ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ 2022 ᠣᠨ ᠤ ᠲᠢᠩᠬᠢᠮ ᠤᠨ ᠰᠢᠰᠲ᠋ᠧᠮ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/14
      3 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ 2022 ᠣᠨ ᠤ ᠲᠢᠩᠬᠢᠮ ᠤᠨ ᠰᠢᠰᠲ᠋ᠧᠮ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠨᠠᠮ ᠤᠨ ᠬᠤᠷᠢᠶ᠎ᠠ᠂ ᠨᠠᠷᠢᠨ ᠪᠢᠴᠢᠭ ᠤᠨ ᠭᠠᠵᠠᠷ᠂ ᠠᠯᠪᠠᠨ ᠭᠡᠷ᠂ ᠲᠦᠯᠦᠪᠯᠡᠭᠡ ᠬᠢᠭᠡᠳ ᠡᠳ᠋ ᠤᠨ ᠶᠠᠪᠤᠳᠠᠯ ᠤᠨ ᠭᠠᠵᠠᠷ᠂ ᠮᠠᠯᠵᠢᠬᠤ ᠲᠠᠷᠢᠶᠠᠯᠠᠬᠤ ᠣᠷᠣᠨ ᠤ ᠬᠤᠷᠰᠢᠭᠰᠠᠨ ᠠᠵᠤ ᠠᠬᠤᠢ ᠶᠢᠨ ᠵᠢᠯᠤᠭᠤᠳᠬᠤ ᠭᠠᠵᠠᠷ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠭᠠᠵᠠᠷ᠂ ᠮᠠᠯ ᠡᠮᠨᠡᠯᠭᠡ ᠶᠢᠨ ᠲᠣᠪᠴᠢᠶ᠎ᠠ᠂ ᠵᠢᠭᠠᠰᠤᠨ ᠠᠵᠤ ᠦᠢᠯᠡᠰ ᠵᠢᠭᠠᠰᠤᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠬᠢᠨᠠᠨ ᠪᠠᠶᠢᠴᠠᠭᠠᠬᠤ ᠳᠤᠭᠤᠶᠢᠯᠠᠩ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ᠂ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠶᠢᠨ ᠲᠥᠪ ᠵᠡᠷᠭᠡ 12 ᠦᠨᠳᠦᠰᠦᠨ ᠱᠠᠲᠤᠨ ᠤ ᠨᠠᠮ ᠤᠨ ᠡᠭᠦᠷ ᠤᠨ ᠱᠦᠵᠢ ᠲᠤᠰᠢᠶᠠᠯ ᠤᠨ ᠮᠡᠳᠡᠭᠦᠯᠦᠯᠲᠡ ᠬᠢᠵᠦ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠲᠢᠩᠬᠢᠮ ᠤᠨ ᠳᠡᠳ᠋ ᠳᠠᠷᠤᠭ᠎ᠠ ᠵᠤᠤ ᠢᠦᠢ ᠱᠧᠩ ᠠᠴᠠ ᠨᠢᠭᠡᠳ ᠨᠢᠭᠡ ᠪᠠᠷ ᠦᠨᠡᠯᠡᠵᠦ ᠂ ᠲᠢᠩᠬᠢᠮ ᠤᠨ ᠤᠳᠤᠷᠢᠳᠤᠯᠭ᠎ᠠ ᠂ ᠪᠠᠶᠢᠭᠤᠯᠤᠯᠭ᠎ᠠ ᠶᠢᠨ ᠨᠠᠮ ᠤᠨ ᠬᠤᠷᠢᠶᠠᠨ ᠤ ᠭᠡᠰᠢᠭᠦᠨ ᠂ ᠪᠠᠶᠢᠭᠤᠯᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠂ ᠨᠠᠮ ᠤᠨ ᠭᠡᠰᠢᠭᠦᠨ ᠪᠣᠯᠣᠨ ᠤᠯᠠᠨ ᠲᠦᠮᠡᠨ ᠤ ᠲᠥᠯᠥᠭᠡᠯᠡᠭᠴᠢ ᠠᠴᠠ ᠲᠢᠩᠬᠢᠮ ᠤᠨ ᠰᠢᠰᠲ᠋ᠧᠮ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠤᠬᠠᠢ ᠶᠢᠨ ᠲᠠᠯᠠᠪᠤᠷ ᠲᠤ ᠦᠨᠡᠯᠡᠯᠲᠡ ᠬᠢᠵᠦ ᠬᠤᠪᠢ ᠤᠯᠭᠤᠵᠠᠢ᠃      ᠬᠤᠷᠠᠯ  ᠠᠴᠠ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ ᠡᠯ᠎ᠡ ᠨᠠᠮ ᠤᠨ ᠡᠭᠦᠷ ᠤᠨ ᠱᠦᠵᠢ ᠨᠠᠮ ᠤᠨ ᠪᠠᠶᠢᠭᠤᠯᠤᠯᠲᠠ  ᠶᠢ ᠠᠳᠬᠤᠬᠤ ᠲᠠᠯ᠎ᠠ ᠪᠠᠷ ᠮᠠᠰᠢ ᠶᠡᠭᠡ ᠬᠦᠴᠦ ᠣᠷᠣᠭᠤᠯᠵᠤ᠂ ᠠᠵᠢᠯ  ᠳᠤ ᠪᠠᠨ ᠥᠪᠡᠷᠮᠢᠴᠡ ᠣᠨᠴᠠᠯᠢᠭ  ᠲᠠᠢ᠂ ᠭᠢᠯᠠᠰ ᠴᠡᠭ ᠲᠠᠢ᠂ ᠦᠷ᠎ᠡ ᠪᠦᠲᠦᠮᠵᠢ ᠣᠯᠣᠭᠰᠠᠨ ᠪᠣᠯᠬᠤᠷ ᠠᠮᠵᠢᠯᠲᠠ ᠪᠦᠲᠦᠮᠵᠢ  ᠶᠢ ᠨᠢ ᠨᠤᠲᠠᠯᠠᠭᠤᠰᠢᠲᠠᠢ ᠪᠠᠶᠢᠨ᠎ᠠ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠮ ᠤᠨ ᠪᠠᠶᠢᠭᠤᠯᠤᠯᠲᠠ ᠶᠢᠨ ᠠᠵᠢᠯ ᠤᠨ ᠮᠡᠳᠡᠭᠦᠯᠦᠯᠲᠡ ᠶᠢ ᠦᠨᠡᠯᠡᠬᠦ  ᠨᠢ ᠲᠠᠷᠤᠢ ︽ ᠨᠢᠭᠤᠷᠳᠠᠬᠤ ︾ ᠠᠷᠭ᠎ᠠ ᠮᠠᠶ᠋ᠢᠭ ᠢᠶᠠᠷ ᠬᠢᠷᠢ ᠪᠦᠲᠦᠮᠵᠢ ᠶᠢᠨ ᠬᠠᠭᠤᠳᠠᠰᠤ ᠪᠠᠨ ᠲᠡᠯᠭᠡᠵᠦ ᠂ ᠴᠤᠭ ᠰᠦᠯᠳᠡ ᠪᠠᠨ ᠠᠳᠠᠯᠢᠳᠬᠠᠵᠦ ᠂ ᠰᠢᠨ᠎ᠡ ᠵᠢᠳᠭᠦᠯ ᠢᠶᠠᠨ ᠠᠳᠠᠯᠢᠳᠬᠠᠵᠦ ᠪᠠᠶᠢᠭ᠎ᠠ ᠶᠠᠪᠤᠳᠠᠯ ᠪᠤᠯᠤᠨ᠎ᠠ ᠭᠡᠵᠠᠢ᠃      ᠬᠤᠷᠠᠯ ᠠᠴᠠ ᠂ ︽ ᠶᠡᠭᠡ ᠨᠠᠮ ᠤᠨ ᠪᠠᠶᠢᠭᠤᠯᠤᠯᠲᠠ ᠪᠠᠷ ᠶᠡᠭᠡ ᠬᠥᠭᠵᠢᠯᠲᠡ ᠶᠢ ᠠᠬᠢᠭᠤᠯᠵᠤ ᠂ ᠶᠡᠭᠡ ᠳᠡᠭᠡᠭᠰᠢᠯᠡᠯᠲᠡ ᠶᠢ ᠪᠡᠶᠡᠯᠡᠭᠦᠯᠬᠦ ︾ ᠭᠡᠬᠦ ᠣᠶᠢᠯᠠᠭᠠᠭᠳᠠᠬᠤᠨ ᠢ ᠪᠤᠢ ᠪᠣᠯᠭᠠᠵᠤ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ ᠪᠠᠷᠢᠮᠵᠢᠶ᠎ᠠ ᠂ ᠠᠷᠭ᠎ᠠ ᠪᠠᠷᠢᠯ ᠂ ᠬᠢᠯᠠᠰ ᠴᠡᠭ ᠂ ᠦᠷ᠎ᠡ ᠪᠦᠲᠦᠮᠵᠢ ᠶᠢᠨ ᠲᠠᠯ᠎ᠠ ᠠᠴᠠ ᠪᠣᠳᠣᠯᠬᠢᠯᠠᠨ ᠂ ᠶᠡᠭᠡ ᠬᠥᠭᠵᠢᠯᠲᠡ ᠶᠢ ᠠᠬᠢᠭᠤᠯᠵᠤ ᠂ ᠶᠡᠭᠡ ᠳᠡᠭᠡᠭᠰᠢᠯᠡᠯᠲᠡ ᠶᠢ ᠪᠡᠶᠡᠯᠡᠭᠦᠯᠬᠦ ᠬᠡᠷᠡᠭᠲᠡᠢ ᠃ ᠨᠠᠮ ᠤᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ ᠂ ᠪᠠᠶᠢᠭᠤᠯᠤᠯᠭ᠎ᠠ ᠶᠢᠨ ᠨᠠᠮ ᠤᠨ ᠬᠤᠷᠢᠶ᠎ᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠵᠢᠯᠤᠭᠤᠳᠬᠤ ᠠᠵᠢᠯ ᠢ ᠰᠠᠶᠢᠲᠤᠷ ᠬᠢᠵᠦ ᠂ ᠰᠢᠰᠲ᠋ᠧᠮ ᠲᠠᠢ ᠠᠳᠬᠤᠵᠤ ᠂ ᠶᠡᠷᠦᠩᠬᠡᠶᠢᠯᠡᠨ ᠠᠳᠬᠤᠵᠤ ᠂ ᠪᠦᠬᠦ ᠲᠠᠯ᠎ᠠ ᠪᠠᠷ ᠠᠳᠬᠤᠵᠤ ᠂ ᠵᠣᠷᠢᠭᠲᠠᠢ ᠠᠳᠬᠤᠵᠤ ᠴᠢᠳᠠᠮᠠᠭᠠᠢ ᠠᠳᠬᠤᠵᠤ ᠂ ᠦᠷ᠎ᠡ ᠪᠦᠲᠦᠮᠵᠢ ᠭᠠᠷᠭᠠᠬᠤ ᠬᠡᠷᠡᠭᠲᠡᠢ ᠃ ᠨᠠᠮ ᠤᠨ ᠪᠠᠶᠢᠭᠤᠯᠤᠯᠲᠠ ᠶᠢᠨ ᠳᠣᠲᠣᠭᠠᠳᠤ ᠶᠢᠨ ᠬᠦᠳᠡᠯᠭᠡᠬᠦ ᠬᠦᠴᠦᠨ ᠢ ᠬᠥᠭᠵᠢᠭᠡᠬᠦ ᠶᠢ ᠪᠠᠷᠢᠮᠲᠠᠯᠠᠵᠤ ᠂ ᠭᠤᠣᠯ ᠠᠵᠢᠯ ᠢ ᠬᠠᠮᠢᠭ᠎ᠠ ᠬᠦᠷᠲᠡᠯ᠎ᠡ ᠠᠬᠢᠭᠤᠯᠪᠠᠯ ᠨᠠᠮ ᠤᠨ ᠪᠠᠶᠢᠭᠤᠯᠤᠯᠲᠠ ᠶᠢᠨ ᠪᠠᠬᠢᠯᠡᠯᠲᠡ ᠶᠢ ᠲᠡᠨᠳᠡ ᠬᠦᠷᠲᠡᠯ᠎ᠡ ᠪᠠᠶᠢᠭᠤᠯᠬᠤ ᠬᠡᠷᠡᠭᠲᠡᠢ ᠃ ᠤᠯᠡᠠ ᠲᠦᠮᠡᠨ ᠤ ᠱᠤᠭᠤᠮ ᠢᠶᠠᠷ ᠶᠠᠪᠤᠬᠤ ᠶᠢ ᠪᠠᠷᠢᠮᠲᠠᠯᠠᠵᠤ ᠂ ᠤᠯᠡᠠ ᠲᠦᠮᠡᠨ ᠤ ᠰᠠᠨᠠᠯ ᠢ ᠢᠯᠡᠭᠦᠬᠡᠨ ᠰᠣᠨᠣᠰᠴᠤ ᠂ ᠤᠯᠡᠠ ᠲᠦᠮᠡᠨ ᠤ ᠲᠥᠯᠥᠭᠡ ᠢᠯᠡᠭᠦᠬᠡᠨ ᠪᠣᠳᠣᠯᠬᠢᠯᠠᠵᠤ ᠂ ᠤᠯᠡᠠ ᠲᠦᠮᠡᠨ ᠳᠤ ᠪᠣᠳᠠᠲᠠᠢ ᠠᠵᠢᠯ ᠢᠯᠡᠭᠦᠬᠡᠨ ᠬᠢᠵᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠂ ᠨᠠᠮ ᠤᠨ ᠪᠠᠶᠢᠭᠤᠯᠤᠯᠲᠠ ᠶᠢᠨ ᠠᠵᠢᠯ ᠳᠤ ︽ ᠬᠤᠶᠠᠷ ᠲᠠᠯ᠎ᠠ ︾ ᠶᠢ ᠲᠡᠪᠴᠢᠵᠦ ᠂ ᠨᠠᠷᠢᠨ ᠲᠠᠩᠰᠠᠴᠢᠯᠠᠭᠰᠠᠨ ᠂ ᠪᠣᠳᠠᠲᠠᠶᠢᠵᠢᠭᠤᠯᠤᠭᠰᠠᠨ ᠂ ᠪᠤᠳᠠᠲᠦ ᠦᠷ᠎ᠡ ᠪᠦᠲᠦᠮᠵᠢ ᠲᠠᠢ ᠬᠠᠮᠢᠶᠠᠷᠤᠯᠲᠠ ᠶᠢ ᠬᠡᠷᠡᠭᠵᠢᠭᠦᠯᠵᠦ ᠂ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠶᠢ ᠬᠡᠪ ᠤᠨ ᠪᠠᠶᠢᠯᠭᠠᠬᠤ ᠬᠡᠷᠡᠭᠲᠡᠢ ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ ᠂ ᠰᠤᠷᠲᠠᠯ ᠢᠶᠠᠨ ᠰᠠᠶᠢᠵᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠵᠣᠷᠢᠭᠵᠢᠭᠤᠯᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠬᠦᠳᠡᠯᠭᠡᠬᠦ ᠬᠦᠴᠦᠨ ᠪᠣᠯᠭᠠᠵᠤ ᠂ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠭᠤᠣᠯ ᠬᠦᠴᠦᠨ ᠪᠣᠯᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃     
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号