︽ᠪᠦᠬᠦ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠠᠵᠢᠯ ᠤᠨ ᠲᠡᠷᠢᠭᠦᠨ ᠤ ᠬᠠᠮᠲᠤ ᠨᠡᠶᠢᠲᠡ ᠪᠣᠯᠣᠨ | ᠲᠡᠷᠢᠭᠦᠨ ᠤ ᠬᠤᠪᠢ ᠬᠥᠮᠥᠨ ᠢ ᠰᠢᠯᠭᠠᠷᠠᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ︾ ᠤᠨ ᠶᠣᠰᠤᠭᠠᠷ᠂ ᠠᠩᠬᠠᠨ ᠤ | ᠬᠢᠨᠠᠯᠲᠠ ᠪᠠᠷ ᠳᠡᠮᠵᠢᠨ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠪᠣᠯᠣᠨ ᠲᠢᠩᠬᠢᠮ ᠤᠨ | ᠠᠵᠢᠯᠲᠠᠨ ᠤ ᠶᠠᠪᠤᠳᠠᠯ ᠤᠨ ᠭᠠᠵᠠᠷ ᠠᠴᠠ ᠰᠠᠨᠠᠯ ᠬᠤᠷᠢᠶᠠᠬᠤ ᠳᠤ ᠴᠥᠮ ᠣᠨᠳᠣᠣ ᠰᠠᠨᠠᠯ ᠦᠭᠡᠢ ᠪᠠᠶᠢᠵᠤ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠡᠷᠬᠢᠯᠡᠭᠴᠢ ᠶᠠᠩ ᠶᠦᠩ ᠬᠠᠢ ᠨᠥᠬᠦᠷ ᠢ | ᠪᠥᠬᠦ ᠣᠷᠣᠨ ᠤ ᠪᠠᠶᠢᠭᠤᠯᠤᠯᠭ᠎ᠠ ᠶᠢᠨ ᠶᠠᠪᠤᠳᠠᠯ ᠤᠨ ᠠᠵᠢᠯ ᠤᠨ ᠲᠡᠷᠢᠭᠦᠨ ᠤ ᠬᠤᠪᠢ ᠬᠥᠮᠥᠨ ᠢᠶᠠᠷ | ᠲᠠᠨᠢᠯᠴᠠᠭᠤᠯᠬᠤ ᠶᠢ ᠵᠥᠪᠰᠢᠶᠡᠷᠡᠪᠡ᠃ ᠡᠳᠦᠭᠡ ᠢᠯᠡ ᠨᠡᠶᠢᠲᠡᠯᠡᠪᠡ ᠃ | ᠢᠯᠡ ᠨᠡᠶᠢᠲᠡᠯᠡᠬᠦ ᠬᠤᠭᠤᠴᠠᠭ᠎ᠠ ᠨᠢ 5 ᠡᠳᠦᠷ᠂ 2023 ᠣᠨ ᠤ 3 ᠰᠠᠷ᠎ᠠ ᠶᠢᠨ 13 ᠤ ᠡᠳᠦᠷ ᠠᠴᠠ | 2023 ᠣᠨ ᠤ 3 ᠰᠠᠷ᠎ᠠ ᠶᠢᠨ 17 ᠤ ᠡᠳᠦᠷ ᠪᠣᠯᠲᠠᠯ᠎ᠠ ᠃ ᠢᠯᠡ ᠨᠡᠶᠢᠲᠡᠯᠡᠬᠦ ᠬᠤᠭᠤᠴᠠᠭᠠᠨ ᠳᠤ ᠬᠡᠷᠪᠡ ᠢᠯᠡ | ᠨᠡᠶᠢᠲᠡᠯᠡᠬᠦ ᠡᠲᠡᠭᠡᠳ ᠲᠤ ᠣᠨᠳᠣᠣ ᠰᠠᠨᠠᠯ ᠲᠠᠢ ᠪᠠᠶᠢᠪᠠᠯ᠂ ᠤᠲᠠᠰᠤ ᠂ ᠰᠣᠷᠪᠤᠯᠵᠢᠯᠠᠭ᠎ᠠ ᠵᠡᠷᠭᠡ ᠬᠡᠯᠪᠡᠷᠢ ᠪᠠᠷ | ᠳᠤᠰᠬᠠᠭᠠᠷᠠᠢ᠃ | ᠬᠢᠨᠠᠯᠲᠠ ᠲᠠᠯᠪᠢᠬᠤ ᠤᠲᠠᠰᠤ᠄ 0471-6652296 | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | 2023 ᠣᠨ ᠤ 3 ᠰᠠᠷ᠎ᠠ ᠶᠢᠨ 12 ᠤᠨ ᠡᠳᠦᠷ | |