ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ | ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ | ᠬᠤᠶᠠᠷ ᠶᠡᠭᠡ ᠶᠠᠪᠤᠳᠠᠯ ᠳᠤ ᠤᠯᠠᠮ ᠨᠢᠭᠡ ᠠᠯᠬᠤᠮ ᠠᠩᠬᠠᠷᠤᠯ ᠢᠶᠠᠨ ᠲᠦᠪᠯᠡᠷᠡᠭᠦᠯᠵᠦ᠂ ᠥᠪᠡᠷᠲᠡᠭᠡᠨ ᠵᠠᠰᠠᠬᠤ | ᠣᠷᠣᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠦᠯᠦᠭᠡ ᠂ 3 | ᠰᠠᠷ᠎ᠠ ᠶᠢᠨ 15 ᠤ ᠡᠳᠦᠷ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ | ᠵᠥᠪᠯᠡᠯ ᠪᠤᠭᠤᠲᠤ ᠬᠤᠲᠠ ᠳᠤ ︽ᠳᠡᠭᠡᠳᠦ ᠳᠣᠣᠷᠠᠳᠤ ᠱᠠᠲᠤ ᠬᠤᠯᠪᠤᠭᠠᠯᠠᠨ ᠨᠢᠭᠲᠠᠷᠠᠵᠤ᠂ ᠨᠠᠮ ᠤᠨ | ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠬᠥᠭᠵᠢᠯᠲᠡ ᠶᠢ ᠠᠬᠢᠭᠤᠯᠬᠤ︾ ᠬᠤᠤᠰᠯᠠᠯ ᠪᠠᠶᠢᠭᠤᠯᠵᠤ ᠬᠠᠮᠲᠦᠪᠡᠷ | ᠴᠣᠭᠴᠠᠯᠠᠬᠤ ᠡᠬᠢᠯᠡᠯᠲᠡ ᠶᠢᠨ ᠶᠣᠰᠣᠯᠠᠯ ᠶᠠᠪᠤᠭᠤᠯᠪᠠ᠃ | | | | | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ | ᠪᠠᠶᠢᠭᠤᠯᠤᠯᠭ᠎ᠠ ᠶᠢᠨ ᠨᠠᠮ ᠤᠨ ᠬᠤᠷᠢᠶᠠᠨ ᠤ ᠲᠤᠰᠬᠠᠢ ᠲᠤᠰᠢᠶᠠᠯᠲᠤ ᠳᠡᠳ᠋ ᠱᠦᠵᠢ ᠢᠷᠠᠭᠤ ᠪᠣᠯᠣᠨ ᠥᠪᠡᠷᠲᠡᠭᠡᠨ | ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ | ᠲᠦᠪᠰᠢᠨ ᠤ ᠲᠥᠪ ᠤᠨ ᠡᠷᠬᠢᠯᠡᠭᠴᠢ᠂ ᠨᠠᠮ ᠤᠨ ᠡᠭᠦᠷ ᠤᠨ ᠱᠦᠵᠢ ᠶᠠᠩ ᠬᠤᠩ ᠳ᠋ᠦᠩ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ | ᠶᠠᠰᠤ ᠴᠢᠨᠠᠷ ᠤᠨ ᠠᠮᠤᠷ ᠲᠦᠪᠰᠢᠨ ᠤ ᠲᠥᠪ ᠪᠤᠭᠤᠲᠤ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠲᠠᠢ ︽ ᠬᠤᠤᠰᠯᠠᠯ ᠪᠠᠶᠢᠭᠤᠯᠵᠤ ᠬᠠᠮᠲᠦᠪᠡᠷ | ᠴᠣᠭᠴᠠᠯᠠᠬᠤ ᠲᠥᠷᠥᠯ ᠵᠦᠢᠯ ᠤᠨ ᠪᠢᠴᠢᠭ︾ ᠲᠤ ᠭᠠᠷ ᠤᠨ ᠥᠰᠥᠭ ᠵᠢᠷᠤᠪᠠ᠃ | | | | | ᠲᠣᠰ ᠤᠳᠠᠭᠠᠨ ᠤ ᠬᠤᠤᠰᠯᠠᠯ ᠪᠠᠶᠢᠭᠤᠯᠵᠤ ᠬᠠᠮᠲᠦᠪᠡᠷ ᠴᠣᠭᠴᠠᠯᠠᠬᠤ ᠠᠵᠢᠯᠯᠠᠭ᠎ᠠ ᠪᠣᠯ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠤᠯᠤᠰ ᠤᠨ ᠴᠢᠬᠤᠯᠠ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ | ᠡᠭᠦᠷᠭᠡ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠳᠠᠷᠠᠭᠠᠴᠢ ᠶᠢᠨ ᠠᠯᠬᠤᠮ ᠳᠤ ᠂ | ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ | ᠠᠮᠤᠷ ᠲᠦᠪᠰᠢᠨ ᠤ ᠲᠥᠪ ᠤᠨ ᠨᠠᠮ ᠤᠨ ᠡᠭᠦᠷ ᠨᠢ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ | ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ︽ᠭᠤᠷᠪᠠᠨ | ᠪᠦᠲᠦᠭᠡᠭᠳᠡᠬᠦᠨ ᠨᠢᠭᠡ ᠪᠠᠷᠢᠮᠵᠢᠶ᠎ᠠ︾ ᠶᠢᠨ ᠳᠥᠷᠪᠡᠨ ᠶᠡᠭᠡ ᠠᠵᠢᠯᠯᠠᠭ᠎ᠠ ᠶᠢ ᠬᠡᠷᠡᠭᠵᠢᠭᠦᠯᠬᠦ ᠪᠠ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠵᠡᠷᠭᠡ | ᠲᠠᠯ᠎ᠠ ᠪᠠᠷ ᠬᠤᠤᠰᠯᠠᠯ ᠪᠠᠶᠢᠭᠤᠯᠵᠤ ᠬᠠᠮᠲᠦᠪᠡᠷ ᠴᠣᠭᠴᠠᠯᠠᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠪᠤᠭᠤᠲᠤ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ | ᠠᠯᠬᠤᠮ ᠠᠬᠢᠭᠤᠯᠤᠨ᠎ᠠ᠃ | | | |