ᠡᠨᠡ ᠵᠢᠯ᠂ ᠯᠢᠨ ᠾᠧ ᠲᠣᠭᠤᠷᠢᠭ ᠤᠨ ᠪᠤᠭᠤᠳᠠᠢ ᠲᠠᠷᠢᠬᠤ ᠡᠭᠦᠷᠭᠡ ᠶᠢᠨ ᠲᠠᠯᠠᠪᠠᠢ ᠨᠢ 20 ᠲᠦᠮᠡᠨ | ᠮᠦ ᠳᠤ ᠬᠦᠷᠴᠦ᠂ ᠪᠤᠭᠤᠳᠠᠢ ᠶᠢᠨ ᠬᠠᠪᠤᠷ ᠤᠨ ᠲᠠᠷᠢᠶᠠᠯᠠᠭ᠎ᠠ ᠶᠢᠨ ᠲᠠᠯᠠᠪᠠᠢ ᠶᠢ ᠪᠦᠲᠦᠮᠵᠢᠲᠡᠢ | ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ ᠯᠢᠨ ᠾᠧ ᠲᠣᠭᠤᠷᠢᠭ ᠤᠨ ᠬᠢᠨ ᠤᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠤᠭᠤᠳᠠᠢ ᠶᠢᠨ ᠦᠢᠯᠡᠳᠪᠦᠷᠢᠯᠡᠯ ᠢ ᠰᠠᠶᠢᠲᠤᠷ ᠠᠳᠬᠤᠵᠦ ᠪᠠᠶᠢᠨ᠎ᠠ ᠃ | ᠪᠠᠶᠠᠨᠨᠠᠭᠤᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠯᠢᠨ ᠾᠧ ᠲᠣᠭᠤᠷᠢᠭ ᠤᠨ ᠨᠠᠮ ᠤᠨ | ᠬᠤᠷᠢᠶᠠᠨ ᠤ ᠱᠦᠵᠢ ᠵᠣᠣ ᠵᠢᠶᠦ᠋ᠨ ᠯᠢᠩ ᠣᠯᠠᠨ ᠤᠳᠠᠭ᠎ᠠ ᠲᠤᠰᠬᠠᠢ ᠬᠤᠷᠠᠯ ᠬᠤᠷᠠᠯᠳᠤᠭᠤᠯᠵᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠵᠦ᠂ ᠡᠯ᠎ᠡ ᠰᠢᠶᠠᠩ ᠪᠠᠯᠭᠠᠰᠤ᠂ ᠲᠠᠷᠢᠶᠠᠯᠠᠩ ᠤᠨ ᠲᠠᠯᠠᠪᠠᠶ ᠶᠢᠨ ᠬᠢᠨ ᠲᠠᠨᠢᠯᠲᠠ ᠪᠠᠨ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠪᠤᠭᠤᠳᠠᠢ ᠶᠢᠨ ᠲᠠᠷᠢᠶᠠᠨ ᠭᠠᠵᠠᠷ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠵᠤ᠂ 2023 ᠣᠨ ᠤ ᠪᠤᠭᠤᠳᠠᠢ ᠶᠢᠨ ᠦᠢᠯᠡᠳᠪᠦᠷᠢᠯᠡᠯ ᠤᠨ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ︽ᠯᠢᠨ ᠾᠧ ᠲᠣᠭᠤᠷᠢᠭ ᠤᠨ 2023 | ᠣᠨ ᠤ ᠪᠤᠭᠤᠳᠠᠢ ᠶᠢᠨ ᠲᠥᠪᠯᠡᠷᠡᠨ ᠵᠠᠯᠭᠠᠯᠳᠤᠭᠰᠠᠨ ᠲᠠᠷᠢᠮᠠᠯ ᠳᠤ ᠨᠥᠬᠦᠪᠦᠷᠢ ᠥᠭᠬᠦ ᠠᠷᠭ᠎ᠠ︾ ᠶᠢ ᠨᠡᠶᠢᠲᠡᠯᠡᠵᠦ᠂ | ᠲᠥᠪᠯᠡᠷᠡᠨ ᠵᠠᠯᠭᠠᠯᠳᠤᠭᠰᠠᠨ ᠪᠤᠭᠤᠳᠠᠢ ᠂ ᠪᠤᠭᠤᠳᠠᠢ ᠪᠠ ᠡᠷᠳᠡᠨᠢ ᠰᠢᠰᠢ ᠶᠢ ᠠᠯᠠᠭᠯᠠᠨ ᠲᠠᠷᠢᠬᠤ ᠳᠤ ᠨᠥᠬᠦᠪᠦᠷᠢ | ᠥᠭᠬᠦ ᠡᠷᠴᠢᠮ ᠢ ᠦᠷᠭᠦᠯᠵᠢᠯᠡᠨ ᠴᠢᠩᠭᠠᠷᠠᠭᠤᠯᠪᠠ ︵ᠲᠠᠩ ᠳᠠᠷᠢᠭᠰᠠᠨ ᠪᠤᠭᠤᠳᠠᠢ ᠨᠢ 200 ᠮᠦ ᠠᠴᠠ ᠳᠡᠭᠡᠭᠰᠢ | ᠪᠠᠶᠢᠪᠠᠯ ᠂ ᠮᠦ ᠪᠦᠷᠢ ᠳᠤ 150 ᠲᠥᠭᠦᠷᠢᠭ ᠤᠨ ᠨᠥᠬᠦᠪᠦᠷᠢ ᠥᠭᠭᠦᠨ᠎ᠡ ︔ 2000 ᠮᠦ ᠠᠴᠠ ᠳᠡᠭᠡᠭᠰᠢ ᠪᠠᠶᠢᠪᠠᠯ ᠂ | ᠮᠦ ᠪᠦᠷᠢ ᠳᠤ 200 ᠲᠥᠭᠦᠷᠢᠭ ᠤᠨ ᠨᠥᠬᠦᠪᠦᠷᠢ ᠥᠭᠭᠦᠨ᠎ᠡ ︔ 10000 ᠮᠦ ᠠᠴᠠ ᠳᠡᠭᠡᠭᠰᠢ ᠪᠠᠶᠢᠪᠠᠯ᠂ ᠮᠦ | ᠪᠦᠷᠢ ᠳᠤ 300 ᠲᠥᠭᠦᠷᠢᠭ ᠤᠨ ᠨᠥᠬᠦᠪᠦᠷᠢ ᠥᠭᠭᠦᠨ᠎ᠡ᠃ ᠪᠤᠭᠤᠳᠠᠢ ᠪᠠ ᠡᠷᠳᠡᠨᠢ ᠰᠢᠰᠢ ᠶᠢ ᠠᠯᠠᠭᠯᠠᠨ ᠲᠠᠷᠢᠭᠰᠠᠨ | ᠨᠢ 200 ᠮᠦ ᠠᠴᠠ ᠳᠡᠭᠡᠭᠰᠢ ᠪᠠᠶᠢᠪᠠᠯ᠂ ᠮᠦ ᠪᠦᠷᠢ ᠳᠤ 300 ᠲᠥᠭᠦᠷᠢᠭ ᠤᠨ ᠨᠥᠬᠦᠪᠦᠷᠢ ᠥᠭᠭᠦᠨ᠎ᠡ︔ | 3000 ᠮᠦ ᠠᠴᠠ ᠳᠡᠭᠡᠭᠰᠢ ᠪᠠᠶᠢᠪᠠᠯ᠂ ᠮᠦ ᠪᠦᠷᠢ ᠳᠤ 400 ᠲᠥᠭᠦᠷᠢᠭ ᠤᠨ ᠨᠥᠬᠦᠪᠦᠷᠢ ᠥᠭᠭᠦᠨ᠎ᠡ︶᠂ | ᠲᠥᠷᠥ ᠶᠢᠨ ᠪᠣᠳᠣᠯᠭ᠎ᠠ ᠶᠢᠨ ᠨᠥᠬᠦᠪᠦᠷᠢ ᠦᠭᠬᠦ ᠪᠠᠷ ᠬᠥᠲᠥᠯᠥᠨ ᠵᠢᠯᠤᠭᠤᠳᠬᠤ ᠪᠠᠷ ᠳᠠᠮᠵᠢᠭᠤᠯᠤᠨ᠂ ᠲᠠᠷᠢᠶᠠᠴᠢᠨ | ᠡᠷᠦᠬᠡ ᠶᠢᠨ ᠲᠠᠷᠢᠶᠠᠯᠠᠭ᠎ᠠ ᠶᠢᠨ ᠤᠷᠮ᠎ᠠ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠨ᠎ᠡ᠃ | ᠯᠢᠨ ᠾᠧ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠣᠪᠴᠢᠶ᠎ᠠ ᠠᠴᠠ ᠪᠣᠳᠠᠲᠠᠢ ᠡᠭᠦᠷᠭᠡ ᠶᠢ ᠡᠯ᠎ᠡ ᠰᠢᠶᠠᠩ ᠪᠠᠯᠭᠠᠰᠤ᠂ ᠲᠠᠷᠢᠶᠠᠯᠠᠩ ᠤᠨ ᠲᠠᠯᠠᠪᠠᠶ ᠳᠤ ᠬᠤᠪᠢᠶᠠᠨ ᠥᠭᠴᠦ᠂ | ᠡᠭᠦᠷᠭᠡ ᠶᠢᠨ ᠲᠠᠯᠠᠪᠠᠶ ᠶᠢ 25 ᠲᠦᠮᠡᠨ ᠮᠦ ᠬᠤᠪᠢᠶᠠᠨ ᠥᠭᠴᠦ᠂ ᠰᠢᠶᠠᠩ ᠪᠠᠯᠭᠠᠰᠤ᠂ ᠲᠠᠷᠢᠶᠠᠯᠠᠩ ᠤᠨ | ᠲᠠᠯᠠᠪᠠᠶ ᠠᠴᠠ ᠬᠤᠲᠠ ᠲᠣᠭᠤᠷᠢᠭ ᠬᠤᠶᠠᠷ ᠱᠠᠲᠤᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠶᠡᠭᠡ ᠪᠠᠷ | ᠤᠬᠠᠭᠤᠯᠵᠤ᠂ ᠡᠭᠦᠷᠭᠡ ᠶᠢ ᠲᠣᠰᠬᠤᠨ ᠠᠴᠠ ᠭᠠᠵᠠᠷ ᠲᠤ ᠬᠦᠷᠲᠡᠯ᠎ᠡ ᠬᠤᠪᠢᠶᠠᠨ ᠥᠭᠴᠡᠢ ᠃ ᠪᠤᠭᠤᠳᠠᠢ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠰᠠᠶᠢᠲᠤᠷ ᠠᠳᠬᠤᠵᠤ ᠂ ᠯᠠᠩ ᠱᠠᠨ ᠪᠠᠯᠭᠠᠰᠤ ᠶᠢᠨ ᠭᠤᠸᠠᠩ ᠮᠢᠩ ᠲᠣᠰᠬᠤᠨ ᠂ ᠭᠠᠨ ᠵᠤᠤ | ᠮᠢᠶᠣᠣ ᠪᠠᠯᠭᠠᠰᠤ ᠶᠢᠨ ᠰᠢᠨ ᠹᠧᠩ᠂ ᠵᠢᠶᠠᠨ ᠮᠢᠨ ᠲᠣᠰᠬᠤᠨ ᠳᠤ 2 ᠲᠦᠮᠡᠨ ᠮᠦ ᠬᠦᠷᠢᠶᠡᠯᠡᠩ ᠲᠣᠭᠤᠷᠢᠭ ᠢ | ᠨᠠᠶᠢᠳᠠᠪᠤᠷᠢᠵᠢᠭᠤᠯᠵᠤ ᠂ ᠬᠦᠷᠢᠶᠡᠯᠡᠩ ᠲᠣᠭᠤᠷᠢᠭ ᠤᠨ ᠨᠥᠯᠥᠭᠡᠯᠡᠨ ᠳᠠᠶᠢᠴᠢᠯᠠᠬᠤ ᠪᠠᠷ ᠳᠠᠮᠵᠢᠨ ᠂ ᠪᠤᠭᠤᠳᠠᠢ ᠲᠠᠷᠢᠬᠤ | ᠲᠠᠯᠠᠪᠠᠢ ᠶᠢ ᠥᠷᠭᠡᠳᠬᠡᠪᠡ ᠃ ᠾᠧᠩ ᠹᠧᠩ᠂ ᠵᠣᠣ ᠹᠧᠩ᠂ ᠵᠥᠩ ᠯᠢᠶᠠᠩ᠂ ᠶᠢᠨ ᠱᠠᠨ ᠰᠢᠦᠸᠠᠢ ᠲᠠᠢ | ᠵᠣᠯᠭᠠᠭᠤᠯᠵᠤ᠂ ᠵᠠᠬᠢᠶᠠᠯᠠᠭ᠎ᠠ ᠶᠢᠨ ᠬᠠᠭᠤᠳᠠᠰᠤ ᠶᠢ ᠨᠠᠶᠢᠳᠠᠪᠤᠷᠢᠵᠢᠭᠤᠯᠤᠨ᠂ ᠪᠤᠭᠤᠳᠠᠢ ᠶᠢᠨ ᠵᠠᠬᠢᠶᠠᠯᠠᠭ᠎ᠠ ᠶᠢᠨ | ᠦᠨ᠎ᠡ ᠶᠢ ᠵᠢᠩ ᠳᠤ ᠪᠠᠨ 1.8 ᠲᠥᠭᠦᠷᠢᠭ ᠢᠶᠠᠷ ᠲᠣᠭᠲᠠᠭᠠᠪᠠ ᠃ | 3 ᠰᠠᠷ᠎ᠠ ᠶᠢᠨ 12 ᠤᠨ ᠡᠳᠦᠷ ᠪᠣᠯᠲᠠᠯ᠎ᠠ᠂ ᠯᠢᠨ ᠾᠧ ᠲᠣᠭᠤᠷᠢᠭ ᠤᠨ ᠪᠤᠭᠤᠳᠠᠢ ᠳᠠᠷᠢᠭᠰᠠᠨ ᠲᠠᠯᠠᠪᠠᠶ ᠨᠢ | 10.14 ᠲᠦᠮᠡᠨ ᠮᠦ ᠬᠦᠷᠴᠦ᠂ ᠡᠭᠦᠷᠭᠡ ᠪᠠᠨ ᠪᠡᠶᠡᠯᠡᠭᠦᠯᠦᠭᠰᠡᠨ ᠲᠠᠯᠠᠪᠠᠶ ᠶᠢᠨ 50.7% ᠶᠢ ᠡᠵᠡᠯᠡᠪᠡ᠃ | |