ᠂ | ᠤᠰᠤ᠂ ᠦᠷ᠎ᠡ ︾ ᠪᠠ ︽ᠠᠮᠤ ᠪᠤᠳᠠᠭ᠎ᠠ᠂ ᠮᠢᠬ᠎ᠠ᠂ ᠰᠦ ︾ ᠵᠡᠷᠭᠡ ᠵᠢᠷᠭᠤᠭᠠᠨ ᠭᠤᠣᠯᠳᠠᠯᠭ᠎ᠠ ᠲᠠᠢ ᠨᠢᠭᠲᠠ | ᠤᠶᠠᠯᠳᠤᠭᠤᠯᠤᠨ᠂ ︽ᠭᠤᠷᠪᠠᠨ ᠬᠠᠭᠤᠳᠠᠰᠤ ᠨᠠᠷᠢᠨ ᠲᠠᠩᠰᠠ︾ ︽ᠨᠢᠭᠡ ᠬᠠᠭᠤᠳᠠᠰᠤ ᠭᠤᠷᠪᠠᠨ ᠬᠦᠰᠦᠨᠦᠭᠲᠦ︾ | ᠶᠢ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢ ᠪᠥᠬᠦ ᠬᠦᠴᠦᠨ ᠢᠶᠠᠷ ᠢᠶᠠᠨ | ᠰᠠᠶᠢᠲᠤᠷ ᠠᠳᠬᠤᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠢ ᠲᠦᠷᠭᠡᠨ ᠪᠦᠲᠦᠭᠡᠨ | ᠪᠠᠶᠢᠭᠤᠯᠬᠤ ᠬᠡᠷᠡᠭᠲᠡᠢ᠃ ︽ ᠨᠢᠭᠡ ᠬᠥᠯᠭᠡ ᠰᠢᠲᠠᠷ᠎ᠠ ︾ ᠶᠢᠨ ᠦᠵᠡᠯ ᠰᠠᠨᠠᠭ᠎ᠠ ᠲᠠᠢ ᠪᠠᠶᠢᠵᠤ ᠂ ︽ ᠤᠶᠤᠨ ᠤ | ᠬᠥᠮᠥᠷᠭᠡ ︾ ᠶᠢ ᠬᠡᠷᠡᠭᠯᠡᠬᠦ ᠶᠢ ᠰᠤᠷᠴᠤ ᠂ ︽ ᠭᠠᠳᠠᠭᠠᠳᠤ ᠬᠦᠴᠦᠨ ︾ ᠢ ᠠᠰᠢᠭᠯᠠᠬᠤ ᠬᠡᠷᠡᠭᠲᠡᠢ ᠃ ᠲᠥᠷᠥᠯ | ᠵᠦᠢᠯ ᠤᠨ ᠪᠡᠯᠡ ᠮᠥᠩᠭᠦ ᠶᠢ ᠢᠳᠡᠪᠬᠢᠯᠡᠨ ᠣᠯᠵᠤ᠂ ᠴᠢᠬᠤᠯᠠ ᠶᠡᠭᠡ ᠠᠵᠢᠯ ᠤᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ ᠃ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ ᠂ | ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠠᠳᠬᠤᠬᠤ ᠠᠵᠢᠯ ᠤᠨ ᠲᠣᠭᠲᠠᠴᠠ ᠶᠢ ᠪᠤᠢ ᠪᠣᠯᠭᠠᠬᠤ ᠬᠡᠷᠡᠭᠲᠡᠢ ᠃ | ︽ᠵᠡᠭᠦᠨᠰᠢ ᠪᠠᠷᠠᠭᠤᠨᠰᠢ ᠰᠤᠷᠤᠯᠴᠠᠵᠤ ︾ ᠂ ᠦᠪᠡᠷ ᠤᠨ ᠭᠠᠵᠠᠷ ᠠᠯᠪᠠᠨ ᠭᠡᠷ ᠲᠤ ᠪᠠᠨ ᠰᠠᠭᠤᠷᠢᠯᠠᠵᠤ ᠬᠠᠷᠢᠯᠴᠠᠨ | ᠰᠤᠷᠤᠯᠴᠠᠵᠤ ᠂ ᠪᠦᠬᠦ ᠣᠷᠣᠨ ᠤ ᠲᠡᠷᠢᠭᠦᠨ ᠤ ᠲᠢᠩᠬᠢᠮ ᠲᠣᠪᠴᠢᠶ᠎ᠠ ᠠᠴᠠ ᠰᠤᠷᠤᠯᠴᠠᠬᠤ ᠳᠤ ᠰᠠᠭᠤᠷᠢᠯᠠᠵᠤ ᠂ ᠪᠦᠬᠦ | ᠤᠯᠤᠰ ᠤᠨ ᠰᠤᠷᠤᠯᠴᠠᠯᠭ᠎ᠠ ᠬᠥᠭᠵᠢᠭᠰᠡᠨ ᠮᠤᠵᠢ ᠣᠷᠣᠨ ᠳᠤ ᠰᠠᠭᠤᠷᠢᠯᠠᠵᠤ ᠂ ᠦᠨᠡᠨ ᠬᠦ ︽ ᠰᠤᠷᠲᠠᠯ ᠢᠶᠠᠨ | ᠰᠠᠶᠢᠵᠢᠷᠠᠭᠤᠯᠵᠤ ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ︾ ᠬᠡᠷᠡᠭᠲᠡᠢ ᠃ ᠴᠠᠭ ᠪᠢᠳᠡᠨ ᠢ ᠬᠦᠯᠢᠶᠡᠬᠦ ᠦᠭᠡᠢ ᠂ | ᠥᠷᠯᠥᠭᠡ ᠦᠳᠡᠰᠢ ᠶᠢ ᠲᠡᠮᠡᠴᠡᠬᠦ ᠵᠣᠷᠢᠭ ᠰᠠᠨᠠᠭᠠᠨ ᠤ ᠡᠷᠴᠢ ᠵᠣᠷᠢᠭ ᠢᠶᠠᠷ ᠂ ᠡᠭᠦᠷᠭᠡ ᠲᠤᠰᠢᠶᠠᠯ ᠢᠶᠠᠨ | ᠬᠢᠴᠢᠶᠡᠩᠭᠦᠶᠢᠯᠡᠨ ᠭᠦᠢᠴᠡᠳᠬᠡᠵᠦ ᠂ ᠰᠢᠷᠭᠠᠭᠤ ᠬᠠᠲᠠᠭᠤᠵᠢᠯᠲᠠᠢ ᠠᠵᠢᠯᠯᠠᠵᠤ ᠂ ︽ ᠮᠠᠯ ᠠᠵᠤ ᠠᠬᠤᠢ ᠲᠠᠷᠢᠶᠠᠯᠠᠩ | ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ ᠂ | ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ | ᠲᠠᠰᠤᠷᠠᠯᠳᠡ ᠦᠭᠡᠢ ᠪᠢᠴᠢᠭᠯᠡᠬᠦ ᠬᠡᠷᠡᠭᠳᠡᠢ ᠭᠡᠵᠦ ᠱᠠᠭᠠᠷᠳᠠᠪᠠ︕ | | | | | ᠭᠡᠷ ᠲᠤ ᠪᠠᠨ ᠪᠠᠶᠢᠭ᠎ᠠ ᠲᠢᠩᠬᠢᠮ ᠤᠨ ᠤᠳᠤᠷᠢᠳᠤᠯᠭ᠎ᠠ᠂ ᠶᠡᠷᠦᠩᠬᠡᠢ ᠢᠨᠵᠧᠨᠧᠷ᠂ ᠲᠢᠩᠬᠢᠮ ᠤᠨ | ᠪᠠᠶᠢᠭᠤᠯᠤᠯᠭ᠎ᠠ ᠶᠢᠨ ᠪᠥᠬᠦ ᠠᠯᠪᠠᠲᠠᠨ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ | ᠤᠳᠤᠷᠢᠳᠬᠤ ᠪᠠᠭ ᠤᠨ ᠪᠦᠷᠢᠯᠳᠦᠭᠦᠨ ᠵᠢᠴᠢ ᠲᠥᠪ ᠤᠨ ᠡᠯ᠎ᠡ ᠭᠠᠵᠠᠷ ᠠᠯᠪᠠᠨ ᠭᠡᠷ ᠤᠨ ᠭᠤᠣᠯ ᠬᠠᠷᠢᠭᠤᠴᠠᠯᠭᠠᠲᠠᠨ᠂ | ᠲᠢᠩᠬᠢᠮ ᠤᠨ ᠬᠠᠷᠢᠶ᠎ᠠ ᠡᠯ᠎ᠡ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠪᠠ᠃ | |