ᠶᠡᠷᠦᠩᠬᠡᠢ ᠰᠠᠶᠢᠳ ᠯᠢ ᠴᠢᠶᠠᠩ ᠰᠣᠷᠪᠤᠯᠵᠢᠯᠠᠬᠴᠢᠳ ᠤᠨ ᠬᠤᠷᠠᠯ ᠳᠤ ᠣᠷᠣᠯᠴᠠᠬᠰᠠᠨ ᠪᠥᠭᠡᠳ ᠳᠤᠮᠳᠠᠳᠤ ᠭᠠᠳᠠᠭᠠᠳᠤ ᠶᠢᠨ ᠰᠣᠷᠪᠤᠯᠵᠢᠯᠠᠬᠴᠢᠳ ᠤᠨ ᠳᠤᠷᠠᠳᠤᠭᠰᠠᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2023/3/15
      ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 13 ᠤ ᠴᠠᠭᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ 13 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠰᠤᠷᠪᠤᠯᠵᠢᠯᠠᠬᠴᠢᠳ ᠤᠨ ᠬᠤᠷᠠᠯ ᠬᠢᠵᠦ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠶᠡᠭᠡ ᠬᠤᠷᠠᠯ ᠤᠨ ᠥᠭᠦᠯᠡᠭᠴᠢ ᠸᠠᠩ ᠴᠤᠤ ᠶᠢᠨ ᠤᠷᠢᠯᠭ᠎ᠠ ᠪᠠᠷ ᠰᠤᠷᠪᠤᠯᠵᠢᠯᠠᠬᠴᠢᠳ ᠤᠨ ᠬᠤᠷᠠᠯ ᠳᠤ ᠣᠷᠣᠯᠴᠠᠬᠰᠠᠨ ᠤ ᠬᠠᠮᠲᠤ ᠳᠤᠮᠳᠠᠳᠤ ᠭᠠᠳᠠᠭᠠᠳᠤ ᠶᠢᠨ ᠰᠤᠷᠪᠤᠯᠵᠢᠯᠠᠬᠴᠢᠳ ᠤᠨ ᠳᠤᠷᠠᠳᠤᠭᠰᠠᠨ ᠠᠰᠠᠭᠤᠯᠲᠠ ᠶᠢ ᠬᠠᠷᠢᠭᠤᠯᠪᠠ ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠂ ᠾᠧ ᠯᠢ ᠹᠧᠩ ᠂ ᠵᠠᠩ ᠭᠦᠸᠧ ᠴᠢᠩ ᠂ ᠯᠢᠦ ᠭᠦᠸᠧ ᠵᠦᠩ ᠣᠷᠣᠯᠴᠠᠵᠠᠢ ᠃
1.jpg
      ᠰᠤᠷᠪᠤᠯᠵᠢᠯᠠᠬᠴᠢᠳ ᠤᠨ ᠬᠤᠷᠠᠯ ᠡᠭᠢᠯᠡᠭᠦ ᠦᠶ᠎ᠡ ᠳᠤ ᠯᠢ ᠴᠢᠶᠠᠩ ᠂ ᠥᠨᠥᠳᠥᠷ ᠵᠠᠭᠤᠴᠢᠯᠠᠭᠤᠷ ᠤᠨ ᠨᠠᠶᠢᠵᠠ ᠨᠠᠷ ᠲᠠᠢ ᠠᠳᠡ ᠠᠭᠤᠯᠵᠠᠵᠤ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ ᠂ ᠡᠩ ᠲᠡᠷᠢᠭᠦᠨ ᠳᠤ ᠤᠯᠠᠨ ᠤ ᠡᠨᠡ ᠤᠳᠠᠭ᠎ᠠ ᠶᠢᠨ ᠳᠤᠮᠳᠠᠳᠤ ᠤᠯᠤᠰ ᠤᠨ ᠬᠤᠶᠠᠷ ᠬᠤᠷᠠᠯ ᠢ ᠮᠡᠳᠡᠭᠡᠯᠡᠬᠦ ᠶᠢᠨ ᠲᠥᠯᠥᠭᠡ ᠭᠠᠷᠭᠠᠭᠰᠠᠨ ᠶᠠᠳᠠᠷᠠᠯ ᠵᠦᠳᠡᠷᠡᠯ ᠳᠤ ᠲᠠᠯᠠᠷᠬᠠᠵᠤ ᠪᠠᠶᠢᠨ᠎ᠠ ᠭᠡᠵᠦ ᠬᠡᠯᠡᠪᠡ ᠃ ᠯᠢ ᠴᠢᠶᠠᠩ ᠂ ᠪᠢᠳᠡ ᠨᠠᠮ ᠪᠣᠯᠣᠨ ᠠᠷᠠᠳ ᠲᠦᠮᠡᠨ ᠤ ᠢᠲᠡᠭᠡᠯ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ ᠂ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠬᠦᠨᠳᠦ ᠶᠡᠭᠡ ᠂ ᠡᠭᠦᠷᠭᠡ ᠥᠩᠭᠡ ᠭᠡᠷᠡᠯᠲᠡᠢ ᠭᠡᠳᠡᠭ ᠢ ᠴᠦ ᠭᠦᠨᠵᠡᠭᠡᠢ ᠣᠶᠢᠯᠠᠭᠠᠵᠤ ᠪᠠᠶᠢᠨ᠎ᠠ ᠃ ᠪᠢᠳᠡ ᠯᠠᠪᠲᠠᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠥᠷᠭᠡᠨ ᠤᠯᠠᠨ ᠠᠷᠠᠳ ᠲᠦᠮᠡᠨ  ᠳᠤ ᠴᠢᠩᠭ᠎ᠠ ᠲᠦᠰᠢᠭᠯᠡᠨ ᠂ ᠬᠦᠴᠦᠯᠡᠨ ᠴᠢᠷᠮᠠᠶᠢᠵᠤ ᠵᠢᠳᠬᠦᠯ ᠭᠠᠷᠭᠠᠬᠤ ᠤᠶᠤᠨ ᠰᠠᠨᠠᠭᠠᠨ ᠤ ᠳᠦᠷᠰᠦ ᠪᠠᠶᠢᠳᠠᠯ ᠪᠠ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ ︾ ᠬᠠᠷᠢᠭᠤᠴᠠᠯᠭᠠᠲᠤ ᠤᠬᠠᠮᠰᠠᠷ ᠢᠶᠠᠷ ᠦᠨᠳᠦᠰᠦᠨ ᠬᠠᠤᠯᠢ ᠪᠠ ᠬᠠᠤᠯᠢ ᠴᠠᠭᠠᠵᠠ  ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ ᠂ ᠣᠮᠤᠭ ᠵᠣᠷᠢᠭ ᠪᠠᠳᠠᠷᠠᠩᠭᠤᠢ ᠪᠠᠷ ᠡᠷᠡᠮᠡᠬᠡᠶᠢᠯᠡᠨ ᠤᠷᠤᠭᠰᠢᠯᠠᠵᠤ ᠂ ᠨᠡᠶᠢᠲᠡ ᠶᠢᠨ ᠲᠥᠯᠥᠭᠡ ᠠᠷᠢᠭᠤᠨ ᠴᠢᠬᠡᠴᠢ ᠪᠠᠷ ᠵᠢᠳᠬᠦᠵᠦ ᠂ ᠦᠨᠡᠨ ᠰᠡᠳᠬᠢᠯ ᠠᠴᠠ ᠪᠠᠨ ᠮᠡᠷᠡᠶᠢᠨ ᠵᠢᠳᠬᠦᠵᠦ ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ ᠶᠤᠮ ᠭᠡᠵᠦ ᠢᠯᠡᠳᠬᠡᠪᠡ ᠃      ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠰᠤᠷᠪᠤᠯᠵᠢᠯᠠᠬᠴᠢ ᠄ ᠡᠩ ᠲᠡᠷᠢᠭᠦᠨ ᠳᠤ ᠲᠠ ᠪᠣᠯᠣᠨ ᠳᠥᠷᠪᠡᠨ ᠳᠡᠳ᠋ ᠶᠡᠷᠦᠩᠬᠡᠢ ᠰᠠᠶᠢᠳ ᠤᠨ ᠰᠢᠨ᠎ᠡ ᠪᠠᠷ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠵᠦ ᠪᠠᠶᠢᠨ᠎ᠠ ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭ᠎ᠠ ᠪᠤᠯᠬᠤ ᠢᠷᠡᠭᠡᠳᠦᠢ ᠶᠢᠨ ᠲᠠᠪᠤᠨ ᠵᠢᠯ ᠨᠢ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠤᠯᠤᠰ ᠲᠤ ᠠᠪᠴᠤ ᠬᠡᠯᠡᠪᠡᠯ ᠡᠭᠢᠯᠡᠯᠲᠡ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠢᠨ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠢ ᠲᠤᠶᠢᠯ ᠢᠶᠠᠷ ᠠᠩᠬᠠᠷᠴᠤ ᠪᠠᠶᠢᠨ᠎ᠠ ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠬᠠᠷᠠᠯᠲᠠ ᠨᠢ ᠶᠠᠭᠤ ᠪᠤᠶ ︖ ᠶᠠᠮᠠᠷ ᠶᠠᠮᠠᠷ ᠠᠵᠢᠯ ᠤᠨ ᠭᠤᠣᠯᠳᠠᠯᠭ᠎ᠠ ᠪᠠᠶᠢᠬᠤ ᠪᠤᠶ ︖ ᠠᠵᠢᠯ  ᠢᠶᠠᠨ ᠬᠡᠷᠬᠢᠨ ᠥᠷᠨᠢᠭᠦᠯᠬᠦ ᠪᠤᠢ︖      ᠯᠢ ᠴᠢᠶᠠᠩ ᠄ ᠲᠠᠨ ᠤ ᠪᠠᠶᠠᠷ ᠬᠦᠷᠭᠡᠭᠰᠡᠨ ᠳᠤ ᠲᠠᠯᠠᠷᠬᠠᠵᠤ ᠪᠠᠶᠢᠨ᠎ᠠ ᠂ ᠲᠠ ᠤᠯᠠᠨ ᠤ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠢ ᠬᠠᠯᠠᠮᠵᠢᠯᠠᠵᠤ ᠪᠠᠶᠢᠭ᠎ᠠ ᠳᠤ ᠲᠠᠯᠠᠷᠬᠠᠵᠤ ᠪᠠᠶᠢᠨ᠎ᠠ ᠃      ᠨᠢᠳᠤᠨᠤᠨ ᠤ 10 ᠰᠠᠷ᠎ᠠ ᠳᠤ ᠬᠤᠷᠠᠯᠳᠤᠭᠤᠯᠤᠭᠰᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠮᠠᠨ ᠤ ᠤᠯᠤᠰ ᠤᠨ ᠬᠤᠶᠢᠰᠢᠳᠠ ᠶᠢᠨ ᠲᠠᠪᠤᠨ ᠵᠢᠯ ᠪᠠ ᠨᠡᠩ ᠤᠷᠳᠤ ᠬᠤᠭᠤᠴᠠᠭᠠᠨ ᠤ ᠬᠥᠭᠵᠢᠯᠲᠡ ᠳᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠪᠡ ᠂ ᠤᠯᠠᠨ ᠢᠶᠠᠷ ᠢᠶᠠᠨ ᠨᠡᠯᠢᠶᠡᠳ ᠰᠡᠳᠬᠢᠯ ᠲᠠᠯᠪᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠤᠬᠠᠢ ᠴᠥᠮ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠠᠴᠠ ᠲᠣᠳᠣᠷᠬᠠᠢ ᠬᠠᠷᠢᠭᠤᠯᠲᠠ ᠣᠯᠵᠤ ᠴᠢᠳᠠᠬᠤ ᠶᠤᠮ ᠃      ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠪᠣᠯ ᠳᠠᠷᠤᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠵᠤ ᠂ ᠰᠠᠶᠢᠲᠤᠷ ᠨᠠᠶᠢᠳᠠᠪᠤᠷᠢᠵᠢᠭᠤᠯᠵᠤ ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠷᠤᠭᠯᠠᠭᠰᠠᠨ ᠠᠤᠭ᠎ᠠ ᠵᠢᠷᠤᠭ ᠲᠥᠰᠥᠪ ᠢ ᠪᠠᠷᠢᠯᠭ᠎ᠠ ᠶᠢᠨ ᠵᠢᠷᠤᠭ ᠲᠥᠯᠥᠪᠯᠡᠭᠡ ᠪᠣᠯᠭᠠᠨ ᠬᠤᠪᠢᠷᠠᠭᠤᠯᠵᠤ ᠂ ᠪᠦᠭᠦ ᠤᠯᠤᠰ ᠤᠨ ᠠᠷᠠᠳ ᠲᠦᠮᠡᠨ ᠲᠠᠢ ᠬᠠᠮᠲᠤ ᠪᠠᠷ ᠂ ᠯᠠᠪᠳᠠᠭᠤᠨ ᠪᠠᠲᠤᠲᠠᠢ ᠪᠠᠷ ᠠᠤᠭ᠎ᠠ ᠵᠢᠷᠤᠭ ᠲᠥᠰᠥᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠶᠠᠪᠤᠳᠠᠯ ᠪᠣᠯᠣᠨ᠎ᠠ ᠃      ᠬᠤᠶᠢᠰᠢᠳᠠ ᠶᠢᠨ ᠠᠵᠢᠯ ᠤᠨ ᠳᠤᠮᠳᠠ ᠂ ᠡᠶᠢᠮᠦ ᠬᠡᠳᠦᠨ ᠲᠠᠯ᠎ᠠ ᠶᠢ ᠪᠢᠳᠡ ᠭᠤᠣᠯᠳᠠᠯᠭ᠎ᠠ ᠲᠠᠢ ᠡᠵᠡᠮᠳᠡᠬᠦ ᠪᠣᠯᠣᠨ᠎ᠠ ᠄      ᠨᠢᠭᠡᠳᠦᠭᠡᠷ ᠲᠤ ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠨ᠎ᠠ ᠃ ᠦᠨᠡᠨ ᠢ ᠬᠡᠯᠡᠪᠡᠯ ᠂ ᠨᠠᠮ ᠪᠠ ᠵᠠᠰᠠᠭ ᠤᠨ ᠣᠷᠳᠣᠨ ᠤ ᠠᠯᠢᠪᠠ ᠠᠵᠢᠯ ᠤᠨ ᠵᠣᠷᠢᠯᠲᠠ ᠪᠣᠯ ᠠᠷᠠᠳ ᠲᠦᠮᠡᠨ ᠳᠤ ᠪᠤᠶᠠᠨ ᠦᠢᠯᠡᠳᠭᠦ ᠶᠠᠪᠤᠳᠠᠯ ᠪᠣᠯᠣᠨ᠎ᠠ ᠃ ᠶᠡᠷᠦᠩᠬᠡᠢ ᠱᠦᠵᠢ ᠰᠢ ᠶᠢᠨ ᠫᠢᠩ ᠄ ︽ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠪᠢᠳᠡᠨ ᠤ ᠲᠡᠮᠡᠴᠡᠬᠦ ᠬᠠᠷᠠᠯᠲᠠ ᠮᠥᠨ ︾ ᠭᠡᠵᠦ ᠬᠡᠯᠡᠵᠦ ᠥᠩᠭᠡᠷᠡᠪᠡ ᠃ ᠪᠢᠳᠡ ᠬᠡᠵᠢᠶ᠎ᠡ ᠴᠦ ᠭᠡᠰᠡᠨ ᠠᠷᠠᠳ ᠤᠨ ᠵᠠᠰᠠᠭ ᠤᠨ ᠣᠷᠳᠣᠨ ᠤ ᠡᠮᠦᠨᠡᠬᠢ︽ ᠠᠷᠠᠳ ᠲᠦᠮᠡᠨ ︾ ᠭᠡᠳᠡᠭ ᠦᠭᠡ ᠶᠢ ᠢᠮᠠᠭᠲᠠ ᠪᠠᠲᠤ ᠴᠡᠭᠡᠵᠢᠯᠡᠵᠦ ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯᠭᠠᠨ  ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ ᠃ ᠪᠤᠰᠤᠳᠴᠢ ᠪᠠᠷ ᠶᠠᠷᠢᠪᠠᠯ ᠂ ᠵᠣᠩᠬᠢᠯᠠᠬᠤ ᠤᠯᠠᠨ ᠲᠣᠭᠠᠨ ᠤ ᠠᠷᠠᠳ ᠲᠦᠮᠡᠨ GDP ᠶᠢᠨ ᠨᠡᠮᠡᠭᠳᠡᠯ ᠬᠡᠳᠦᠢ ᠨᠡᠮᠡᠭᠳᠡᠭᠰᠡᠨ ᠢ ᠡᠳᠦᠷᠵᠢᠨ ᠠᠩᠬᠠᠷᠴᠤ ᠦᠵᠡᠬᠦ ᠦᠭᠡᠢ ᠶᠤᠮ ᠂ ᠤᠯᠠᠨ ᠢᠶᠠᠷ ᠢᠶᠠᠨ ᠣᠷᠣᠨ ᠰᠠᠭᠤᠴᠠ ᠂ ᠠᠵᠢᠯ ᠣᠯᠭᠤᠯᠲᠠ ᠂ ᠣᠷᠣᠯᠭ᠎ᠠ ᠂ ᠰᠤᠷᠭᠠᠨ ᠬᠥᠮᠦᠵᠢᠯ ᠂ ᠡᠪᠡᠳᠴᠢᠨ ᠦᠵᠡᠭᠦᠯᠭᠦ ᠂ ᠠᠮᠢ ᠠᠬᠤᠢ ᠣᠷᠴᠢᠨ ᠲᠣᠭᠤᠷᠢᠨ ᠵᠡᠷᠭᠡ ᠳᠡᠷᠭᠡᠳᠡᠬᠢ ᠪᠣᠳᠠᠲᠠᠢ ᠶᠠᠪᠤᠳᠠᠯ ᠢᠶᠠᠨ ᠨᠡᠩ ᠠᠩᠬᠠᠷᠴᠤ ᠪᠠᠶᠢᠳᠠᠭ ᠃ ᠵᠠᠰᠠᠭ ᠤᠨ ᠣᠷᠳᠣᠨ ᠤ ᠠᠵᠢᠯ ᠪᠣᠯ ᠠᠷᠠᠳ ᠣᠯᠠᠨ ᠤ ᠪᠣᠳᠠᠲᠠᠢ ᠲᠥᠷᠥᠭᠳᠡᠯ ᠲᠠᠢ ᠣᠶᠢᠷᠠᠲᠤᠭᠤᠯᠵᠤ ᠪᠠᠶᠢᠭᠠᠳ ᠲᠥᠯᠥᠪᠯᠡᠭᠡ ᠬᠢᠵᠦ ᠠᠬᠢᠭᠤᠯᠵᠤ ᠂ ᠠᠷᠠᠳ ᠲᠦᠮᠡᠨ ᠬᠦᠰᠡᠯ ᠡᠷᠡᠮᠡᠯᠵᠡᠯ ᠲᠠᠢ ᠪᠠᠶᠢᠪᠠᠯ ᠵᠠᠰᠠᠭ ᠤᠨ ᠣᠷᠳᠣᠨ ᠵᠢᠳᠬᠦᠯ ᠴᠢᠷᠮᠠᠶᠢᠯᠭ᠎ᠠ ᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠶᠠᠪᠤᠳᠠᠯ ᠪᠣᠯᠣᠨ᠎ᠠ ᠃      ᠬᠤᠶᠠᠳᠤᠭᠠᠷ ᠲᠤ ᠂ ᠬᠦᠴᠦᠨ ᠢᠶᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠃ ᠡᠨᠡ ᠤᠳᠠᠭ᠎ᠠ ᠶᠢᠨ ᠬᠤᠶᠠᠷ ᠬᠤᠷᠠᠯ ᠤᠨ ᠬᠤᠭᠤᠴᠠᠭᠠᠨ ᠳᠤ ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠤᠯᠴᠠᠬᠤ ᠳᠠᠭᠠᠨ ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠬᠦ ᠬᠡᠷᠡᠭᠲᠡᠢ ᠭᠡᠵᠦ ᠣᠨᠴᠠᠭᠠᠶᠢᠯᠠᠨ ᠴᠢᠬᠤᠯᠠᠴᠢᠯᠠᠪᠠ ᠃ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠨᠢᠭᠡᠨᠲᠡ ᠯᠤᠲᠤ ᠶᠡᠭᠡ ᠠᠮᠵᠢᠯᠲᠠ ᠪᠦᠲᠦᠮᠵᠢ ᠣᠯᠵᠤ ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠳᠡᠯᠡᠬᠡᠢ ᠶᠢᠨ ᠬᠤᠶᠠᠳᠤᠭᠠᠷ ᠲᠤ ᠪᠠᠲᠤᠲᠠᠢ ᠣᠷᠣᠭᠰᠠᠨ ᠪᠤᠯᠪᠠᠴᠤ ᠬᠥᠭᠵᠢᠯᠲᠡ ᠮᠥᠨ ᠲᠡᠩᠴᠡᠭᠦᠷᠢ ᠦᠭᠡᠢ ᠂ ᠭᠦᠢᠴᠡᠳ ᠪᠤᠰᠤ ᠪᠠᠶᠢᠨ᠎ᠠ ᠃ ᠶᠠᠮᠠᠷᠪᠠ ᠨᠢᠭᠡ ᠶᠡᠷᠦᠩᠬᠡᠢ ᠬᠡᠮᠵᠢᠶᠡᠨ ᠤ ᠭᠦᠢᠴᠡᠳᠬᠡᠯ ᠲᠤᠭ᠎ᠠ ᠶᠢ 14 ᠳ᠋ᠦᠩᠰᠢᠭᠤᠷ ᠭᠠᠷᠤᠢ ᠬᠥᠮᠥᠨ ᠠᠮᠠ ᠶᠢᠨ ᠰᠠᠭᠤᠷᠢ ᠲᠤᠭ᠎ᠠ ᠳᠡᠭᠡᠷ᠎ᠡ ᠨᠣᠭᠳᠠᠭᠤᠯᠪᠠᠯ ᠂ ᠬᠥᠮᠥᠨ ᠳᠤᠮᠳᠠᠴᠢ ᠶᠢᠨ ᠬᠢᠷᠢ ᠬᠡᠮᠵᠢᠶ᠎ᠡ ᠨᠢ ᠴᠥᠮ ᠨᠡᠯᠢᠶᠡᠳ ᠬᠢᠵᠠᠭᠠᠷ ᠲᠠᠢ ᠪᠠᠶᠢᠳᠠᠭ ᠃ ᠤᠳᠤ ᠂ ᠮᠠᠨ ᠤ ᠬᠥᠭᠵᠢᠯᠲᠡ ᠶᠢᠨ ᠣᠯᠠᠩᠬᠢ ᠨᠢ ᠵᠥᠪᠭᠡᠨ ︽ᠪᠠᠶᠢᠬᠤ ᠡᠰᠡᠬᠦ ︾ ᠠᠰᠠᠭᠤᠳᠠᠯ ᠢ ᠯᠠ ᠰᠢᠢᠳᠪᠦᠷᠢᠯᠡᠵᠦ ᠪᠠᠶᠢᠨ᠎ᠠ ᠂ ᠲᠠᠷᠠᠭᠠᠴᠢ ᠶᠢᠨ ᠠᠯᠬᠤᠮ ᠳᠤ ︽ ᠰᠠᠶᠢᠨ ᠡᠰᠡᠬᠦ ︾ ᠠᠰᠠᠭᠤᠳᠠᠯ ᠢ ᠨᠡᠩ ᠴᠢᠬᠤᠯᠠᠴᠢᠯᠠᠨ ᠰᠢᠢᠳᠪᠦᠷᠢᠯᠡᠬᠦ ᠴᠢᠬᠤᠯᠠᠲᠠᠢ ᠂ ᠢᠯᠠᠩᠭᠤᠶ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠴᠢᠳᠠᠪᠤᠷᠢ ᠪᠠᠨ ᠳᠡᠭᠡᠭᠰᠢᠯᠡᠭᠦᠯᠭᠦ ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠂ ᠬᠥᠭᠵᠢᠯᠲᠡ ᠶᠢᠨ ᠠᠷᠭ᠎ᠠ ᠮᠠᠶ᠋ᠢᠭ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠵᠡᠷᠭᠡ ᠪᠣᠯᠣᠨ᠎ᠠ ᠃ ᠶᠡᠷᠦᠩᠬᠡᠢ ᠳᠤᠨᠢ ᠠᠪᠴᠤ ᠬᠡᠯᠡᠪᠡᠯ ᠂ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠶ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠃      ᠭᠤᠷᠪᠠᠳᠤᠭᠠᠷ ᠲᠤ ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠦᠨ᠎ᠡ ᠃ ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠪᠣᠯᠣᠨ᠎ᠠ ᠂ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠦᠬᠡᠨ ᠠᠬᠢᠴᠠ ᠳᠤᠮᠳᠠ ᠂ ᠪᠠᠰᠠ ᠴᠤ ︽ᠥᠭᠡᠷᠡᠴᠢᠯᠡᠯᠲᠡ ᠶᠢᠨ ᠬᠤᠭᠤᠯᠠ ᠶᠢ ᠢᠳᠡᠵᠦ ᠂ ᠨᠡᠭᠡᠭᠡᠯᠲᠡ ᠶᠢᠨ ᠵᠠᠮ ᠢᠶᠠᠷ ᠵᠠᠮᠨᠠᠬᠤ ︾ ᠬᠡᠷᠡᠭᠲᠡᠢ ᠃      ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠪᠠᠷᠢᠮᠲᠠᠯᠠᠵᠤ ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠳᠤᠮᠳᠠ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠃      ᠠᠮᠧᠷᠢᠺᠠ ᠶᠢᠨ ᠬᠡᠷᠡᠭᠯᠡᠭᠴᠢᠳ ᠤᠨ ᠰᠣᠨᠢᠨ ᠮᠡᠳᠡᠭᠡ ᠪᠣᠯᠣᠨ ᠬᠤᠳᠠᠯᠳᠤᠭᠠᠨ ᠤ ᠰᠤᠪᠠᠭ ᠤᠨ ᠰᠤᠷᠪᠤᠯᠵᠢᠯᠠᠬᠴᠢ ᠄ ᠡᠨᠡ ᠵᠢᠯ ᠪᠣᠯ ᠳᠤᠮᠳᠠᠳᠤ ᠤᠯᠤᠰ ᠤᠨ ᠬᠢᠵᠢᠭ ᠤᠨ ᠪᠠᠶᠢᠳᠠᠯ ᠤᠨ ᠤᠷᠭᠢᠯ ᠤᠨ ᠬᠤᠭᠤᠴᠠᠭ᠎ᠠ ᠥᠩᠭᠡᠷᠡᠭᠰᠡᠨ ᠤ ᠳᠠᠷᠠᠭᠠᠬᠢ ᠲᠦᠷᠦᠭᠦᠦ ᠵᠢᠯ ᠪᠣᠯᠣᠨ᠎ᠠ ᠂ ᠮᠠᠰᠢ ᠤᠯᠠᠨ ᠬᠥᠮᠥᠰ ᠤᠨ ᠵᠢᠱᠢᠭᠰᠡᠨ ᠢᠶᠠᠷ ᠪᠣᠯ ᠠᠵᠤ ᠠᠬᠤᠢ ᠣᠬᠤᠷᠬᠠᠨ ᠬᠤᠭᠤᠴᠠᠭᠠᠨ ᠳᠤ ᠲᠠᠭᠢᠨ ᠨᠡᠮᠡᠭᠳᠡᠬᠦ ᠪᠣᠯᠣᠨ᠎ᠠ ᠂ ᠳᠤᠮᠳᠠᠳᠤ ᠤᠯᠤᠰ ᠶᠠᠮᠠᠷ ᠠᠷᠭ᠎ᠠ ᠬᠡᠮᠵᠢᠶ᠎ᠡ ᠠᠪᠴᠤ ᠪᠦᠭᠦ ᠵᠢᠯ ᠤᠨ ᠠᠵᠤ ᠠᠬᠤᠢ ᠶᠢᠨ ᠨᠡᠮᠡᠭᠳᠡᠯ ᠤᠨ ᠬᠠᠷᠠᠯᠲᠠ ᠶᠢ ᠪᠡᠶᠡᠯᠡᠭᠦᠯᠬᠦ ᠪᠠᠷ ᠪᠠᠶᠢᠭ᠎ᠠ ᠪᠤᠢ︖ ᠳᠤᠮᠳᠠᠳᠤ ᠤᠯᠤᠰ ᠤᠨ ᠠᠵᠤ ᠠᠬᠤᠢ ᠡᠨᠡ ᠵᠢᠯ ᠵᠢᠴᠢ ᠳᠠᠷᠠᠭᠠᠴᠢ ᠶᠢᠨ ᠲᠠᠪᠤᠨ ᠵᠢᠯ ᠳᠤ ᠶᠠᠮᠠᠷ ᠶᠠᠮᠠᠷ ᠠᠰᠢᠭᠲᠠᠢ ᠪᠠ ᠠᠰᠢᠭ ᠦᠭᠡᠢ ᠬᠦᠴᠦᠨ ᠵᠦᠢᠯ ᠳᠤ ᠲᠤᠯᠭᠠᠷᠠᠬᠤ ᠪᠤᠢ ︖ ᠢᠷᠡᠭᠡᠳᠦᠢ ᠶᠢᠨ ᠲᠠᠪᠤᠨ ᠵᠢᠯ ᠳᠤ ᠳᠤᠮᠳᠠᠳᠤ ᠤᠯᠤᠰ ᠶᠠᠮᠠᠷ ᠲᠦᠷᠦ ᠶᠢᠨ ᠪᠣᠳᠣᠯᠭ᠎ᠠ ᠠᠪᠴᠤ ᠦᠷᠭᠦᠯᠵᠢᠯᠡᠬᠦ ᠂ ᠴᠢᠨᠠᠷ ᠰᠠᠶᠢᠲᠠᠢ ᠨᠡᠮᠡᠭᠳᠡᠯ ᠢ ᠳᠡᠮᠵᠢᠭᠦ ᠪᠠᠷ ᠲᠥᠯᠥᠪᠯᠡᠵᠦ ᠪᠠᠶᠢᠬᠤ ᠪᠤᠢ ︖ ᠣᠶᠢᠷ᠎ᠠ ᠶᠢᠨ ᠬᠡᠳᠦᠨ ᠵᠢᠯ ᠳᠤ ᠳᠤᠮᠳᠠᠳᠤ ᠤᠯᠤᠰ ᠤᠨ ᠥᠷᠢ ᠥᠭᠴᠡᠭᠡ ᠂ ᠬᠥᠷᠥᠩᠭᠡ ᠶᠢᠨ ᠡᠮᠬᠢ ᠵᠠᠮᠪᠠᠷᠠᠭ᠎ᠠ ᠦᠭᠡᠢ ᠲᠡᠯᠡᠯᠲᠡ ᠵᠡᠷᠭᠡ ᠰᠢᠰᠲ᠋ᠧᠮ ᠤᠨ ᠴᠢᠨᠠᠷᠲᠠᠢ ᠲᠦᠭᠰᠢᠭᠦᠷᠢ ᠶᠢ ᠠᠷᠭᠠᠴᠠᠭᠠᠬᠤ ᠲᠠᠯ᠎ᠠ ᠪᠠᠷ ᠬᠢ ᠲᠥᠷᠥ ᠶᠢᠨ ᠪᠣᠳᠣᠯᠭ᠎ᠠ ᠨᠢ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠤᠶ ︖      ᠯᠢ ᠴᠢᠶᠠᠩ ᠄ ᠡᠨᠡ ᠰᠤᠷᠪᠤᠯᠵᠢᠯᠠᠬᠴᠢ ᠨᠠᠶᠢᠵᠠ ᠲᠣᠭᠢᠶᠠᠯ ᠢ ᠮᠠᠰᠢ ᠰᠠᠶᠢᠨ ᠠᠳᠬᠤᠵᠤ ᠪᠠᠶᠢᠨ᠎ᠠ ᠂ ᠮᠢᠨᠤ ᠲᠡᠮᠳᠡᠭᠯᠡᠭᠰᠡᠨ ᠢᠶᠠᠷ ᠲᠠ ᠨᠢᠭᠡ ᠯᠡ ᠠᠮᠢᠰᠬᠤᠭ᠎ᠠ ᠪᠠᠷ 4 ᠠᠰᠠᠭᠤᠳᠠᠯ ᠳᠤᠷᠠᠳᠴᠤ ᠂ 6 ᠲᠠᠯ᠎ᠠ ᠶᠢᠨ ᠠᠭᠤᠯᠭ᠎ᠠ ᠳᠤ ᠬᠤᠯᠪᠣᠭᠳᠠᠵᠠᠢ ᠃ ᠴᠠᠭ ᠤᠨ ᠬᠠᠷᠠᠭ᠎ᠠ ᠠᠴᠠ ᠪᠣᠯᠵᠤ ᠪᠢ ᠵᠥᠪᠭᠡᠨ ᠭᠤᠣᠯᠳᠠᠯᠭ᠎ᠠ ᠶᠢ ᠨᠢ ᠰᠣᠩᠭᠤᠵᠤ ᠬᠠᠷᠢᠭᠤᠯᠲᠠ ᠦᠭᠭᠦᠶ᠎ᠠ ᠃      ᠡᠨᠡ ᠵᠢᠯ ᠤᠨ ᠳᠡᠯᠡᠬᠡᠢ ᠶᠢᠨ ᠠᠵᠤ ᠠᠬᠤᠢ ᠶᠢᠨ ᠪᠠᠶᠢᠳᠠᠯ ᠶᠡᠷᠦᠩᠬᠡᠢ ᠳᠡᠭᠡᠨ ᠲᠡᠶᠢᠮᠦ ᠰᠠᠶᠢᠨ ᠪᠢᠰᠢ ᠂ ᠲᠣᠭᠲᠠᠭᠤᠨ ᠪᠤᠰᠤ ᠂ ᠲᠣᠬᠲᠠᠯᠭᠠᠳᠤ ᠪᠤᠰᠤ ᠂ ᠲᠥᠰᠥᠭᠡᠯᠡᠬᠦᠶ᠎ᠡ ᠪᠡᠷᠬᠡ ᠬᠦᠴᠦᠨ ᠵᠦᠢᠯ ᠨᠡᠯᠢᠶᠡᠳ ᠤᠯᠠᠨ ᠪᠠᠶᠢᠨ᠎ᠠ ᠂ ᠨᠡᠮᠡᠭᠳᠡᠯ ᠢ ᠬᠡᠷᠬᠢᠨ ᠲᠣᠭᠲᠠᠭᠤᠨ ᠪᠠᠶᠢᠯᠭᠠᠬᠤ ᠨᠢ ᠳᠡᠯᠡᠬᠡᠢ ᠶᠢᠨ ᠡᠯ᠎ᠡ ᠤᠯᠤᠰ ᠲᠤ ᠠᠪᠴᠤ ᠬᠡᠯᠡᠪᠡᠯ ᠴᠥᠮ ᠨᠢᠭᠡᠨ ᠰᠢᠯᠭᠠᠯᠲᠠ ᠪᠤᠯᠬᠤ ᠶᠤᠮ ᠃ ᠡᠨᠡ ᠵᠢᠯ ᠂ ᠳᠤᠮᠳᠠᠳᠤ ᠤᠯᠤᠰ ᠤᠨ ᠠᠵᠤ ᠠᠬᠤᠢ ᠶᠢᠨ ᠵᠢᠱᠢᠭᠰᠡᠨ ᠨᠡᠮᠡᠭᠳᠡᠯ ᠤᠨ ᠬᠠᠷᠠᠯᠲᠠ ᠶᠢ 5 % ᠣᠷᠴᠢᠮ ᠢᠶᠠᠷ ᠲᠣᠭᠲᠠᠭᠠᠪᠠ ᠂ ᠡᠭᠦᠨ ᠢ ᠪᠢᠳᠡ ᠡᠯ᠎ᠡ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠭᠰᠠᠨ ᠤ ᠲᠠᠷᠠᠭ᠎ᠠ ᠲᠣᠭᠲᠠᠭᠠᠭᠰᠠᠨ ᠶᠤᠮ ᠃ ᠬᠡᠯᠡᠯᠭᠡᠨ ᠦᠭᠡᠢ ᠂ ᠳᠤᠮᠳᠠᠳᠤ ᠤᠯᠤᠰ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠨᠢᠭᠡᠨᠲᠡ 120 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ ᠂ ᠰᠠᠭᠤᠷᠢ ᠲᠤᠭ᠎ᠠ ᠨᠢ ᠮᠠᠰᠢ ᠥᠨᠳᠥᠷ ᠪᠣᠯᠵᠠᠢ ᠂ ᠡᠭᠦᠨ ᠤ ᠳᠡᠭᠡᠷ᠎ᠡ ᠡᠨᠡ ᠵᠢᠯ ᠤᠨ ᠰᠢᠨ᠎ᠡ ᠥᠷᠢᠰᠦᠯᠳᠦᠭᠡᠨ ᠪᠠᠭ᠎ᠠ ᠪᠤᠰᠤ ᠪᠠᠶᠢᠨ᠎ᠠ ᠂ 5 % ᠣᠷᠴᠢᠮ ᠤᠨ ᠨᠡᠮᠡᠭᠳᠡᠯ ᠢ ᠪᠡᠶᠡᠯᠡᠭᠦᠯᠬᠦ ᠳᠤ ᠲᠡᠶᠢᠮᠦ ᠠᠮᠠᠷᠬᠠᠨ ᠪᠢᠰᠢ ᠂ ᠬᠤᠪᠢ ᠲᠠᠭᠢᠨ ᠴᠢᠷᠮᠠᠶᠢᠬᠤ ᠴᠢᠬᠤᠯᠠᠲᠠᠢ ᠶᠤᠮ ᠃      ᠬᠤᠯᠪᠣᠭᠳᠠᠯ ᠪᠦᠬᠦᠢ ᠪᠣᠳᠠᠲᠠᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠢᠳᠤᠨᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠨᠢᠭᠡᠨᠲᠡ ᠪᠦᠭᠦ ᠲᠠᠯ᠎ᠠ ᠪᠠᠷ ᠪᠠᠶᠢᠷᠢᠯᠠᠭᠤᠯᠵᠠᠢ ᠂ ᠡᠭᠦᠨ ᠳᠤ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ ᠂ ᠠᠵᠤ ᠠᠬᠤᠢ ᠶᠢᠨ ᠠᠵᠢᠯᠯᠠᠭᠠᠨ ᠤ ᠪᠦᠬᠦᠯᠢ ᠴᠣᠭᠴᠠ ᠶᠢᠨ ᠰᠠᠶᠢᠵᠢᠷᠠᠯᠲᠠ ᠶᠢ ᠠᠬᠢᠭᠤᠯᠬᠤ ᠪᠣᠯ ᠦᠨᠳᠦᠰᠦᠨ ᠬᠠᠨᠳᠤᠰᠢ ᠪᠣᠯᠣᠨ᠎ᠠ ᠃ ᠲᠣᠭᠲᠠᠭᠤᠨ ᠪᠠᠶᠢᠯᠭᠠᠬᠤ ᠶᠢᠨ ᠭᠤᠣᠯᠳᠠᠯᠭ᠎ᠠ ᠨᠢ ᠨᠡᠮᠡᠭᠳᠡᠯ ᠢ ᠲᠣᠭᠲᠠᠭᠤᠨ ᠪᠠᠶᠢᠯᠭᠠᠬᠤ ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠂ ᠪᠠᠷᠠᠭᠠᠨ ᠤ ᠦᠨ᠎ᠡ ᠶᠢ ᠲᠣᠭᠲᠠᠭᠤᠨ ᠪᠠᠶᠢᠯᠭᠠᠬᠤ ᠶᠠᠪᠤᠳᠠᠯ ᠪᠤᠯᠤᠨ᠎ᠠ ︔ ᠤᠷᠤᠭᠰᠢᠯᠠᠨ ᠲᠠᠪᠰᠢᠬᠤ ᠳᠤ ᠵᠠᠩᠭᠢᠯᠠᠭ᠎ᠠ ᠨᠢ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠰᠢᠨ᠎ᠡ ᠲᠠᠪᠰᠢᠯᠳᠠ ᠲᠠᠢ ᠪᠤᠯᠬᠤ ᠳᠤ ᠪᠠᠶᠢᠨ᠎ᠠ ᠃ ᠪᠣᠳᠠᠲᠠᠢ ᠪᠠᠷ ᠬᠡᠯᠡᠪᠡᠯ ᠂ ᠪᠢ ᠣᠨᠴᠠᠭᠠᠶᠢᠯᠠᠨ ᠬᠡᠳᠦᠨ ᠶᠠᠪᠤᠳᠠᠯ ᠢ ᠰᠠᠶᠢᠲᠤᠷ ᠬᠢᠬᠦ ᠰᠠᠨᠠᠭ᠎ᠠ ᠲᠠᠢ ᠂ ᠥᠭᠡᠷ᠎ᠡ ᠪᠠᠷ ᠬᠡᠯᠡᠪᠡᠯ ᠡᠶᠢᠮᠦ ᠬᠡᠳᠦᠨ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠢᠨ᠎ᠡ ᠄ ᠨᠢᠭᠡ ᠳᠤ ᠂ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠂ ᠬᠤᠶᠠᠷ ᠲᠤ ᠂ ᠬᠡᠷᠡᠭᠴᠡᠭᠡ ᠶᠢ ᠥᠷᠭᠡᠳᠬᠡᠬᠦ ᠬᠠᠮ ᠠᠷᠭ᠎ᠠ ᠬᠡᠮᠵᠢᠶ᠎ᠡ ᠂ ᠭᠤᠷᠪᠠ ᠳᠤ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠭᠦ ᠬᠠᠮ ᠠᠷᠭ᠎ᠠ ᠬᠡᠮᠵᠢᠶ᠎ᠡ ᠂ ᠳᠥᠷᠪᠡ ᠳᠤ ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠮ ᠠᠷᠭ᠎ᠠ ᠬᠡᠮᠵᠢᠶ᠎ᠡ ᠪᠣᠯᠣᠨ᠎ᠠ ᠃ ᠡᠳᠡᠭᠡᠷ ᠬᠠᠮ ᠠᠷᠭ᠎ᠠ ᠬᠡᠮᠵᠢᠶ᠎ᠡ ᠨᠢ ᠴᠥᠮ ᠪᠣᠳᠠᠲᠠᠢ ᠠᠭᠤᠯᠤᠭᠳᠠᠬᠤᠨ ᠲᠠᠢ ᠪᠠᠶᠢᠵᠤ ᠂ ᠵᠠᠷᠢᠮ ᠢ ᠨᠢ ᠪᠠᠰᠠ ᠦᠢᠯᠡᠳᠦᠯᠭᠡ ᠶᠢᠨ ᠬᠡᠷᠡᠭᠴᠡᠭᠡ ᠶᠢ ᠦᠨᠳᠦᠰᠦᠯᠡᠨ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠲᠣᠬᠢᠷᠠᠭᠤᠯᠤᠨ ᠲᠡᠭᠦᠯᠳᠡᠷᠵᠢᠭᠦᠯᠦᠨ᠎ᠡ ᠃      ᠰᠠᠶ᠋ᠢᠬᠠᠨ ᠡᠨᠡ ᠰᠤᠷᠪᠤᠯᠵᠢᠯᠠᠬᠴᠢ ᠨᠠᠶᠢᠵᠠ ᠠᠰᠢᠭᠲᠠᠢ ᠪᠠ ᠠᠰᠢᠭ ᠦᠭᠡᠢ ᠬᠦᠴᠦᠨ ᠵᠦᠢᠯ ᠤᠨ ᠠᠰᠠᠭᠤᠳᠠᠯ ᠢ ᠠᠰᠠᠭᠤᠵᠠᠢ ᠃ ᠳᠤᠮᠳᠠᠳᠤ ᠤᠯᠤᠰ ᠤᠨ ᠬᠥᠭᠵᠢᠯᠲᠡ ᠳᠤ ᠦᠨᠡᠬᠡᠷ ᠮᠠᠰᠢ ᠤᠯᠠᠨ ᠳᠠᠪᠠᠭᠤᠯᠢᠭ ᠨᠥᠬᠦᠴᠡᠯ ᠪᠤᠢ ᠂ ᠵᠢᠱᠢᠶᠡᠯᠡᠪᠡᠯ ᠂ ᠵᠠᠬ᠎ᠠ ᠳᠡᠯᠭᠡᠭᠦᠷ ᠤᠨ ᠬᠡᠪᠴᠢᠶ᠎ᠡ ᠯᠤᠲᠤ ᠶᠡᠭᠡ ᠂ ᠠᠵᠤ ᠦᠢᠯᠡᠰ ᠤᠨ ᠰᠢᠰᠲ᠋ᠧᠮ ᠪᠦᠷᠢᠨ ᠲᠡᠭᠦᠯᠳᠡᠷ ᠂ ᠬᠥᠮᠥᠨ ᠤ ᠬᠦᠴᠦᠨ ᠤ ᠡᠬᠢ ᠪᠠᠶᠠᠯᠢᠭ ᠡᠯᠪᠡᠭ ᠂ ᠬᠥᠭᠵᠢᠯᠲᠡ ᠶᠢᠨ ᠰᠠᠭᠤᠷᠢ ᠵᠤᠵᠠᠭᠠᠨ ᠵᠡᠷᠭᠡ ᠪᠤᠢ ᠂ ᠨᠡᠩ ᠴᠢᠬᠤᠯᠠ ᠨᠢ ᠪᠠᠶᠢᠭᠤᠯᠤᠯ ᠤᠨ ᠳᠠᠪᠠᠭᠤᠯᠢᠭ ᠢᠯᠡᠳᠲᠡ ᠪᠠᠶᠢᠬᠤ ᠶᠠᠪᠤᠳᠠᠯ ᠪᠣᠯᠣᠨ᠎ᠠ ᠃ ᠬᠦᠴᠢᠷ ᠪᠡᠷᠬᠡᠰᠢᠶᠡᠯ ᠤᠨ ᠲᠤᠬᠠᠢ ᠭᠡᠪᠡᠯ ᠤᠯᠠᠨ ᠢᠶᠠᠷ ᠢᠶᠠᠨ ᠪᠦᠷ ᠬᠦᠴᠢᠷ ᠪᠡᠷᠬᠡᠰᠢᠶᠡᠯ ᠲᠠᠢ ᠂ ᠡᠨᠡ ᠵᠢᠯ ᠴᠦ ᠪᠢᠳᠠᠨ ᠳᠤ ᠬᠦᠴᠢᠷ ᠪᠡᠷᠬᠡᠰᠢᠶᠡᠯ ᠪᠠᠭ᠎ᠠ ᠦᠭᠡᠢ ᠲᠤᠯᠭᠠᠷᠠᠬᠤ ᠶᠤᠮ ᠂ ᠭᠡᠪᠡᠴᠦ ᠠᠯᠢ ᠴᠠᠭ ᠦᠶ᠎ᠡ ᠂ ᠠᠯᠢ ᠵᠢᠯ ᠳᠤᠨᠢ ᠬᠦᠴᠢᠷ ᠪᠡᠷᠬᠡᠰᠢᠶᠡᠯ ᠦᠭᠡᠢ ᠪᠤᠢ ︖ ᠪᠢᠳᠠ ᠶᠡᠷᠦ ᠠᠴᠠ ᠬᠦᠴᠢᠷ ᠪᠡᠷᠬᠡᠰᠢᠶᠡᠯ ᠢ ᠢᠯᠡᠠ ᠳᠠᠪᠠᠭ᠋ᠤ ᠶᠢᠨ ᠳᠤᠮᠳᠠ ᠰᠢᠨ᠎ᠡ ᠬᠥᠭᠵᠢᠯᠲᠡ ᠶᠢ ᠲᠡᠰᠦᠷᠡᠯᠳᠠ ᠦᠭᠡᠢ ᠪᠡᠶᠡᠯᠡᠭᠦᠯᠵᠦ ᠢᠷᠡᠭᠰᠡᠨ ᠶᠤᠮ ᠃ ᠮᠠᠨ ᠤ ᠡᠨᠡ ᠦᠶ᠎ᠡ ᠶᠢᠨ ᠳᠤᠮᠳᠠᠳᠤᠴᠤᠳ ᠬᠠᠷᠠᠬᠠᠨ ᠪᠠᠭ᠎ᠠ ᠠᠴᠠ ᠪᠠᠨ ᠬᠠᠮᠤᠭ ᠤᠯᠠᠨ ᠰᠣᠨᠣᠰᠤᠭᠰᠠᠨ ᠦᠯᠢᠭᠡᠷ ᠪᠣᠯ ᠳᠠᠷᠤᠢ ᠳ᠋ᠠ ᠢᠦᠢ ᠤᠰᠤ ᠵᠠᠰᠠᠭᠰᠠᠨ ᠂ ᠲᠡᠨᠡᠭ ᠡᠪᠦᠭᠡᠨ ᠠᠭᠤᠯᠠ ᠶᠢ ᠨᠡᠭᠦᠯᠭᠡᠭᠰᠡᠨ ᠂ ᠵᠢᠩ ᠸᠧᠢ ᠳᠠᠯᠠᠢ ᠶᠢ ᠪᠥᠭᠯᠡᠭᠰᠡᠨ ᠂ ᠲᠡᠨᠡᠭ ᠡᠪᠦᠭᠡᠨ ᠨᠠᠷᠠ ᠶᠢ ᠬᠥᠭᠡᠭᠡᠭᠰᠡᠨ ᠵᠡᠷᠭᠡ ᠪᠣᠯᠣᠨ᠎ᠠ ᠂ ᠪᠦᠷ ᠯᠡ ᠮᠠᠰᠢ ᠶᠡᠭᠡ ᠤᠷᠮᠠᠰᠢᠭᠤᠯᠤᠨ ᠵᠣᠷᠢᠭᠵᠢᠭᠤᠯᠵᠤ ᠂ ᠴᠥᠮ ᠬᠦᠴᠢᠷ ᠪᠡᠷᠬᠡᠰᠢᠶᠡᠯ ᠠᠴᠠ ᠠᠶᠤᠬᠤ ᠦᠭᠡᠢ ᠂ ᠠᠶᠤᠯ ᠲᠦᠭᠰᠢᠭᠦᠷᠢ ᠠᠴᠠ ᠠᠶᠤᠬᠤ ᠦᠭᠡᠢ ᠂ ᠵᠣᠷᠢᠭᠲᠠᠢ ᠲᠡᠮᠡᠴᠡᠵᠦ ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠵᠣᠷᠢᠭ ᠰᠠᠨᠠᠭ᠎ᠠ ᠶᠢ ᠶᠠᠷᠢᠭᠰᠠᠨ ᠶᠤᠮ ᠂ ᠮᠠᠨ ᠤ ᠳᠤᠮᠳᠠᠳᠤᠴᠤᠳ ᠶᠠᠮᠠᠷ ᠴᠤ ᠬᠦᠴᠢᠷ ᠪᠡᠷᠬᠡᠰᠢᠶᠡᠯ ᠳᠤ ᠳᠠᠷᠤᠭᠳᠠᠬᠤ ᠦᠭᠡᠢ ᠶᠤᠮ ᠃      ᠣᠶᠢᠷ᠎ᠠ ᠶᠢᠨ ᠬᠤᠶᠠᠷ ᠰᠠᠷ᠎ᠠ ᠭᠠᠷᠤᠢ ᠶᠢᠨ ᠪᠠᠶᠢᠳᠠᠯ ᠠᠴᠠ ᠦᠵᠡᠪᠡᠯ ᠂ ᠮᠠᠨ ᠤ ᠤᠯᠤᠰ ᠤᠨ ᠠᠵᠤ ᠠᠬᠤᠢ ᠶᠢᠨ ᠠᠵᠢᠯᠯᠠᠭᠠᠨ ᠳᠤ ᠲᠣᠭᠲᠠᠪᠤᠷᠢᠵᠢᠨ ᠳᠡᠭᠡᠭᠰᠢᠯᠡᠬᠦ ᠪᠠᠶᠢᠳᠠᠯ ᠭᠠᠷᠴᠤ ᠂ ᠵᠠᠷᠢᠮ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠴᠤ ᠡᠨᠡ ᠵᠢᠯ ᠤᠨ ᠳᠤᠮᠳᠠᠳᠤ ᠤᠯᠤᠰ ᠤᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢᠨ ᠲᠤᠬᠠᠢ ᠵᠢᠱᠢᠯᠲᠡ ᠪᠠᠨ ᠳᠡᠭᠡᠭᠰᠢᠯᠡᠭᠦᠯᠦᠭᠰᠡᠨ ᠪᠠᠶᠢᠨ᠎ᠠ ᠃ ᠳᠤᠮᠳᠠᠳᠤ ᠤᠯᠤᠰ ᠤᠨ ᠠᠵᠤ ᠠᠬᠤᠢ ᠶᠢᠨ ᠢᠷᠡᠭᠡᠳᠦᠢ ᠶᠢᠨ ᠲᠤᠬᠠᠢ ᠪᠢ ︽ ᠰᠠᠯᠬᠢᠨ ᠬᠦᠯᠦᠭᠯᠡᠨ ᠳᠠᠪᠠᠯᠭᠠᠨ ᠢ ᠵᠦᠰᠦᠵᠦ ᠂ ᠰᠠᠷᠠᠭᠤᠯ ᠢᠷᠡᠭᠡᠳᠦᠢ ᠲᠠᠢ ︾ ᠭᠡᠵᠦ ᠬᠡᠳᠦᠬᠡᠨ ᠦᠭᠡ ᠪᠠᠷ ᠬᠤᠷᠢᠶᠠᠩᠭᠤᠶᠢᠯᠠᠶ᠎ᠠ ᠃ ᠡᠭᠦᠨ ᠳᠤ ᠪᠢ ᠢᠲᠡᠭᠡᠯ ᠳᠦᠭᠦᠷᠡᠩ ᠪᠠᠶᠢᠨ᠎ᠠ ᠃      ᠰᠢᠶᠠᠩᠭᠠᠩ ᠤᠨ ᠹᠧᠩ ᠬᠤᠸᠠᠩ ᠣᠳᠣᠨ ᠲᠧᠯᠸᠢᠰ ᠂ ᠹᠧᠩ ᠬᠤᠸᠠᠩ ᠰᠦᠯᠵᠢᠶ᠎ᠡ ᠶᠢᠨ ᠰᠤᠷᠪᠤᠯᠵᠢᠯᠠᠬᠴᠢ ᠄ ᠡᠨᠡ ᠬᠡᠳᠦᠨ ᠵᠢᠯ ᠂ ᠰᠢᠶᠠᠩᠭᠠᠩ ᠰᠠᠮᠠᠭᠤᠷᠠᠯ ᠠᠴᠠ ᠵᠠᠰᠠᠯᠲᠠ ᠳᠤ ᠰᠢᠯᠵᠢᠭᠦ ᠦᠨᠳᠦᠰᠦᠨ ᠴᠢᠨᠠᠷᠲᠠᠢ ᠡᠷᠭᠢᠯᠲᠡ ᠶᠢ ᠪᠡᠶᠡᠯᠡᠭᠦᠯᠪᠡ ᠃ ᠰᠢᠶᠠᠩᠭᠠᠩ ᠲᠣᠭᠲᠠᠭᠤᠨ ᠪᠣᠯᠣᠯ᠎ᠠ ᠂ ᠬᠥᠭᠵᠢᠯᠲᠡ ᠶᠢᠨ ᠠᠰᠠᠭᠤᠳᠠᠯ ᠪᠠᠰᠠ ᠨᠢᠳᠦᠨ ᠡᠮᠦᠨ᠎ᠡ ᠳᠡᠯᠭᠡᠭᠳᠡᠯ᠎ᠡ ᠃ ᠳᠡᠯᠡᠬᠡᠢ ᠶᠢᠨ ᠤᠯᠤᠰ ᠲᠦᠷᠤ ᠠᠵᠤ ᠠᠬᠤᠢ ᠶᠢᠨ ᠪᠠᠶᠢᠳᠠᠯ ᠪᠣᠯᠣᠨ ᠣᠷᠴᠢᠨ ᠨᠥᠬᠦᠴᠡᠯ ᠤᠨ ᠬᠤᠪᠢᠷᠠᠯᠲᠠ ᠶᠢ ᠳᠠᠭᠠᠯᠳᠤᠨ ᠤᠳᠦ ᠶᠢᠨ ᠰᠢᠶᠠᠩᠭᠠᠩ ᠣᠣᠮᠧᠨ ᠤ ᠥᠷᠢᠰᠦᠯᠳᠦᠬᠦ ᠬᠦᠴᠦᠨ ᠰᠤᠯᠠᠷᠠᠵᠠᠢ ᠭᠡᠵᠦ ᠵᠠᠷᠢᠮ ᠰᠢᠭᠦᠮᠵᠢ ᠳᠤ ᠭᠠᠷᠴᠤ ᠪᠠᠶᠢᠨ᠎ᠠ ᠃ ᠲᠡᠭᠡᠪᠡᠯ ᠂ ᠲᠠ ᠰᠢᠶᠠᠩᠭᠠᠩ ᠣᠣᠮᠧᠨ ᠤ ᠢᠷᠡᠭᠡᠳᠦᠢ ᠶᠢᠨ ᠬᠥᠭᠵᠢᠯᠲᠡ ᠶᠢᠨ ᠢᠷᠡᠭᠡᠳᠦᠢ ᠶᠢ ᠬᠡᠷᠬᠢᠨ ᠦᠵᠡᠵᠦ ᠪᠠᠶᠢᠬᠤ ᠪᠤᠶ ︖ ᠲᠥᠪ ᠤᠨ ᠵᠠᠰᠠᠭ ᠤᠨ ᠣᠷᠳᠣᠨ ᠲᠠᠷᠠᠭᠠᠴᠢ ᠶᠢᠨ ᠠᠯᠬᠤᠮ ᠳᠤ ᠪᠠᠰᠠ ᠶᠠᠮᠠᠷ ᠶᠠᠮᠠᠷ ᠠᠷᠭ᠎ᠠ ᠬᠡᠮᠵᠢᠶ᠎ᠡ ᠪᠠᠷ ᠰᠢᠶᠠᠩᠭᠠᠩ ᠣᠣᠮᠧᠨ ᠤ ᠥᠪᠡᠷ ᠤᠨ ᠳᠠᠪᠠᠭᠤᠯᠢᠭ ᠪᠣᠯᠣᠨ ᠣᠨᠴᠠᠯᠢᠭ ᠢᠶᠠᠨ ᠪᠠᠳᠠᠷᠠᠭᠤᠯᠬᠤ ᠶᠢ ᠳᠡᠮᠵᠢᠵᠦ ᠂ ᠨᠠᠩ ᠰᠠᠶᠢᠨ ᠬᠥᠭᠵᠢᠯᠲᠡ ᠶᠢ ᠪᠡᠶᠡᠯᠡᠭᠦᠯᠬᠦ ᠪᠤᠶ ︖      ᠯᠢ ᠴᠢᠶᠠᠩ ᠄ ᠲᠥᠪ ᠤᠨ ᠵᠠᠰᠠᠭ ᠤᠨ ᠣᠷᠳᠣᠨ ᠰᠢᠶᠠᠩᠭᠠᠩ ᠂ ᠣᠣᠮᠧᠨ ᠤ ᠳᠠᠪᠠᠭᠤᠯᠢᠭ ᠪᠠ ᠣᠨᠴᠠᠯᠢᠭ ᠢ ᠪᠠᠳᠠᠷᠠᠭᠤᠯᠬᠤ ᠶᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠪᠡ ᠃ ᠡᠬᠡ ᠤᠯᠤᠰ ᠲᠠᠭᠠᠨ ᠪᠤᠴᠠᠵᠤ ᠢᠷᠡᠭᠰᠡᠨ ᠠᠴᠠ ᠨᠠᠭᠠᠰᠢ ᠂ ᠤᠯᠤᠰ ᠤᠨ ᠳᠡᠮᠵᠢᠯᠭᠡ ᠳᠣᠣᠷ᠎ᠠ ᠂ ᠰᠢᠶᠠᠩᠭᠠᠩ ᠤᠨ ᠤᠯᠠᠨ ᠤᠯᠤᠰ ᠤᠨ ᠮᠥᠩᠭᠦᠨ ᠭᠦᠢᠯᠭᠡᠭᠡ ᠂ ᠤᠰᠤᠨ ᠵᠠᠮ ᠤᠨ ᠲᠡᠭᠡᠭᠡᠪᠦᠷᠢ ᠂ ᠠᠷᠠᠯᠵᠢᠶ᠎ᠠ ᠶᠢᠨ ᠭᠤᠷᠪᠠᠨ ᠶᠡᠭᠡ ᠲᠥᠪ ᠪᠤᠯᠬᠤ ᠪᠠᠶᠢᠷᠢ ᠰᠠᠭᠤᠷᠢ ᠨᠢ ᠪᠠᠬᠢᠵᠢᠨ ᠳᠡᠭᠡᠭᠰᠢᠯᠡᠵᠦ ᠂ ᠣᠣᠮᠧᠨ ᠨᠢ ᠵᠢᠭᠤᠯᠴᠢᠯᠠᠯ ᠰᠡᠯᠡᠭᠦᠴᠡᠯ ᠤᠨ ᠲᠥᠪ ᠪᠣᠯᠤᠭᠰᠠᠨ ᠤ ᠬᠤᠪᠢ ᠳᠤ ᠳᠡᠯᠡᠬᠡᠢ ᠳᠤ ᠨᠡᠷ᠎ᠡ ᠠᠯᠳᠠᠷᠰᠢᠭᠰᠠᠨ ᠶᠤᠮ ᠃      ᠣᠶᠢᠷ᠎ᠠ ᠶᠢᠨ ᠵᠢᠯ ᠤᠳ ᠲᠤ ᠡᠯ᠎ᠡ ᠵᠦᠢᠯ ᠤᠨ ᠬᠦᠴᠦᠨ ᠵᠦᠢᠯ ᠤᠨ ᠨᠥᠯᠥᠭᠡ ᠠᠴᠠ ᠪᠣᠯᠵᠤ ᠰᠢᠶᠠᠩᠭᠠᠩ ᠂ ᠣᠣᠮᠧᠨ ᠤ ᠠᠵᠤ ᠠᠬᠤᠢ ᠶᠢᠨ ᠬᠥᠭᠵᠢᠯᠲᠡ ᠡᠳᠦᠢ ᠲᠡᠳᠦᠢ ᠬᠦᠴᠢᠷᠳᠡᠯ ᠳᠤ ᠲᠤᠯᠭᠠᠷᠠᠭᠰᠠᠨ ᠪᠤᠯᠪᠠᠴᠤ ᠡᠨᠡ ᠪᠣᠯ ᠲᠦᠷ ᠴᠠᠭ ᠤᠨ ᠬᠦᠴᠢᠷᠳᠡᠯ ᠂ ᠬᠥᠭᠵᠢᠯᠲᠡ ᠶᠢᠨ ᠳᠤᠮᠳᠠᠬᠢ ᠬᠦᠴᠢᠷᠳᠡᠯ ᠮᠥᠨ ᠃ ᠲᠥᠪ ᠤᠨ ᠵᠠᠰᠠᠭ ᠤᠨ ᠣᠷᠳᠣᠨ ︽ ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ ︾ ᠴᠢᠭᠯᠡᠯᠲᠡ ᠶᠢ ᠪᠦᠭᠦ ᠲᠠᠯ᠎ᠠ ᠪᠠᠷ ᠵᠥᠪ ᠣᠨᠣᠪᠴᠢᠲᠠᠢ ᠂ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ ᠂ ᠰᠢᠶᠠᠩᠭᠠᠩ ᠂ ᠣᠣᠮᠧᠨ ᠤ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠯᠴᠠᠬᠤ ᠶᠢ ᠪᠦᠭᠦ ᠬᠦᠴᠦ ᠪᠠᠷ ᠢᠶᠠᠨ ᠳᠡᠮᠵᠢᠵᠦ ᠂ ᠰᠢᠶᠠᠩᠭᠠᠩ ᠂ ᠣᠣᠮᠧᠨ ᠤ ᠠᠵᠤ ᠠᠬᠤᠢ ᠪᠠᠨ ᠬᠥᠭᠵᠢᠭᠦᠯᠬᠦ ᠂ ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ ᠶᠢ ᠪᠦᠭᠦ ᠬᠦᠴᠦ ᠪᠠᠷ ᠢᠶᠠᠨ ᠳᠡᠮᠵᠢᠵᠦ ᠂ ᠰᠢᠶᠠᠩᠭᠠᠩ ᠂ ᠣᠣᠮᠧᠨ ᠤ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠭᠦ ᠶᠢ ᠪᠦᠭᠦ ᠬᠦᠴᠦ ᠪᠠᠷ ᠢᠶᠠᠨ ᠳᠡᠮᠵᠢᠨ᠎ᠡ ᠃ ᠡᠬᠡ ᠤᠯᠤᠰ ᠤᠨ ᠪᠠᠲᠤ ᠴᠢᠩᠭ᠎ᠠ ᠥᠮᠥᠭ ᠲᠦᠰᠢᠭ ᠲᠠᠢ ᠂ ︽ ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ ︾ ᠪᠠᠶᠢᠭᠤᠯᠤᠯ ᠤᠨ ᠪᠠᠲᠤᠯᠠᠭ᠎ᠠ ᠲᠠᠢ ᠠᠴᠠ ᠰᠢᠶᠠᠩᠭᠠᠩ ᠂ ᠣᠣᠮᠧᠨ ᠤ ᠪᠠᠶᠢᠷᠢ ᠰᠠᠭᠤᠷᠢ ᠪᠠ ᠦᠢᠯᠡᠳᠦᠯ ᠴᠢᠩᠭᠠᠷᠠᠬᠤ ᠠᠴᠠ ᠪᠢᠰᠢ ᠰᠤᠯᠠᠷᠠᠬᠤ ᠦᠭᠡᠢ ᠶᠤᠮ ᠃ ᠰᠢᠶᠠᠩᠭᠠᠩ ᠂ ᠣᠣᠮᠧᠨ ᠤ ᠮᠠᠷᠭᠠᠰᠢ ᠯᠠᠪᠲᠠᠢ ᠨᠡᠩ ᠰᠠᠶᠢᠨ ᠰᠠᠶᠢᠬᠠᠨ ᠪᠤᠯᠬᠤ ᠶᠤᠮ ︕      ᠰᠢᠩᠭᠠᠫᠤᠷ ᠤᠨ ᠬᠤᠯᠪᠣᠭᠠᠲᠤ ᠥᠷᠯᠥᠭᠡ ᠶᠢᠨ ᠰᠣᠨᠢᠨ ᠤ ᠰᠤᠷᠪᠤᠯᠵᠢᠯᠠᠬᠴᠢ ᠄ ᠲᠠ ᠥᠩᠭᠡᠷᠡᠭᠰᠡᠨ ᠳᠤ ᠸᠧᠨᠵᠸᠤ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠠᠶᠢᠪᠠ ᠂ ᠸᠧᠨᠵᠸᠤ ᠬᠤᠳᠠ ᠵᠢᠴᠢ ᠲᠠᠨ ᠤ ᠲᠤᠰᠢᠶᠠᠯ ᠬᠠᠷᠢᠭᠤᠴᠠᠵᠤ ᠪᠠᠶᠢᠭᠰᠠᠨ ᠵᠧᠵᠢᠶᠠᠩ ᠂ ᠵᠢᠶᠠᠩᠰᠤ ᠵᠢᠴᠢ ᠱᠠᠩᠬᠠᠢ ᠨᠢ ᠪᠦᠷ ᠳᠤᠮᠳᠠᠳᠤ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠮᠠᠰᠢ ᠬᠥᠭᠵᠢᠭᠰᠡᠨ ᠭᠠᠵᠠᠷ ᠪᠣᠯᠣᠨ᠎ᠠ ᠂ ᠲᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠲᠤᠬᠠᠢ ᠮᠠᠰᠢ ᠭᠦᠨᠵᠡᠭᠡᠢ ᠣᠶᠢᠯᠠᠭᠠᠯᠲᠠ ᠲᠠᠢ ᠪᠠᠶᠢᠳᠠᠭ ᠃ ᠲᠠᠨ ᠤ ᠦᠵᠡᠬᠦ ᠪᠠᠷ ᠳᠤᠮᠳᠠᠳᠤ ᠤᠯᠤᠰ ᠪᠠᠰᠠ ᠶᠠᠮᠠᠷ ᠠᠷᠭ᠎ᠠ ᠬᠡᠮᠵᠢᠶ᠎ᠡ ᠠᠪᠴᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠢᠲᠡᠭᠡᠯ ᠵᠣᠷᠢᠭ ᠢ ᠬᠥᠪᠴᠢᠯᠡᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠭᠦ ᠪᠤᠶ ︖ ᠪᠠᠰᠠ ᠠᠯᠢ ᠠᠯᠢ ᠲᠠᠯ᠎ᠠ ᠪᠠᠷ ᠬᠢᠭᠰᠡᠨ ᠨᠢ ᠭᠦᠢᠴᠡᠳ ᠦᠭᠡᠢ ᠪᠤᠢ ᠂ ᠨᠥᠬᠦᠪᠦᠷᠢᠯᠡᠬᠦ ᠴᠢᠬᠤᠯᠠ ᠲᠠᠢ ᠪᠤᠢ ︖      ᠯᠢ ᠴᠢᠶᠠᠩ ᠄ ᠲᠤᠰ ᠤᠳᠠᠭ᠎ᠠ ᠶᠢᠨ ᠬᠤᠶᠠᠷ ᠬᠤᠷᠠᠯ ᠤᠨ ᠬᠤᠭᠤᠴᠠᠭᠠᠨ ᠳᠤ ᠂ ᠶᠡᠷᠦᠩᠬᠡᠢ ᠱᠦᠵᠢ ᠰᠢ ᠶᠢᠨ ᠫᠢᠩ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠡᠷᠭᠢᠨ ᠦᠵᠡᠬᠦ ᠳᠡᠭᠡᠨ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠭᠦᠭᠵᠢᠭᠦ ᠂ ᠴᠢᠨᠠᠷ ᠰᠠᠶᠢᠲᠠᠢ ᠭᠦᠭᠵᠢᠭᠦ ᠲᠤᠬᠠᠢ ᠭᠦᠨᠵᠡᠭᠡᠢ ᠲᠣᠳᠣᠷᠬᠠᠶᠢᠯᠠᠨ ᠥᠭᠦᠯᠡᠵᠦ ᠂ ᠬᠠᠯᠠᠭᠤᠨ ᠲᠤᠰᠬᠠᠯ ᠭᠠᠷᠪᠠ ᠃ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠲᠤᠶᠢᠯ ᠢᠶᠠᠷ ᠤᠷᠮᠠᠰᠢᠨ ᠵᠣᠷᠢᠭᠵᠢᠵᠤ ᠂ ᠬᠥᠭᠰᠡᠨ ᠲᠤᠬᠳᠤᠯᠤᠬᠰᠠᠨ ᠢ ᠲᠠ ᠪᠦᠭᠦᠳᠡᠭᠡᠷ ᠯᠠᠪ ᠣᠯᠵᠤ ᠠᠩᠬᠠᠷᠤᠭᠰᠠᠨ ᠪᠠᠶᠢᠬᠤ ᠠ᠋ ᠃      ᠪᠢ ᠠᠷᠠᠳ ᠤᠨ ᠡᠵᠡᠩᠨᠡᠯᠲᠡ ᠶᠢᠨ ᠠᠵᠤ ᠠᠬᠤᠢ ᠨᠡᠯᠢᠶᠡᠳ ᠬᠥᠭᠵᠢᠭᠰᠡᠨ ᠭᠠᠵᠠᠷ ᠣᠷᠣᠨ ᠳᠤ ᠤᠷᠳᠤ ᠬᠤᠭᠤᠴᠠᠭ᠎ᠠ ᠪᠠᠷ ᠠᠵᠢᠯᠯᠠᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠲᠠᠢ ᠰᠠᠨᠠᠯ ᠢᠶᠠᠨ ᠰᠣᠯᠢᠯᠴᠠᠬᠤ ᠲᠣᠭᠢᠶᠠᠯ ᠦᠷᠭᠦᠯᠵᠢ ᠭᠠᠷᠳᠠᠭ ᠂ ᠲᠡᠳᠡᠨ ᠤ ᠬᠥᠭᠵᠢᠯᠲᠡ ᠶᠢᠨ ᠶᠠᠪᠤᠴᠠ ᠳᠠᠬᠢ ᠬᠦᠰᠡᠯ ᠡᠷᠡᠮᠡᠯᠵᠡᠯ ᠪᠣᠯᠣᠨ ᠡᠷᠡᠭᠡᠯᠵᠡᠯ ᠢ ᠨᠡᠯᠢᠶᠡᠳ ᠣᠶᠢᠯᠠᠭᠠᠯ᠎ᠠ ᠃ ᠠᠳᠡ ᠪᠢ ᠭᠤᠣᠯᠳᠠᠭᠤ ᠡᠶᠢᠮᠦ ᠬᠡᠳᠦᠨ ᠳᠠᠪᠬᠤᠷᠭ᠎ᠠ ᠶᠢᠨ ᠤᠳᠬ᠎ᠠ ᠰᠠᠨᠠᠭ᠎ᠠ ᠶᠢ ᠢᠯᠡᠳᠬᠡᠶ᠎ᠡ ᠄      ᠨᠢᠭᠡᠳᠦᠭᠡᠷ ᠲᠤ ᠂ ︽ ᠬᠤᠶᠠᠷ ᠡᠷᠡᠰ ᠭᠤᠶᠢᠪᠢᠰᠢ ᠦᠭᠡᠢ ᠪᠠᠶᠢᠬᠤ ︾ ᠪᠣᠯ ᠮᠠᠨ ᠤ ᠤᠯᠤᠰ ᠤᠨ ᠠᠵᠤ ᠠᠬᠤᠢ ᠶᠢᠨ ᠦᠨᠳᠦᠰᠦᠨ ᠪᠠᠶᠢᠭᠤᠯᠤᠯ ᠤᠨ ᠴᠢᠬᠤᠯᠠ ᠠᠭᠤᠯᠭ᠎ᠠ ᠂ ᠤᠷᠳᠤ ᠬᠤᠭᠤᠴᠠᠭᠠᠨ ᠤ ᠠᠷᠭ᠎ᠠ ᠪᠣᠳᠣᠯᠭ᠎ᠠ ᠮᠥᠨ ᠂ ᠥᠩᠭᠡᠷᠡᠭᠰᠡᠨ ᠳᠤ ᠬᠤᠪᠢᠷᠠᠭᠰᠠᠨ ᠦᠭᠡᠢ ᠂ ᠬᠤᠶᠢᠰᠢᠳᠠ ᠨᠡᠩ ᠴᠤ ᠬᠤᠪᠢᠷᠠᠬᠤ ᠦᠭᠡᠢ ᠶᠤᠮ ᠃ ᠦᠨᠡᠬᠡᠷ ᠂ ᠨᠢᠳᠤᠨᠤᠨ ᠨᠢᠭᠡ ᠬᠡᠰᠡᠭ ᠬᠤᠭᠤᠴᠠᠭᠠᠨ ᠳᠤ ᠂ ᠨᠡᠶᠢᠭᠡᠮ ᠳᠡᠭᠡᠷ᠎ᠡ ᠵᠠᠷᠢᠮ ᠵᠥᠪ ᠪᠤᠰᠤ ᠶᠠᠷᠢᠶ᠎ᠠ ᠬᠡᠯᠡᠯᠴᠡᠭᠡ ᠭᠠᠷᠴᠤ ᠂ ᠵᠠᠷᠢᠮ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠰᠠᠨᠠᠭᠠᠰᠢᠷᠠᠭᠤᠯᠵᠤ ᠪᠠᠶᠢᠪᠠ ᠃ ᠦᠨᠡᠨ ᠳᠡᠭᠡᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠬᠥᠭᠵᠢᠭᠦᠯᠬᠦ ᠠᠰᠠᠭᠤᠳᠠᠯ ᠳᠡᠭᠡᠷ᠎ᠡ ᠂ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠡᠷᠦ ᠨᠢ ᠮᠠᠰᠢ ᠲᠣᠳᠣᠷᠬᠠᠢ ᠶᠤᠮ ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠂ ᠬᠤᠷᠢᠳᠤᠭᠠᠷ ᠶᠡᠭᠡ ᠬᠤᠷᠠᠯ ᠪᠣᠯᠣᠨ ᠨᠢᠳᠤᠨᠤᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠴᠥᠮ ᠴᠢᠬᠤᠯᠠᠴᠢᠯᠠᠭᠰᠠᠨ ᠪᠠᠶᠢᠨ᠎ᠠ ᠃ ᠡᠭᠦᠨ ᠳᠤ ᠪᠢᠳᠡ ᠲᠤᠭ ᠲᠡᠮᠳᠡᠭ ᠲᠣᠳᠣᠷᠬᠠᠢ ᠂ ᠡᠷᠡᠰ ᠭᠤᠶᠢᠪᠢᠰᠢ ᠦᠭᠡᠢ ᠶᠤᠮ ᠃      ᠬᠤᠶᠠᠳᠤᠭᠠᠷ ᠲᠤ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠤᠯᠠᠮ ᠠᠴᠠ ᠤᠯᠠᠮ ᠰᠠᠶᠢᠵᠢᠷᠠᠵᠤ ᠂ ᠬᠥᠭᠵᠢᠯᠲᠡ ᠶᠢᠨ ᠣᠷᠣᠨ ᠵᠠᠢ ᠤᠯᠠᠮ ᠠᠴᠠ ᠤᠯᠠᠮ ᠶᠡᠭᠡᠳᠭᠦ ᠪᠣᠯᠣᠨ᠎ᠠ ᠃ ᠪᠢᠳᠡ ᠰᠢᠨ᠎ᠡ ᠭᠠᠷᠤᠭ᠎ᠠ ᠠᠴᠠ ᠵᠠᠬ᠎ᠠ ᠳᠡᠯᠭᠡᠭᠦᠷᠴᠢᠯᠡᠭᠰᠡᠨ ᠂ ᠬᠠᠤᠯᠢᠵᠢᠭᠰᠠᠨ ᠂ ᠳᠡᠯᠡᠬᠡᠶᠢᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠶᠡᠭᠡ ᠪᠠᠷ ᠪᠤᠢ ᠪᠤᠯᠭᠠᠵᠤ ᠂ ᠡᠯ᠎ᠡ ᠲᠦᠷᠦᠯ ᠤᠨ ᠥᠮᠴᠢᠯᠡᠯ ᠤᠨ ᠠᠵᠤ ᠠᠬᠤᠶᠢᠯᠠᠯ ᠳᠤ ᠡᠷᠬᠡ ᠲᠡᠭᠰᠢ ᠪᠠᠷ ᠬᠠᠨᠳᠤᠵᠤ ᠂ ᠠᠵᠤ ᠠᠬᠤᠶᠢᠯᠠᠯ ᠤᠨ ᠥᠮᠴᠢᠯᠡᠯ ᠤᠨ ᠡᠷᠬᠡ ᠪᠣᠯᠣᠨ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠡᠷᠬᠡ ᠲᠡᠭᠰᠢ ᠪᠠᠷ ᠥᠷᠢᠰᠦᠯᠳᠦᠬᠦ ᠶᠢ ᠠᠬᠢᠭᠤᠯᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠳᠡᠮᠵᠢᠨ᠎ᠠ ᠃ ᠬᠥᠭᠵᠢᠯᠲᠡ ᠶᠢᠨ ᠣᠷᠣᠨ ᠵᠠᠢ ᠠᠴᠠ ᠦᠵᠡᠪᠡᠯ ᠂ ᠳᠤᠮᠳᠠᠳᠤ ᠤᠯᠤᠰ ᠭᠡᠳᠤ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠬᠡᠷᠡᠭᠴᠡᠭᠡ ᠲᠠᠢ ᠂ ᠪᠠᠰᠠ ᠮᠠᠰᠢ ᠤᠯᠠᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠨᠡᠭᠡᠭᠡᠬᠦ ᠴᠢᠬᠤᠯᠠ ᠲᠠᠢ ᠪᠠᠶᠢᠵᠤ ᠂ ᠴᠥᠮ ᠯᠤᠲᠤ ᠶᠡᠭᠡ ᠬᠥᠭᠵᠢᠯᠲᠡ ᠶᠢᠨ ᠠᠵᠠ ᠲᠣᠭᠢᠶᠠᠯ ᠬᠠᠳᠠᠭᠠᠯᠠᠭᠳᠠᠵᠤ ᠪᠠᠶᠢᠨ᠎ᠠ ᠃ ᠠᠷᠠᠳ ᠤᠨ ᠡᠵᠡᠩᠨᠡᠯᠲᠡ ᠶᠢᠨ ᠠᠵᠤ ᠠᠬᠤᠢ ᠯᠠᠪᠲᠠᠢ ᠶᠡᠭᠡ ᠵᠢᠳᠬᠦᠯ ᠴᠢᠷᠮᠠᠶᠢᠯᠭ᠎ᠠ ᠭᠠᠷᠭᠠᠵᠤ ᠪᠣᠯᠣᠨ᠎ᠠ ᠃      ᠭᠤᠷᠪᠠᠳᠤᠭᠠᠷ ᠲᠤ ᠂ ᠴᠠᠭ ᠦᠶ᠎ᠡ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠤᠨ ᠰᠢᠨ᠎ᠡ ᠦᠢᠯᠡᠰ ᠪᠣᠰᠬᠠᠭᠰᠠᠨ ᠲᠡᠦᠬᠡ ᠪᠠᠨ ᠪᠢᠴᠢᠭᠯᠡᠬᠦ ᠶᠢ ᠤᠷᠢᠶᠠᠯᠠᠵᠤ ᠪᠠᠶᠢᠨ᠎ᠠ ᠃ ᠡᠨᠡ ᠨᠢ ᠪᠠᠰᠠ ᠮᠢᠨᠤ ᠭᠡᠯᠡᠭᠦ ᠭᠡᠰᠡᠨ ᠨᠢᠭᠡ ᠵᠦᠢᠯ ᠮᠥᠨ ᠃ ᠠᠵᠤ ᠠᠬᠤᠢ ᠶᠢᠨ ᠬᠥᠭᠵᠢᠯᠲᠡ ᠨᠢ ᠪᠤᠰᠤᠳᠴᠢ ᠵᠢᠮ᠎ᠡ ᠶᠣᠰᠣ ᠲᠠᠢ ᠪᠠᠶᠢᠳᠠᠭ ᠪᠥᠭᠡᠳ ᠪᠠᠰᠠ ᠪᠤᠰᠤᠳᠴᠢ ᠨᠥᠬᠦᠴᠡᠯ ᠳᠤ ᠲᠦᠰᠢᠭᠯᠡᠳᠡᠭ ᠂ ᠭᠡᠬᠦ ᠳᠤ ᠮᠠᠰᠢ ᠴᠢᠩᠭ᠎ᠠ ᠪᠡᠶᠡᠴᠢ ᠴᠢᠳᠠᠮᠠᠭᠠᠢ ᠴᠢᠨᠠᠷ ᠢ ᠨᠡᠩ ᠢᠯᠡᠭᠦᠦ ᠱᠠᠭᠠᠷᠳᠠᠳᠠᠭ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠰᠢᠯᠢᠳᠡᠭ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠂ ᠢᠲᠡᠭᠡᠯ ᠵᠣᠷᠢᠭ ᠢᠶᠠᠨ ᠪᠠᠲᠤᠳᠬᠠᠨ ᠠᠶᠠᠨ ᠳᠠᠭᠠᠨ ᠲᠠᠭᠢᠨ ᠮᠣᠷᠳᠠᠬᠤ ᠶᠢ ᠬᠦᠰᠡᠵᠦ ᠪᠠᠶᠢᠨ᠎ᠠ ᠃ ᠠᠳᠡ ᠭᠦᠷᠲᠡᠯ᠎ᠡ ᠶᠠᠷᠢᠬᠤ ᠳᠤ ᠪᠢ ᠲᠤᠬᠠᠢ ᠶᠢᠨ ᠵᠢᠯ ᠳᠤ ᠵᠢᠶᠠᠩᠰᠤ ᠵᠧᠵᠢᠶᠠᠩ ᠵᠡᠷᠭᠡ ᠭᠠᠵᠠᠷ ᠤᠨ ᠬᠤᠪᠢ ᠶᠢᠨ ᠡᠵᠡᠩᠨᠡᠯᠲᠡ ᠶᠢᠨ ᠠᠵᠤ ᠠᠬᠤᠢ ᠶᠢ ᠬᠥᠭᠵᠢᠭᠦᠯᠬᠦ ᠂ ᠰᠢᠶᠠᠩ ᠪᠠᠯᠭᠠᠰᠤᠨ ᠤ ᠠᠵᠤ ᠠᠬᠤᠶᠢᠯᠠᠯ ᠢ ᠬᠥᠭᠵᠢᠭᠦᠯᠬᠦ ᠦᠶ᠎ᠡ ᠳᠤ ᠡᠭᠦᠳᠦᠭᠰᠡᠨ ︽ ᠲᠦᠷᠪᠡᠨ ᠮᠢᠩᠭ᠎ᠠ ︾  ᠶᠢᠨ ᠵᠣᠷᠢᠭ ᠰᠠᠨᠠᠭ᠎ᠠ ᠶᠢ ᠥᠪᠡᠷ ᠤᠨ ᠡᠷᠬᠡ ᠦᠭᠡᠢ ᠪᠤᠳᠤᠵᠤ ᠣᠯᠣᠯ᠎ᠠ ᠂ ᠲᠡᠷᠡ ᠨᠢ ᠳᠠᠷᠤᠢ ᠄ ᠮᠢᠩᠭᠠᠨ ᠪᠡᠷᠬᠡ ᠲᠦᠮᠡᠨ ᠪᠠᠷᠳᠠᠭ᠎ᠠ ᠶᠢ ᠲᠤᠭᠤᠯᠵᠤ ᠂ ᠲᠦᠮᠡ ᠮᠢᠩᠭᠠᠨ ᠦᠭᠡ ᠶᠠᠷᠢᠵᠤ ᠂ ᠡᠯᠳᠡᠪ ᠠᠷᠭ᠎ᠠ ᠪᠦᠭᠦᠨ ᠢ ᠰᠦᠪᠡᠭᠴᠢᠯᠡᠵᠦ ᠂ ᠲᠣᠭᠠᠯᠠᠰᠢ ᠦᠭᠡᠢ ᠬᠦᠴᠢᠷ ᠪᠡᠷᠬᠡᠰᠢᠶᠡᠯ ᠢ ᠠᠮᠰᠠᠬᠤ ᠭᠡᠳᠡᠭ ᠢ ᠥᠪᠡᠷ ᠤᠨ ᠡᠷᠬᠡ ᠦᠭᠡᠢ ᠪᠤᠳᠤᠵᠤ ᠣᠯᠵᠠᠢ ᠃ ᠬᠡᠳᠦᠶᠢᠪᠡᠷ ᠤᠳᠤ ᠶᠢᠨ ᠦᠢᠯᠡᠰ ᠪᠣᠰᠬᠠᠬᠤ ᠵᠠᠭᠪᠤᠷ ᠂ ᠭᠡᠯᠪᠡᠷᠢ ᠪᠠᠶᠢᠳᠠᠯ ᠳᠤ ᠮᠠᠰᠢ ᠶᠡᠭᠡ ᠬᠤᠪᠢᠷᠠᠯᠲᠠ ᠭᠠᠷᠤᠭᠰᠠᠨ ᠪᠤᠯᠪᠠᠴᠤ ᠲᠤᠬᠠᠢ ᠶᠢᠨ ᠦᠶ᠎ᠡ ᠶᠢᠨ ᠲᠡᠷᠡ ᠬᠦ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ ᠦᠢᠯᠡᠰ ᠪᠣᠰᠬᠠᠬᠤ ᠵᠣᠷᠢᠭ ᠰᠠᠨᠠᠭ᠎ᠠ ᠨᠢ ᠥᠨᠢ ᠡᠭᠦᠷᠢᠳᠡ ᠱᠠᠭᠠᠷᠳᠠᠭᠳᠠᠬᠤ ᠶᠤᠮ ᠃ ᠮᠠᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠦᠨᠡᠨ ᠰᠡᠳᠬᠢᠯ ᠠᠴᠠ ᠪᠠᠨ ᠬᠠᠯᠠᠮᠵᠢᠯᠠᠨ ᠲᠡᠭᠦᠨ ᠳᠤ ᠦᠢᠯᠡᠴᠢᠯᠡᠵᠦ ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠭᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠵᠤ ᠂ ᠪᠦᠭᠦ ᠨᠡᠶᠢᠭᠡᠮ ᠢ ᠲᠠᠶᠢᠴᠢᠯᠠᠨ ᠦᠢᠯᠡᠰ ᠪᠣᠰᠬᠠᠭᠴᠢ ᠶᠢ ᠬᠦᠨᠳᠦᠳᠬᠡᠬᠦ ᠂ ᠠᠵᠤ ᠠᠬᠤᠶᠢᠯᠠᠯᠲᠠᠨ ᠢ ᠬᠦᠨᠳᠦᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ ᠃ ᠰᠢᠨ᠎ᠡ ᠴᠠᠭ ᠦᠶ᠎ᠡ ᠰᠢᠨ᠎ᠡ ᠠᠶᠠᠨ ᠳᠤ ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠯᠠᠪᠲᠠᠢ ᠨᠡᠩ ᠭᠡᠷᠡᠯ ᠰᠠᠴᠤᠷᠠᠩᠭᠤᠢ ᠦᠢᠯᠡᠰ ᠪᠣᠰᠬᠠᠬᠤ ᠲᠡᠦᠬᠡ ᠶᠢ ᠪᠢᠴᠢᠭᠯᠡᠨ᠎ᠡ ᠭᠡᠳᠡᠭ ᠲᠤ ᠪᠢ ᠢᠲᠡᠭᠡᠵᠦ ᠪᠠᠶᠢᠨ᠎ᠠ ᠃      ᠫᠧᠩ ᠫᠠᠢ ᠰᠣᠨᠢᠨ ᠮᠡᠳᠡᠭᠡᠨ ᠤ ᠰᠤᠷᠪᠤᠯᠵᠢᠯᠠᠬᠴᠢ ᠄ ᠰᠦᠯᠵᠢᠶᠡᠨ ᠢᠷᠭᠡᠳ ᠠᠷᠠᠳ ᠤᠨ ᠠᠮᠢᠳᠤᠷᠠᠯ ᠤᠨ ᠵᠠᠷᠢᠮ ᠬᠠᠯᠠᠮᠰᠢᠯ ᠠᠰᠠᠭᠤᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ ᠪᠤᠢ ᠃ ᠡᠨᠡ ᠵᠢᠯ ᠮᠠᠨ ᠤ ᠤᠯᠤᠰ ᠤᠨ ᠠᠵᠢᠯ ᠣᠯᠭᠤᠯᠲᠠ ᠶᠢᠨ ᠪᠠᠶᠢᠳᠠᠯ ᠮᠥᠨ ᠯᠡ ᠬᠦᠨᠳᠦ ᠨᠣᠴᠢᠲᠠᠢ ᠪᠠᠶᠢᠨ᠎ᠠ ᠂ ᠲᠡᠭᠡᠪᠡᠯ ᠵᠠᠰᠠᠭ ᠤᠨ ᠣᠷᠳᠣᠨ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠪᠤᠶ ︖ ᠨᠢᠳᠤᠨᠤᠨ ᠳᠤᠮᠳᠠᠳᠤ ᠤᠯᠤᠰ ᠲᠤ ᠤᠯᠠᠨ ᠵᠢᠯ ᠳᠤ ᠪᠠᠶᠢᠭ᠎ᠠ ᠦᠭᠡᠢ ᠬᠥᠮᠥᠨ ᠠᠮᠠ ᠶᠢᠨ ᠰᠥᠭᠡᠷᠭᠦ ᠨᠡᠮᠡᠭᠳᠡᠯ ᠭᠠᠷᠤᠭᠰᠠᠨ ᠨᠢ ᠬᠥᠮᠥᠨ ᠠᠮᠠ ᠶᠢᠨ ᠴᠡᠪᠡᠷ ᠠᠰᠢᠭ ᠤᠳᠠᠯ ᠦᠭᠡᠢ ᠠᠷᠢᠯᠬᠤ ᠶᠢ ᠬᠠᠷᠠᠭᠤᠯᠵᠤ ᠪᠠᠶᠢᠨ᠎ᠠ ᠦᠦ ︖ ᠡᠨᠡ ᠵᠢᠯ ᠠᠵᠢᠯ ᠠᠴᠠ ᠪᠠᠨ ᠠᠮᠠᠷᠠᠬᠤ ᠶᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢ ᠨᠡᠶᠢᠲᠡᠯᠡᠵᠦ ᠮᠡᠳᠡᠨ᠎ᠠ ᠦᠦ ︖      ᠯᠢ ᠴᠢᠶᠠᠩ ᠄ ᠪᠢ ᠰᠦᠯᠵᠢᠶᠡᠨ ᠢᠷᠭᠡᠳ ᠤᠨ ᠠᠩᠬᠠᠷᠤᠯ ᠳᠤ ᠬᠠᠷᠢᠭᠤᠯᠲᠠ ᠥᠭᠭᠦ ᠳᠤᠷᠠᠲᠠᠢ ᠂ ᠵᠠᠪ ᠴᠢᠯᠦᠭᠡ ᠣᠯᠳᠠᠭᠰᠠᠭᠠᠷ ᠯᠡ ᠰᠦᠯᠵᠢᠶᠡᠨ ᠳᠤ ᠭᠠᠷᠴᠤ ᠂ ᠰᠦᠯᠵᠢᠶᠡᠨ ᠢᠷᠭᠡᠳ ᠤᠨ ᠶᠠᠭᠤ ᠶᠢ ᠠᠩᠬᠠᠷᠴᠤ ᠪᠠᠶᠢᠬᠤ ᠂ ᠶᠠᠮᠠᠷ ᠰᠠᠶᠢᠨ ᠰᠠᠨᠠᠯ ᠰᠠᠨᠠᠭᠤᠯᠭ᠎ᠠ ᠪᠠᠶᠢᠬᠤ ᠶᠢ ᠦᠵᠡᠳᠡᠭ ᠃      ᠦᠨᠡᠨ ᠳᠡᠭᠡᠨ ᠴᠢ ᠰᠠᠶ᠋ᠢᠬᠠᠨ ᠭᠤᠷᠪᠠᠨ ᠠᠰᠠᠭᠤᠯᠲᠠ ᠳᠤᠷᠠᠳᠪᠠ ᠃ ᠨᠢᠭᠡᠳᠦᠭᠡᠷ ᠠᠰᠠᠭᠤᠯᠳᠠ ᠭᠡᠪᠡᠯ ᠂ ᠠᠵᠢᠯ ᠣᠯᠭᠤᠯᠲᠠ ᠶᠢᠨ ᠠᠰᠠᠭᠤᠳᠠᠯ ᠃ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ ᠂ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠬᠦ ᠶᠢᠨ ᠬᠠᠮᠤᠭ ᠤᠨ ᠦᠨᠳᠦᠰᠦᠨ ᠨᠢᠭᠡ ᠵᠦᠢᠯ ᠪᠣᠯ ᠬᠠᠰᠢᠯᠠ ᠠᠵᠤ ᠠᠬᠤᠢ ᠶᠢ ᠬᠥᠭᠵᠢᠭᠦᠯᠬᠦ ᠳᠤ ᠲᠦᠰᠢᠭᠯᠡᠬᠦ ᠬᠡᠷᠡᠭᠲᠡᠢ ᠃ ᠪᠣᠳᠠᠲᠠᠢ ᠠᠵᠢᠯ ᠤᠨ ᠳᠤᠮᠳᠠ ᠂ ᠪᠢᠳᠡ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠠᠵᠢᠯ ᠣᠯᠭᠤᠯᠲᠠ ᠶᠢᠨ ᠦᠢᠯᠡᠴᠢᠯᠡᠭᠡ ᠂ ᠤᠷ᠎ᠠ ᠴᠢᠳᠠᠪᠤᠷᠢ ᠶᠢᠨ ᠪᠣᠯᠪᠠᠰᠤᠷᠠᠯ ᠵᠡᠷᠭᠡ ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠥᠷᠭᠡᠳᠬᠡᠵᠦ ᠂ ᠠᠵᠢᠯ ᠣᠯᠭᠤᠯᠲᠠ ᠶᠢᠨ ᠰᠢᠨ᠎ᠡ ᠭᠡᠯᠪᠡᠷᠢ ᠶᠢ ᠳᠡᠮᠵᠢᠨ ᠵᠢᠷᠤᠮᠵᠢᠭᠤᠯᠤᠨ᠎ᠠ ᠃ ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠲᠡᠭᠦᠰᠬᠦ ᠰᠤᠷᠤᠬᠴᠢ ᠵᠢᠱᠢᠯᠲᠡ ᠪᠠᠷ 1158 ᠲᠦᠮᠡ ᠪᠤᠢ ᠂ ᠠᠵᠢᠯ ᠣᠯᠭᠤᠯᠲᠠ ᠶᠢᠨ ᠲᠠᠯ᠎ᠠ ᠠᠴᠠ ᠦᠵᠡᠪᠡᠯ ᠵᠣᠬᠢᠬᠤ ᠳᠠᠷᠤᠯᠲᠠ ᠲᠠᠢ ᠪᠠᠶᠢᠨ᠎ᠠ ︔ ᠭᠡᠪᠡᠴᠦ ᠬᠥᠭᠵᠢᠯᠲᠡ ᠶᠢᠨ ᠲᠠᠯ᠎ᠠ ᠠᠴᠠ ᠠᠪᠴᠤ ᠦᠵᠡᠪᠡᠯ ᠂ ᠡᠨᠡ ᠨᠢ ᠠᠮᠢᠵᠢᠷᠠᠯ ᠤᠨ ᠬᠦᠴᠦᠨ ᠨᠡᠮᠡᠷᠢᠯᠡᠪᠡ ᠃ ᠪᠢᠳᠡ ᠠᠵᠢᠯ ᠣᠯᠭᠤᠯᠲᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ ᠂ ᠵᠠᠯᠠᠭᠤᠴᠤᠳ ᠢ ᠬᠠᠪᠰᠤᠷᠤᠨ ᠭᠦᠳᠡᠯᠮᠦᠷᠢ ᠪᠠ ᠲᠡᠮᠡᠴᠡᠯ ᠢᠶᠠᠷ ᠳᠠᠮᠵᠢᠭᠤᠯᠤᠨ ᠂ ᠥᠪᠡᠷ ᠤᠨ ᠠᠮᠢᠳᠤᠷᠠᠬᠤᠢ ᠶᠢᠨ ᠦᠨ᠎ᠡ ᠦᠷᠲᠡᠭ ᠢᠶᠠᠨ ᠨᠡᠩ ᠰᠠᠶᠢᠲᠤᠷ ᠪᠡᠶᠡᠯᠡᠭᠦᠯᠬᠦ ᠪᠣᠯᠭᠠᠨ᠎ᠠ ᠃      ᠬᠤᠶᠠᠳᠤᠭᠠᠷ ᠠᠰᠠᠭᠤᠯᠳᠠ ᠪᠣᠯ ᠂ ᠬᠥᠮᠥᠨ ᠠᠮᠠ ᠶᠢᠨ ᠰᠥᠭᠡᠷᠭᠦ ᠨᠡᠮᠡᠭᠳᠡᠯ ᠤᠨ ᠠᠰᠠᠭᠤᠳᠠᠯ ᠃ ᠮᠠᠨ ᠤ ᠤᠯᠤᠰ ᠤᠨ ᠬᠥᠮᠥᠨ ᠠᠮᠠ ᠶᠢᠨ ᠥᠰᠦᠯᠲᠡ ᠡᠶᠡᠷᠭᠦ ᠪᠠᠶᠢᠭᠰᠠᠨ ᠠᠴᠠ ᠪᠠᠨ ᠰᠥᠭᠡᠷᠭᠦ ᠪᠣᠯᠵᠤ ᠪᠠᠶᠢᠨ᠎ᠠ ᠂ ᠬᠥᠮᠥᠨ ᠠᠮᠠ ᠶᠢᠨ ᠴᠡᠪᠡᠷ ᠠᠰᠢᠭ ᠡᠭᠦᠨ ᠠᠴᠠ ᠪᠣᠯᠵᠤ ᠠᠷᠢᠯᠤᠨ᠎ᠠ ᠦᠦ ᠦᠭᠡᠢ ᠦᠦ ᠭᠡᠵᠦ ᠵᠠᠷᠢᠮ ᠬᠥᠮᠥᠨ ᠰᠠᠨᠠᠭ᠎ᠠ ᠵᠣᠪᠠᠵᠤ ᠪᠠᠶᠢᠨ᠎ᠠ ᠃ ᠮᠢᠨᠤ ᠪᠤᠳᠣᠬᠤ ᠪᠠᠷ ᠲᠡᠶᠢᠮᠦ ᠠᠮᠠᠷᠬᠠᠨ ᠪᠢᠰᠢ ᠃ ᠬᠥᠮᠥᠨ ᠠᠮᠠ ᠶᠢᠨ ᠴᠡᠪᠡᠷ ᠠᠰᠢᠭ ᠢ ᠶᠡᠷᠦᠩᠬᠡᠢ ᠬᠡᠮᠵᠢᠶ᠎ᠡ ᠪᠠᠷ ᠨᠢ ᠦᠵᠡᠬᠦ ᠬᠡᠷᠡᠭᠲᠡᠢ ᠮᠥᠷᠲᠡᠭᠡᠨ ᠨᠡᠩ ᠴᠤ ᠶᠠᠰᠤ ᠴᠢᠨᠠᠷ ᠢᠶᠠᠷ ᠨᠢ ᠦᠵᠡᠬᠦ ᠬᠡᠷᠡᠭᠲᠡᠢ ᠂ ᠬᠥᠮᠥᠨ ᠠᠮᠠ ᠪᠠᠷ ᠨᠢ ᠦᠵᠡᠬᠦ ᠬᠡᠷᠡᠭᠲᠡᠢ ᠮᠥᠷᠲᠡᠭᠡᠨ ᠨᠡᠩ ᠴᠤ ᠴᠢᠳᠠᠪᠤᠷᠢᠲᠠᠨ ᠢᠶᠠᠷ ᠨᠢ ᠦᠵᠡᠬᠦ ᠬᠡᠷᠡᠭᠲᠡᠢ ᠃ ᠮᠠᠨ ᠤ ᠤᠯᠤᠰ ᠲᠤ 9 ᠳ᠋ᠦᠩᠰᠢᠭᠤᠷ ᠰᠢᠬᠠᠮ ᠭᠦᠳᠡᠯᠮᠦᠷᠢ ᠬᠦᠴᠦᠨ ᠲᠠᠢ ᠪᠠᠶᠢᠵᠤ ᠂ ᠵᠢᠯ ᠪᠦᠷᠢ ᠶᠢᠨ ᠰᠢᠨ᠎ᠡ ᠪᠠᠷ ᠨᠡᠮᠡᠭᠳᠡᠬᠦ ᠭᠦᠳᠡᠯᠮᠦᠷᠢ ᠬᠦᠴᠦᠨ ᠴᠥᠮ 1500 ᠲᠦᠮᠡ ᠶᠢ ᠳᠠᠪᠠᠵᠤ ᠂ ᠬᠥᠮᠥᠨ ᠤ ᠬᠦᠴᠦᠨ ᠤ ᠡᠬᠢ ᠪᠠᠶᠠᠯᠢᠭ ᠡᠯᠪᠡᠭ ᠪᠠᠶᠢᠬᠤ ᠨᠢ ᠮᠥᠨ ᠯᠡ ᠳᠤᠮᠳᠠᠳᠤ ᠤᠯᠤᠰ ᠤᠨ ᠲᠣᠪᠣᠶᠢᠮ᠎ᠠ ᠳᠠᠪᠠᠭᠤᠯᠢᠭ ᠪᠣᠯᠣᠭᠰᠠᠭᠠᠷ ᠪᠠᠶᠢᠨ᠎ᠠ ᠃ ᠨᠡᠩ ᠴᠢᠬᠤᠯᠠ ᠨᠢ ᠂ ᠮᠠᠨ ᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠭᠥᠷᠳᠡᠭᠰᠡᠨ ᠬᠥᠮᠥᠨ ᠠᠮᠠ ᠨᠢᠭᠡᠨᠲᠡ 2.4 ᠳ᠋ᠦᠩᠰᠢᠭᠤᠷ ᠢ ᠳᠠᠪᠠᠵᠤ ᠂ ᠰᠢᠨ᠎ᠡ ᠪᠠᠷ ᠨᠡᠮᠡᠭᠳᠡᠭᠰᠡᠨ ᠭᠦᠳᠡᠯᠮᠦᠷᠢ ᠬᠦᠴᠦᠨ ᠤ ᠰᠤᠷᠭᠠᠨ ᠬᠥᠮᠦᠵᠢᠯ ᠭᠥᠷᠳᠡᠭᠰᠡᠨ ᠳᠤᠮᠳᠠᠴᠢ ᠵᠢᠯ ᠬᠤᠭᠤᠴᠠᠭ᠎ᠠ ᠨᠢ 14 ᠵᠢᠯ ᠳᠤ ᠬᠦᠷᠴᠡᠢ ᠃ ᠮᠠᠨ ᠤ ︽ ᠬᠥᠮᠥᠨ ᠠᠮᠠ ᠶᠢᠨ ᠴᠡᠪᠡᠷ ᠠᠰᠢᠭ ︾ ᠠᠷᠢᠯᠤᠭᠠᠳᠤᠢ ᠂ ︽ ᠴᠢᠳᠠᠪᠤᠷᠢᠲᠠᠨ ᠤ ᠴᠡᠪᠡᠷ ᠠᠰᠢᠭ ︾ ᠶᠠᠭ ᠪᠦᠷᠢᠯᠳᠦᠵᠦ ᠂ ᠬᠥᠭᠵᠢᠯᠲᠡ ᠶᠢᠨ ᠬᠥᠳᠡᠯᠭᠡᠬᠦ ᠬᠦᠴᠦᠨ ᠮᠥᠨ ᠯᠡ ᠢᠳᠡ ᠬᠦᠴᠦᠲᠡᠢ ᠪᠠᠶᠢᠨ᠎ᠠ ᠭᠡᠵᠦ ᠬᠡᠯᠡᠵᠦ ᠪᠣᠯᠣᠨ᠎ᠠ ᠃ ᠬᠡᠯᠡᠯᠭᠡᠨ ᠦᠭᠡᠢ ᠂ ᠪᠢᠳᠡ ᠬᠥᠮᠥᠨ ᠠᠮᠠ ᠶᠢᠨ ᠨᠡᠮᠡᠭᠳᠡᠯ ᠬᠠᠰᠤᠭᠳᠠᠯ ᠤᠨ ᠠᠪᠴᠢᠷᠠᠵᠤ ᠮᠡᠳᠡᠭᠦ ᠠᠰᠠᠭᠤᠳᠠᠯ ᠢ ᠪᠠᠰᠠ ᠭᠦᠨᠵᠡᠭᠡᠢ ᠵᠠᠳᠠᠯᠤᠨ ᠰᠤᠳᠤᠯᠵᠤ ᠂ ᠢᠳᠡᠪᠬᠢᠲᠡᠢ ᠠᠷᠭᠠᠴᠠᠭᠠᠬᠤ ᠬᠡᠷᠡᠭᠲᠡᠢ ᠃      ᠠᠵᠢᠯ ᠠᠴᠠ ᠪᠠᠨ ᠠᠮᠠᠷᠠᠬᠤ ᠶᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢᠨ ᠠᠰᠠᠭᠤᠳᠠᠯ ᠤᠨ ᠲᠤᠬᠠᠢ ᠪᠢᠳᠡ ᠨᠠᠷᠢᠨ ᠬᠢᠨᠠᠮᠠᠭᠠᠢ ᠰᠤᠳᠤᠯᠵᠤ ᠂ ᠭᠦᠢᠴᠡᠳ ᠨᠤᠲᠠᠯᠠᠯᠲᠠ ᠬᠢᠵᠦ ᠂ ᠵᠣᠬᠢᠰᠲᠠᠢ ᠦᠶ᠎ᠡ ᠳᠤ ᠯᠠᠪᠳᠠᠭᠤᠨ ᠢᠶᠠᠷ ᠬᠡᠷᠡᠭᠵᠢᠭᠦᠯᠦᠨ᠎ᠡ ᠃      ᠦᠽᠪᠸᠺᠰᠲ᠋ᠠᠨ ᠤ ᠠᠷᠠᠳ ᠤᠨ ᠶᠠᠷᠢᠶ᠎ᠠ ᠬᠡᠯᠡᠯᠴᠡᠭᠡᠨ ᠤ ᠰᠣᠨᠢᠨ ᠤ ᠰᠤᠷᠪᠤᠯᠵᠢᠯᠠᠬᠴᠢ ᠄ ᠳᠡᠯᠡᠬᠡᠢ ᠳᠡᠭᠡᠷᠡᠬᠢ ᠵᠠᠷᠢᠮ ᠬᠥᠮᠥᠰ ᠳᠤᠮᠳᠠᠳᠤ ᠤᠯᠤᠰ ᠪᠤᠰᠤᠳ ᠤᠯᠤᠰ ᠲᠠᠢ ᠬᠠᠷᠢᠴᠠᠭᠤᠯᠪᠠᠯ ᠬᠢᠵᠢᠭ ᠢ ᠰᠡᠷᠭᠡᠶᠢᠯᠡᠬᠦ ᠲᠠᠯ᠎ᠠ ᠪᠠᠷ ᠬᠤᠶᠠᠷ ᠵᠢᠯ ᠭᠠᠷᠤᠢ ᠴᠢᠩᠭ᠎ᠠ ᠡᠵᠡᠮᠳᠡᠭᠰᠡᠨ ᠨᠢ ᠦᠨᠡᠬᠡᠷ ᠴᠢᠬᠤᠯᠠᠲᠠᠢ ᠦᠦ ᠭᠡᠵᠦ ᠰᠡᠵᠢᠭᠯᠡᠵᠦ ᠪᠠᠶᠢᠨ᠎ᠠ ᠂ ᠢᠷᠡᠭᠡᠳᠦᠢ ᠳᠤ ᠭᠠᠷᠴᠤ ᠮᠡᠳᠡᠭᠦ ᠰᠢᠨ᠎ᠡ ᠬᠢᠵᠢᠭ ᠤᠨ ᠪᠠᠶᠢᠳᠠᠯ ᠢ ᠠᠷᠭᠠᠴᠠᠭᠠᠬᠤ ᠳᠤ ᠳᠤᠮᠳᠠᠳᠤ ᠤᠯᠤᠰ ᠶᠠᠮᠠᠷ ᠶᠠᠮᠠᠷ ᠪᠡᠯᠡᠳᠬᠡᠯ ᠬᠢᠭᠰᠡᠨ ᠪᠤᠢ ︖      ᠯᠢ ᠴᠢᠶᠠᠩ ᠄ ᠬᠢᠵᠢᠭ ᠤᠨ ᠪᠠᠶᠢᠳᠠᠯ ᠭᠠᠷᠤᠭᠰᠠᠨ ᠭᠤᠷᠪᠠᠨ ᠵᠢᠯ ᠳᠤ ᠂ ᠳᠤᠮᠳᠠᠳᠤ ᠤᠯᠤᠰ ᠤᠨ ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠰᠡᠳᠬᠢᠯ ᠨᠢᠭᠡᠳᠦᠨ ᠬᠢᠵᠢᠭ ᠲᠠᠢ ᠲᠡᠮᠡᠴᠡᠵᠦ ᠂ ᠣᠲᠣ ᠨᠢᠭᠡᠨᠲᠡ ᠴᠢᠬᠤᠯᠠ ᠶᠡᠭᠡ ᠰᠢᠢᠳᠪᠦᠷᠢᠲᠦ ᠴᠢᠨᠠᠷᠲᠠᠢ ᠢᠯᠠᠯᠲᠠ ᠶᠢ ᠣᠯᠪᠠ ᠃ ᠭᠤᠷᠪᠠᠨ ᠵᠢᠯ ᠭᠠᠷᠤᠢ ᠶᠢᠨ ᠲᠤᠷᠰᠢ ᠂ ᠪᠢᠳᠡ ᠠᠷᠠᠳ ᠲᠦᠮᠡᠨ ᠢ ᠳᠡᠭᠡᠳᠦᠯᠡᠬᠦ ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ ᠂ ᠰᠢᠨᠵᠢᠯᠡᠬᠦ ᠤᠬᠠᠭᠠᠨᠴᠢ ᠪᠠᠷ ᠣᠨᠣᠴᠠᠲᠠᠢ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠵᠤ ᠂ ᠴᠠᠭ ᠪᠠ ᠪᠠᠶᠢᠳᠠᠯ ᠳᠤ ᠲᠣᠬᠢᠷᠠᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠪᠡ ᠃ ᠸᠢᠷᠦ᠋ᠰ ᠤᠨ ᠡᠪᠡᠳᠴᠢᠯᠡᠭᠦᠯᠬᠦ ᠬᠦᠴᠦᠨ ᠨᠡᠯᠢᠶᠡᠳ ᠴᠢᠩᠭ᠎ᠠ ᠪᠠᠶᠢᠬᠤ ᠱᠠᠲᠤᠨ ᠳᠤ ᠂ ᠪᠢᠳᠡ ᠡᠷᠡᠰ ᠰᠢᠭᠤᠷᠬᠠᠢ ᠪᠠᠷ ︽ ᠬᠥᠬᠡᠭᠴᠢᠨ ᠲᠥᠷᠥᠯ ᠤᠨ ᠬᠥᠬᠡ ᠬᠠᠮᠢᠶᠠᠷᠤᠯᠲᠠ ︾  ᠶᠢ ᠬᠡᠷᠡᠭᠵᠢᠭᠦᠯᠵᠦ ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠦᠲᠦᠮᠵᠢᠲᠡᠶ ᠬᠠᠮᠠᠭᠠᠯᠠᠭᠰᠠᠨ ᠪᠥᠭᠡᠳ ᠸᠠᠺᠼᠢᠨ ᠪᠠ ᠡᠮ ᠤᠨ ᠵᠦᠢᠯᠡᠰ ᠢ ᠰᠤᠳᠤᠯᠤᠨ ᠦᠶᠯᠡᠳᠭᠦ ᠂ ᠸᠠᠺᠼᠢᠨ ᠤ ᠲᠠᠷᠢᠯᠭ᠎ᠠ ᠶᠢ ᠲᠦᠭᠡᠮᠡᠯᠵᠢᠭᠦᠯᠬᠦ ᠵᠡᠷᠭᠡ ᠳᠤ ᠡᠷᠬᠢᠮ ᠨᠠᠨᠳᠢᠨ ᠴᠠᠭ ᠬᠤᠭᠤᠴᠠᠭ᠎ᠠ ᠣᠯᠭᠤᠭᠰᠠᠨ ᠪᠠᠶᠢᠨ᠎ᠠ ᠃ ᠸᠢᠷᠦ᠋ᠰ ᠤᠨ ᠡᠪᠡᠳᠴᠢᠯᠡᠭᠦᠯᠬᠦ ᠬᠦᠴᠦᠨ ᠰᠤᠯᠠᠷᠠᠬᠤ ᠪᠠ ᠮᠠᠨ ᠤ ᠤᠯᠤᠰ ᠤᠨ ᠰᠡᠷᠭᠡᠶᠢᠯᠡᠨ ᠵᠠᠰᠠᠬᠤ ᠴᠢᠳᠠᠪᠤᠷᠢ ᠳᠡᠭᠡᠭᠰᠢᠯᠡᠬᠦ ᠶᠢ ᠳᠠᠭᠠᠯᠳᠤᠨ ᠂ ᠪᠢᠳᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠠᠯᠢ ᠣᠯᠠᠨ ᠰᠢᠯᠢᠳᠡᠭᠵᠢᠭᠦᠯᠬᠦ ᠲᠣᠬᠢᠷᠠᠭᠤᠯᠤᠯᠲᠠ ᠬᠢᠵᠦ ᠂ ᠵᠣᠬᠢᠰᠲᠠᠢ ᠴᠠᠭ ᠲᠤ ᠲᠣᠬᠢᠷᠠᠭᠤᠯᠤᠯᠲᠠ ᠬᠢᠵᠦ ᠂ ︽ ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ ︾  ᠶᠢ ᠬᠡᠷᠡᠭᠵᠢᠭᠦᠯᠪᠡ ᠃ ᠳᠤᠮᠳᠠᠳᠤ ᠤᠯᠤᠰ ᠰᠢᠭ᠋ ᠡᠶᠢᠮᠦ ᠬᠥᠮᠥᠨ ᠠᠮᠠ ᠤᠯᠠᠨ ᠂ ᠬᠥᠭᠵᠢᠯᠲᠡ ᠲᠡᠩᠴᠡᠭᠦᠷᠢ ᠦᠭᠡᠢ ᠲᠣᠮᠣ ᠤᠯᠤᠰ ᠬᠤᠶᠠᠷ ᠰᠠᠷ᠎ᠠ ᠬᠦᠷᠬᠦ ᠦᠭᠡᠢ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠤᠨ ᠡᠷᠭᠢᠯᠲᠡ ᠶᠢ ᠪᠡᠶᠡᠯᠡᠭᠦᠯᠵᠦ ᠂ ᠠᠵᠤ ᠠᠬᠤᠢ ᠨᠡᠶᠢᠭᠡᠮ ᠤᠨ ᠬᠡᠪ ᠤᠨ ᠡᠮᠬᠢ ᠳᠢᠭᠯᠢᠮ ᠢ ᠨᠡᠯᠢᠶᠡᠳ ᠲᠦᠷᠭᠡᠨ ᠰᠡᠷᠭᠦᠭᠡᠭᠰᠡᠨ ᠨᠢ ᠠᠮᠠᠷ ᠦᠭᠡᠢ ᠶᠠᠪᠤᠳᠠᠯ ᠶᠤᠮ ᠃ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠪᠣᠳᠣᠯᠭ᠎ᠠ ᠠᠷᠭ᠎ᠠ ᠬᠡᠮᠵᠢᠶ᠎ᠡ ᠪᠣᠯ ᠪᠦᠷᠢᠮᠦᠰᠦᠨ ᠵᠥᠪ ᠂ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠮᠵᠢ ᠯᠤᠲᠤ ᠶᠡᠭᠡ ᠭᠡᠳᠡᠭ ᠢ ᠦᠢᠯᠡᠳᠦᠯᠭᠡ ᠭᠡᠷᠡᠴᠢᠯᠡᠪᠡ ᠃      ᠬᠥᠮᠥᠨ ᠲᠥᠷᠥᠯᠬᠢᠲᠡᠨ ᠬᠢᠭᠡᠳ ᠸᠢᠷᠦ᠋ᠰ ᠤᠨ ᠲᠡᠮᠡᠴᠡᠯ ᠪᠣᠯ ᠨᠢᠭᠡᠨ ᠤᠷᠳᠤ ᠬᠤᠭᠤᠴᠠᠭᠠᠨ ᠤ ᠲᠡᠦᠬᠡᠨ ᠶᠠᠪᠤᠴᠠ ᠮᠥᠨ ᠃ ᠣᠳᠣᠬᠠᠨ ᠳᠤ ᠰᠢᠨ᠎ᠡ ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠮᠥᠨ ᠬᠦ ᠣᠷᠣᠰᠢᠵᠤ ᠪᠠᠶᠢᠨ᠎ᠠ ᠂ ᠪᠢᠳᠡ ᠴᠠᠭ ᠲᠤᠬᠠᠢ ᠳᠤᠨᠢ ᠰᠤᠳᠤᠯᠤᠨ ᠮᠠᠭᠠᠳᠯᠠᠵᠤ ᠂ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠭᠦ ᠠᠵᠢᠯ ᠢ ᠰᠠᠶᠢᠲᠤᠷ ᠬᠢᠬᠦ ᠶᠢᠨ ᠬᠠᠮᠲᠤ ᠠᠳᠠᠯᠢ ᠪᠤᠰᠤ ᠪᠠᠶᠢᠳᠠᠯ ᠳᠣᠣᠷᠠᠬᠢ ᠬᠢᠵᠢᠭ ᠤᠨ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠣᠭᠲᠠᠭᠠᠨ ᠲᠡᠭᠦᠯᠳᠡᠷᠵᠢᠭᠦᠯᠵᠦ ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠵᠤ ᠂ ᠸᠠᠺᠼᠢᠨ ᠪᠠ ᠡᠮ ᠤᠨ ᠵᠦᠢᠯᠡᠰ ᠢ ᠰᠤᠳᠤᠯᠤᠨ ᠨᠡᠭᠡᠭᠡᠬᠦ ᠶᠢ ᠲᠦᠷᠭᠡᠳᠬᠡᠵᠦ ᠂ ᠳᠡᠯᠡᠬᠡᠢ ᠨᠡᠶᠢᠭᠡᠮ ᠯᠦᠭᠡ ᠶᠢᠨ ᠬᠠᠮᠲᠤᠷᠠᠯᠴᠠᠭ᠎ᠠ ᠪᠠ ᠵᠣᠬᠢᠴᠠᠭᠤᠯᠭ᠎ᠠ ᠪᠠᠨ ᠴᠢᠩᠭᠠᠳᠬᠠᠵᠤ ᠂ ᠬᠥᠮᠥᠨ ᠲᠥᠷᠥᠯᠬᠢᠲᠡᠨ ᠤ ᠡᠷᠡᠭᠦᠯ ᠮᠡᠨᠳᠦ ᠪᠤᠶᠠᠨ ᠵᠢᠷᠭᠠᠯ ᠢ ᠬᠠᠮᠲᠤ ᠪᠠᠷ ᠬᠠᠮᠠᠭᠠᠯᠠᠨ᠎ᠠ ᠃      ᠲᠠᠶᠢᠸᠠᠨ ᠤ ᠬᠤᠯᠪᠣᠭᠠᠲᠤ ᠰᠣᠨᠢᠨ ᠤ ᠬᠤᠷᠢᠶ᠎ᠠ ᠶᠢᠨ ᠰᠤᠷᠪᠤᠯᠵᠢᠯᠠᠬᠴᠢ ᠄ ᠡᠬᠡ ᠬᠠᠭᠤᠷᠠᠢ ᠶᠢᠨ ᠲᠠᠯ᠎ᠠ  ᠠᠴᠠ ᠂ ᠲᠠᠶᠢᠸᠠᠨ ᠤ ᠠᠬ᠎ᠠ ᠳᠡᠭᠦᠦ ᠨᠠᠷ ᠢ ᠢᠮᠠᠭᠲᠠ ᠬᠠᠶᠢᠷᠠᠯᠠᠨ ᠬᠠᠯᠠᠮᠵᠢᠯᠠᠵᠤ ᠂ ᠭᠦᠨᠳᠦᠳᠭᠡᠵᠦ ᠂ ᠪᠤᠶᠠᠨ ᠦᠢᠯᠡᠳᠦᠨ᠎ᠡ ᠭᠡᠵᠦ ᠢᠯᠡᠷᠬᠡᠶᠢᠯᠡᠪᠡ ᠃ ᠡᠬᠡ ᠬᠠᠭᠤᠷᠠᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠬᠢᠷᠠᠭᠤᠯᠤᠨ ᠰᠢᠯᠢᠳᠡᠭᠵᠢᠭᠦᠯᠬᠦ ᠶᠢ ᠳᠠᠭᠠᠯᠳᠤᠨ ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠷᠠᠳ ᠣᠯᠠᠨ ᠴᠥᠮ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠬᠡᠪ ᠤᠨ ᠰᠣᠯᠢᠯᠴᠠᠭ᠎ᠠ ᠶᠠᠪᠤᠯᠴᠠᠭ᠎ᠠ ᠶᠢ ᠠᠯᠢ ᠲᠦᠷᠭᠡᠨ ᠢᠶᠠᠷ ᠪᠦᠭᠦ ᠲᠠᠯ᠎ᠠ ᠪᠠᠷ ᠰᠡᠷᠭᠦᠭᠡᠬᠦ ᠶᠢ ᠬᠦᠰᠡᠵᠦ ᠪᠠᠶᠢᠨ᠎ᠠ ᠃ ᠲᠡᠭᠡᠪᠡᠯ ᠂ ᠡᠬᠡ ᠬᠠᠭᠤᠷᠠᠢ ᠶᠢᠨ ᠲᠠᠯ᠎ᠠ ᠶᠢᠨ ᠬᠢᠨ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠵᠤ ᠠᠬᠤᠢ ᠰᠣᠶᠣᠯ ᠤᠨ ᠬᠠᠮᠲᠤᠷᠠᠯᠴᠠᠭ᠎ᠠ ᠰᠣᠯᠢᠯᠴᠠᠭ᠎ᠠ ᠵᠢᠴᠢ ᠬᠥᠮᠥᠰ ᠤᠨ ᠶᠠᠪᠤᠯᠴᠠᠭ᠎ᠠ ᠶᠢ ᠠᠬᠢᠭᠤᠯᠬᠤ ᠲᠠᠯ᠎ᠠ ᠪᠠᠷ ᠶᠠᠮᠠᠷ ᠲᠥᠯᠦᠪᠵᠢᠭᠦᠯᠭᠡ ᠲᠠᠢ ᠪᠤᠢ︖      ᠯᠢ ᠴᠢᠶᠠᠩ ᠄ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠬ᠎ᠠ ᠳᠡᠭᠦᠦ ᠨᠠᠷ ᠪᠣᠯ ᠨᠢᠭᠡ ᠭᠡᠷ ᠤᠨ ᠬᠥᠮᠥᠨ ᠮᠥᠨ ᠂ ᠴᠢᠰᠤ ᠮᠢᠬᠠᠨ ᠤ ᠪᠠᠷᠢᠯᠳᠤᠯᠭ᠎ᠠ ᠲᠠᠢ ᠂ ᠶᠠᠰᠤ ᠰᠢᠷᠪᠦᠰᠦ ᠶᠢᠨ ᠬᠤᠯᠪᠤᠭ᠎ᠠ ᠲᠠᠢ ᠶᠤᠮ ᠃ ᠪᠢᠳᠡ ᠨᠢᠭᠡ ᠳᠤᠮᠳᠠᠳᠤ ᠤᠯᠤᠰ ᠪᠠᠶᠢᠬᠤ ᠵᠠᠷᠴᠢᠮ ᠪᠣᠯᠣᠨ ︽ ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ ︾  ᠶᠢᠨ ᠰᠠᠭᠤᠷᠢᠨ ᠳᠡᠭᠡᠷ᠎ᠡ ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠵᠤ ᠠᠬᠤᠢ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠦᠷᠭᠦᠯᠵᠢᠯᠡᠨ ᠠᠬᠢᠭᠤᠯᠵᠤ ᠂ ᠨᠡᠩ ᠣᠯᠠᠨ ᠲᠠᠶᠢᠸᠠᠨ ᠤ ᠠᠬ᠎ᠠ ᠳᠡᠭᠦᠦ ᠨᠠᠷ ᠪᠣᠯᠣᠨ ᠲᠠᠶᠢᠸᠠᠨ ᠤ ᠠᠵᠤ ᠠᠬᠤᠶᠢᠯᠠᠯ ᠢ ᠡᠬᠡ ᠬᠠᠭᠤᠷᠠᠢ ᠳᠤ ᠢᠷᠡᠭᠦᠯᠵᠦ ᠂ ᠳᠤᠷᠠᠲᠠᠶ᠎ᠠ ᠢᠷᠡᠭᠦᠯᠭᠦ ᠪᠠᠷ ᠪᠠᠷᠠᠬᠤ ᠦᠭᠡᠢ ᠠᠭᠤᠰᠤᠯᠴᠠᠭᠤᠯᠵᠤ ᠂ ᠰᠠᠶᠢᠨ ᠬᠥᠭᠵᠢᠯᠲᠡ ᠲᠠᠢ ᠪᠣᠯᠭᠠᠨ᠎ᠠ ᠃      ᠣᠳᠣᠬᠠᠨ ᠳᠤ ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠬ᠎ᠠ ᠳᠡᠭᠦᠦ ᠨᠠᠷ ᠤᠨ ᠬᠡᠪ ᠤᠨ ᠶᠠᠪᠤᠯᠴᠠᠭ᠎ᠠ  ᠶᠢ ᠡᠷᠲᠡᠬᠡᠨ ᠪᠡᠶᠡᠯᠡᠭᠦᠯᠵᠦ ᠂ ᠡᠯ᠎ᠡ ᠬᠦᠷᠢᠶᠡᠨ ᠳᠠᠬᠢ ᠬᠡᠪ ᠤᠨ ᠬᠠᠮᠲᠤᠷᠠᠯᠴᠠᠭ᠎ᠠ ᠶᠢ ᠰᠡᠷᠭᠦᠭᠡᠬᠦ ᠪᠣᠯ ᠣᠯᠠᠨ ᠤ ᠬᠠᠮᠲᠤ ᠶᠢᠨ ᠬᠦᠰᠡᠯ ᠡᠷᠡᠮᠡᠯᠵᠡᠯ ᠮᠥᠨ ᠂ ᠬᠠᠮᠲᠤ ᠪᠠᠷ ᠴᠢᠷᠮᠠᠶᠢᠬᠤ ᠴᠢᠬᠤᠯᠠᠲᠠᠢ ᠶᠤᠮ ᠃      ᠠᠷᠠᠳ ᠤᠨ ᠡᠳᠦᠷ ᠤᠨ ᠰᠣᠨᠢᠨ ᠤ ᠬᠤᠷᠢᠶ᠎ᠠ ᠶᠢᠨ ᠰᠤᠷᠪᠤᠯᠵᠢᠯᠠᠬᠴᠢ ᠄ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠬᠠᠮᠤᠭ ᠤᠨ ᠬᠠᠲᠠᠭᠤ ᠪᠡᠷᠬᠡ ᠪᠥᠭᠡᠳ ᠬᠠᠮᠤᠭ ᠤᠨ ᠨᠦᠰᠡᠷ ᠬᠦᠨᠳᠦ ᠡᠭᠦᠷᠭᠡ ᠮᠥᠨ ᠯᠡ ᠬᠥᠳᠡᠭᠡ ᠲᠣᠰᠬᠤᠨ ᠳᠤ ᠪᠠᠶᠢᠨ᠎ᠠ ᠃ ᠠᠰᠠᠭᠤᠬᠤ ᠨᠢ ᠂ ᠲᠤᠰ ᠬᠤᠭᠤᠴᠠᠭᠠᠨ ᠤ ᠵᠠᠰᠠᠭ ᠤᠨ ᠣᠷᠳᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠯ᠎ᠠ ᠪᠠᠷ ᠶᠠᠮᠠᠷ ᠪᠣᠳᠣᠯᠬᠢᠯᠠᠯ ᠲᠠᠢ ᠪᠤᠢ︖ ᠳᠤᠮᠳᠠᠳᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠶᠠᠮᠠᠷ ᠠᠷᠭ᠎ᠠ ᠬᠡᠮᠵᠢᠶ᠎ᠡ ᠠᠪᠬᠤ ᠪᠤᠢ︖      ᠯᠢ ᠴᠢᠶᠠᠩ ᠄ ᠳᠤᠮᠳᠠᠳᠤ ᠤᠯᠤᠰ ᠪᠣᠯ ᠲᠠᠷᠢᠶᠠᠯᠠᠩ ᠤᠨ ᠶᠡᠭᠡ ᠤᠯᠤᠰ ᠮᠥᠨ ᠂ ᠣᠳᠣᠬᠠᠨ ᠳᠤ ᠪᠠᠰᠠ 5 ᠳ᠋ᠦᠩᠰᠢᠭᠤᠷ ᠰᠢᠬᠠᠮ ᠬᠥᠮᠥᠨ ᠬᠥᠳᠡᠭᠡ ᠲᠣᠰᠬᠤᠨ ᠳᠤ ᠪᠠᠶᠢᠩᠭᠤ ᠰᠠᠭᠤᠷᠢᠰᠢᠵᠤ ᠪᠤᠢ ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠪᠠᠶᠢᠬᠤ ᠦᠭᠡᠢ ᠪᠣᠯ ᠨᠡᠶᠢᠭᠡᠮ ᠵᠢᠷᠤᠮᠲᠤ ᠣᠳᠣᠬᠢᠴᠢᠯᠠᠯᠲᠠ ᠪᠦᠭᠦ ᠲᠠᠯ᠎ᠠ ᠶᠢᠨ ᠪᠢᠰᠢ ᠶᠤᠮ ᠃ ᠨᠢᠳᠤᠨᠤᠨ ᠤ ᠵᠢᠯ ᠤᠨ ᠰᠡᠭᠦᠯᠴᠢ ᠪᠠᠷ ᠬᠤᠷᠠᠯᠳᠤᠭᠰᠠᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠳᠡᠭᠡᠷ᠎ᠡ ᠂ ᠶᠡᠷᠦᠩᠬᠡᠢ ᠱᠦᠵᠢ ᠰᠢ ᠶᠢᠨ ᠫᠢᠩ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ︾  ᠤ ᠠᠵᠢᠯ ᠢ ᠰᠠᠶᠢᠲᠤᠷ ᠬᠢᠬᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠢ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ ᠃ ᠣᠳᠣᠬᠠᠨ ᠳᠤ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠪᠠᠶᠢᠨ᠎ᠠ ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠠᠪᠴᠤ ᠬᠡᠯᠡᠪᠡᠯ ᠂ ᠮᠢᠨᠤ ᠦᠵᠡᠬᠦ ᠪᠠᠷ ᠳᠠᠷᠠᠭᠠᠴᠢ  ᠶᠢᠨ ᠪᠣᠳᠠᠲᠠᠢ ᠠᠵᠢᠯ ᠤᠨ ᠳᠤᠮᠳᠠ ᠪᠠᠨ ᠭᠤᠷᠪᠠᠨ ᠵᠠᠩᠭᠢᠯᠠᠭ᠎ᠠ ᠶᠢᠨ ᠦᠭᠡᠰ ᠢ ᠳᠣᠪᠤᠶᠢᠯᠭᠠᠨ᠎ᠠ ᠄ ᠨᠢᠭᠡ ᠳᠤ ᠪᠦᠭᠦ ᠲᠠᠯ᠎ᠠ  ᠪᠠᠷ ᠃ ᠵᠥᠪᠭᠡᠨ ᠠᠵᠤ ᠠᠬᠤᠢ ᠶᠢ ᠬᠥᠭᠵᠢᠭᠦᠯᠬᠦ ᠲᠡᠳᠦᠢ ᠪᠢᠰᠢ ᠂ ᠬᠠᠷᠢᠨ ᠬᠥᠳᠡᠭᠡ ᠲᠣᠰᠬᠤᠨ ᠤ ᠠᠵᠤ ᠠᠬᠤᠢ ᠶᠢᠨ ᠥᠷᠲᠡᠭ ᠂ ᠠᠮᠢ ᠠᠬᠤᠢ ᠶᠢᠨ ᠥᠷᠲᠡᠭ ᠂ ᠨᠡᠶᠢᠭᠡᠮ ᠤᠨ ᠥᠷᠲᠡᠭ ᠂ ᠰᠣᠶᠣᠯ ᠤᠨ ᠥᠷᠲᠡᠭ ᠢ ᠪᠦᠭᠦ ᠲᠠᠯ᠎ᠠ ᠪᠠᠷ ᠢᠯᠡᠷᠡᠭᠦᠯᠦᠨ᠎ᠡ ᠃ ᠬᠤᠶᠠᠷ ᠲᠤ ᠥᠪᠡᠷᠮᠢᠴᠡ ᠣᠨᠴᠠᠯᠢᠭ ᠃ ᠳᠤᠮᠳᠠᠳᠤ ᠤᠯᠤᠰ ᠤᠨ ᠨᠤᠲᠤᠭ ᠳᠡᠪᠢᠰᠬᠡᠷ ᠥᠷᠭᠡᠨ ᠠᠭᠤᠳᠠᠮ ᠂ ︽ ᠠᠷᠪᠠᠨ ᠭᠠᠵᠠᠷ ᠲᠤ ᠠᠳᠠᠯᠢ ᠪᠤᠰᠤ ᠶᠢᠨ ᠰᠠᠯᠬᠢᠨ ᠲᠠᠢ ᠂ ᠵᠠᠭᠤᠨ ᠭᠠᠵᠠᠷ ᠲᠤ ᠠᠳᠠᠯᠢ ᠪᠤᠰᠤ ᠶᠢᠨ ᠵᠠᠩᠰᠢᠯ ᠲᠠᠢ ︾ ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ ᠂ ᠥᠪᠡᠷ ᠤᠨ ᠣᠨᠴᠠᠯᠢᠭ ᠲᠠᠢ ᠬᠥᠳᠡᠭᠡ ᠲᠣᠰᠬᠤᠨ ᠤ ᠳᠦᠷᠰᠦ ᠪᠠᠶᠢᠳᠠᠯ ᠢ ᠴᠣᠭᠴᠠᠯᠠᠵᠤ ᠂ ᠭᠠᠵᠠᠷ ᠣᠷᠣᠨ ᠤ ᠰᠣᠶᠣᠯ ᠂ ᠨᠤᠲᠤᠭ ᠤᠨ ᠰᠣᠶᠣᠯ ᠢ ᠰᠠᠶᠢᠲᠤᠷ ᠬᠠᠮᠠᠭᠠᠯᠠᠨ ᠤᠯᠠᠮᠵᠢᠯᠠᠬᠤ ᠬᠡᠷᠡᠭᠲᠡᠢ ᠂ ᠲᠣᠰᠬᠤᠨ ᠪᠣᠯᠭᠠᠨ ᠢ ᠨᠢᠭᠡ ᠯᠡ ᠬᠡᠪ ᠤᠨ ᠪᠠᠶᠢᠯᠭᠠᠵᠤ ᠪᠤᠯᠬᠤ ᠦᠭᠡᠢ ᠃ ᠭᠤᠷᠪᠠ ᠳᠤ ᠥᠭᠡᠷᠡᠴᠢᠯᠡᠯᠲᠡ ᠬᠢᠬᠦ ᠃ ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠂ ᠥᠷᠭᠡᠨ ᠣᠯᠠᠨ ᠲᠠᠷᠢᠶᠠᠴᠢᠨ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯ ᠴᠣᠭᠴᠠ ᠮᠥᠨ ᠂ ᠡᠷᠬᠡᠪᠰᠢ ᠲᠡᠳᠡᠨ ᠤ ᠢᠳᠡᠪᠬᠢᠵᠢᠯ ᠢ ᠭᠦᠢᠴᠡᠳ ᠳᠠᠶᠢᠴᠢᠯᠠᠵᠤ ᠂ ᠲᠡᠳᠡᠨ ᠢ ᠥᠭᠡᠷᠡᠴᠢᠯᠡᠯᠲᠡ ᠳᠤ ᠢᠳᠡᠪᠬᠢᠲᠡᠢ ᠣᠷᠣᠯᠴᠠᠭᠤᠯᠬᠤ ᠶᠢᠨ ᠬᠠᠮᠲᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠰᠠᠶᠢᠲᠤᠷ ᠡᠳ᠋ᠯᠡᠭᠦᠯᠭᠦ ᠬᠡᠷᠡᠭᠲᠡᠢ ᠃      ᠰᠠᠶ᠋ᠢ ᠲᠠ ᠪᠠᠰᠠ ᠠᠮᠤ ᠪᠤᠳᠠᠭᠠᠨ ᠤ ᠠᠮᠤᠷ ᠲᠦᠪᠰᠢᠨ ᠤ ᠠᠰᠠᠭᠤᠳᠠᠯ ᠢ ᠳᠤᠷᠠᠳᠤᠭᠰᠠᠨ ᠪᠠᠶᠢᠨ᠎ᠠ ᠃ ᠮᠠᠨ ᠤ ᠤᠯᠤᠰ ᠤᠨ ᠠᠮᠤ ᠪᠤᠳᠠᠭᠠᠨ ᠤ ᠤᠨᠠᠯᠲᠠ 8 ᠵᠢᠯ ᠳᠠᠷᠠᠭᠠᠯᠠᠨ 1.3 ᠲᠦᠮᠡᠨ ᠳ᠋ᠦᠩᠰᠢᠭᠤᠷ ᠵᠢᠩ ᠢ ᠳᠠᠪᠠᠵᠤ ᠂ ᠶᠡᠷᠦᠩᠬᠡᠢ  ᠳᠡᠭᠡᠨ ᠠᠮᠤ ᠪᠤᠳᠠᠭᠠᠨ ᠤ ᠠᠮᠤᠷ ᠲᠦᠪᠰᠢᠨ ᠪᠠᠲᠤᠯᠠᠭ᠎ᠠ ᠲᠠᠢ ᠶᠤᠮ ᠂ ᠪᠢᠳᠡ ᠲᠠᠷᠢᠶᠠᠨ ᠭᠠᠵᠠᠷ ᠪᠠ ᠦᠷ᠎ᠡ ᠡᠭᠦᠯᠳᠡᠷ ᠤᠨ ︽ᠬᠤᠶᠠᠷ ᠵᠠᠩᠭᠢᠯᠠᠭ᠎ᠠ ︾ ᠶᠢ ᠴᠢᠩᠭ᠎ᠠ ᠠᠳᠬᠤᠵᠤ ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠃ ᠠᠳᠡ ᠲᠠᠷᠢᠶᠠᠴᠢᠨ ᠨᠥᠬᠦᠳ ᠲᠤ ᠣᠨᠴᠠᠭᠠᠶᠢᠯᠠᠨ ᠭᠡᠯᠡᠭᠦ ᠨᠢ ᠄ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠭᠦ ᠵᠠᠰᠠᠭ ᠤᠨ ᠣᠷᠳᠣᠨ ᠤ ᠪᠤᠢ ᠪᠦᠬᠦᠢ ᠲᠥᠷᠥ ᠶᠢᠨ ᠪᠣᠳᠣᠯᠭ᠎ᠠ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠂ ᠣᠯᠠᠨ ᠢ ᠵᠣᠷᠢᠭᠵᠢᠭᠤᠯᠤᠨ ᠠᠮᠤ ᠪᠤᠳᠠᠭ᠎ᠠ ᠶᠢ ᠣᠯᠠᠨ ᠲᠠᠷᠢᠭᠤᠯᠵᠤ ᠂ ᠳᠤᠮᠳᠠᠳᠤ ᠤᠯᠤᠰ ᠤᠨ 14 ᠳ᠋ᠦᠩᠰᠢᠭᠤᠷ ᠭᠠᠷᠤᠢ ᠬᠥᠮᠥᠨ ᠤ ᠪᠤᠳᠠᠭᠠᠨ ᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠠᠳᠬᠤᠬᠤ ᠶᠢ ᠦᠨᠡᠨ ᠬᠦ ᠪᠠᠲᠤᠯᠠᠨ᠎ᠠ ᠃      ᠳᠤᠮᠳᠠᠳᠤ ᠤᠯᠤᠰ ᠲᠤ ᠰᠠᠭᠤᠭ᠎ᠠ ᠠᠷᠠᠪ ᠤᠨ ᠣᠳᠣᠨ ᠲᠧᠯᠸᠢᠰ ᠤᠨ ᠬᠤᠷᠢᠶ᠎ᠠ ᠶᠢᠨ ᠰᠤᠷᠪᠤᠯᠵᠢᠯᠠᠬᠴᠢ ᠄ ᠣᠳᠣᠬᠠᠨ  ᠳᠤ ᠭᠠᠵᠠᠷ ᠣᠷᠣᠨ ᠤ ᠤᠯᠤᠰ ᠲᠥᠷᠥ ᠶᠢᠨ ᠮᠥᠷᠭᠦᠯᠳᠦᠭᠡᠨ ᠪᠠ ᠳᠡᠯᠡᠬᠡᠶᠢᠵᠢᠯᠲᠡ ᠶᠢ ᠦᠭᠡᠶᠢᠰᠭᠡᠭᠦ ᠶᠠᠪᠤᠳᠠᠯ ᠬᠤᠷᠴᠠᠳᠴᠤ ᠂ ᠳᠤᠮᠳᠠᠳᠤ ᠠᠮᠧᠷᠢᠺᠠ ᠶᠢᠨ ᠬᠠᠷᠢᠴᠠᠭ᠎ᠠ ᠪᠠᠴᠢᠮ ᠰᠢᠷᠦᠭᠦᠨ ᠮᠥᠷᠲᠡᠭᠡᠨ ᠡᠰᠡᠷᠭᠦᠴᠡᠯᠳᠦᠵᠦ ᠪᠠᠶᠢᠨ᠎ᠠ ᠂ ᠬᠡᠳᠦᠶᠢᠪᠡᠷ ᠳᠤᠮᠳᠠᠳᠤ ᠤᠯᠤᠰ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠪᠠᠷ ᠠᠬᠢᠭᠤᠯᠬᠤ ᠶᠢ ᠴᠢᠬᠤᠯᠠᠴᠢᠯᠠᠭᠰᠠᠭᠠᠷ ᠢᠷᠡᠭᠰᠡᠨ ᠪᠤᠯᠪᠠᠴᠤ ᠭᠠᠳᠠᠭᠠᠳᠤ ᠪᠡᠯᠡ ᠶᠢᠨ ᠠᠵᠤ ᠠᠬᠤᠶᠢᠯᠠᠯ ᠭᠠᠳᠠᠭᠠᠳᠤ ᠶᠢᠨ ᠠᠵᠤ ᠠᠬᠤᠶᠢᠯᠠᠯ ᠮᠥᠨ ᠯᠡ ᠰᠠᠨᠠᠭ᠎ᠠ ᠠᠮᠤᠷ ᠡᠵᠡᠩᠨᠡᠯᠲᠡ ᠬᠢᠵᠦ ᠳᠡᠶᠢᠯᠭᠦ ᠦᠭᠡᠢ ᠪᠠᠶᠢᠵᠤ ᠂ ᠵᠠᠷᠢᠮ ᠨᠢ ᠤᠬᠤᠷᠢᠨ ᠭᠠᠷᠬᠤ ᠶᠢ ᠪᠣᠳᠣᠯᠬᠢᠯᠠᠵᠤ ᠪᠠᠶᠢᠨ᠎ᠠ ᠃ ᠲᠡᠭᠡᠪᠡᠯ ᠂ ᠳᠤᠮᠳᠠᠳᠤ ᠤᠯᠤᠰ ᠤᠨ ᠭᠠᠳᠠᠭᠠᠳᠤ ᠨᠡᠭᠡᠭᠡᠯᠲᠡ ᠶᠢᠨ ᠲᠥᠷᠥ ᠶᠢᠨ ᠪᠣᠳᠣᠯᠭ᠎ᠠ ᠳᠤ ᠬᠤᠪᠢᠷᠠᠯᠲᠠ ᠭᠠᠷᠤᠨ᠎ᠠ ᠤᠤ︖ ᠣᠳᠣᠬᠠᠨ ᠤ ᠳᠤᠮᠳᠠᠳᠤ ᠠᠮᠧᠷᠢᠺᠠ ᠶᠢᠨ ᠬᠠᠷᠢᠴᠠᠭ᠎ᠠ ᠵᠢᠴᠢ ᠲᠡᠭᠦᠨ ᠤ ᠰᠠᠶᠢᠵᠢᠷᠠᠯᠲᠠ ᠶᠢᠨ ᠢᠷᠡᠭᠡᠳᠦᠢ  ᠶᠢᠨ ᠬᠠᠨᠳᠤᠰᠢ ᠶᠢ ᠬᠡᠷᠬᠢᠨ ᠦᠵᠡᠵᠦ ᠪᠠᠶᠢᠬᠤ ᠪᠤᠢ︖      ᠯᠢ ᠴᠢᠶᠠᠩ ᠄ ᠡᠨᠡ ᠵᠢᠯ ᠪᠣᠯ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠬᠢᠭᠰᠡᠨ 45 ᠵᠢᠯ ᠤᠨ ᠣᠢ ᠪᠣᠯᠣᠨ᠎ᠠ ᠂ ᠥᠭᠡᠷᠡᠴᠢᠯᠡᠯᠲᠡ ᠨᠡᠭᠡᠭᠡᠯᠲᠡ ᠨᠢ ᠳᠤᠮᠳᠠᠳᠤ ᠤᠯᠤᠰ ᠢ ᠬᠥᠭᠵᠢᠭᠦᠯᠦᠭᠰᠡᠨ ᠪᠥᠭᠡᠳ ᠳᠡᠯᠡᠬᠡᠢ ᠳ᠋ᠠᠬᠢᠨ ᠢ ᠨᠥᠯᠥᠭᠡᠯᠡᠪᠡ ᠃ ᠮᠢᠨᠤ ᠡᠵᠡᠮᠰᠢᠭᠰᠡᠨ ᠪᠠᠶᠢᠳᠠᠯ ᠠᠴᠠ ᠦᠵᠡᠪᠡᠯ ᠂ ᠵᠣᠩᠬᠢᠯᠠᠬᠤ ᠣᠯᠠᠨ ᠲᠣᠭᠠᠨ ᠤ ᠭᠠᠳᠠᠭᠠᠳᠤ ᠪᠡᠯᠡ ᠶᠢᠨ ᠠᠵᠤ ᠠᠬᠤᠶᠢᠯᠠᠯ ᠮᠥᠨ ᠯᠡ ᠳᠤᠮᠳᠠᠳᠤ ᠤᠯᠤᠰ ᠲᠠᠬᠢ ᠬᠥᠭᠵᠢᠯᠲᠡ ᠶᠢᠨ ᠢᠷᠡᠭᠡᠳᠦᠢ ᠳᠤ ᠢᠲᠡᠭᠡᠯ ᠲᠠᠢ ᠪᠠᠶᠢᠵᠤ ᠂ ᠨᠢᠳᠤᠨᠤᠨ ᠳᠤᠮᠳᠠᠳᠤ ᠤᠯᠤᠰ 1890 ᠭᠠᠷᠤᠢ ᠳ᠋ᠦᠩᠰᠢᠭᠤᠷ ᠳ᠋ᠣᠯᠯᠠᠷ ᠤᠨ ᠭᠠᠳᠠᠭᠠᠳᠤ ᠪᠡᠯᠡ ᠶᠢ ᠬᠡᠷᠡᠭᠯᠡᠵᠦ ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ ᠂ ᠭᠤᠷᠪᠠᠨ ᠵᠢᠯ ᠤᠨ ᠡᠮᠦᠨᠡᠬᠢ ᠠᠴᠠ ᠪᠠᠷᠤᠭ 500 ᠳ᠋ᠦᠩᠰᠢᠭᠤᠷ ᠳ᠋ᠣᠯᠯᠠᠷ ᠨᠡᠮᠡᠭᠳᠡᠵᠡᠢ ᠃ ᠡᠨᠡ ᠨᠢ ᠳᠤᠮᠳᠠᠳᠤ ᠤᠯᠤᠰ ᠮᠥᠨ ᠬᠦ ᠪᠦᠭᠦ ᠪᠥᠮᠪᠥᠷᠴᠡᠭ ᠤᠨ ᠪᠡᠯᠡ ᠣᠷᠣᠭᠤᠯᠤᠯᠲᠠ ᠶᠢᠨ ᠬᠠᠯᠠᠮᠰᠢᠯ ᠭᠠᠵᠠᠷ ᠪᠤᠯᠬᠤ ᠶᠢ ᠬᠠᠷᠠᠭᠤᠯᠵᠤ ᠪᠠᠶᠢᠨ᠎ᠠ ᠃      ᠭᠠᠳᠠᠭᠠᠳᠤ ᠨᠡᠭᠡᠭᠡᠯᠲᠡ ᠪᠣᠯ ᠮᠠᠨ ᠤ ᠦᠨᠳᠦᠰᠦᠨ ᠤᠯᠤᠰ ᠤᠨ ᠪᠣᠳᠣᠯᠭ᠎ᠠ ᠮᠥᠨ ᠂ ᠭᠠᠳᠠᠭᠠᠳᠤ ᠪᠠᠶᠢᠳᠠᠯ ᠶᠠᠭᠠᠬᠢᠵᠤ ᠬᠤᠪᠢᠷᠠᠭᠰᠠᠨ ᠴᠦ ᠪᠢᠳᠡ ᠴᠥᠮ ᠡᠷᠡᠰ ᠭᠤᠶᠢᠪᠢᠰᠢ ᠦᠭᠡᠢ ᠪᠠᠷ ᠤᠷᠤᠭᠰᠢ ᠠᠬᠢᠭᠤᠯᠬᠤ ᠪᠣᠯᠣᠨ᠎ᠠ ᠃ ᠪᠢ ᠠᠳᠡ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠢ ᠣᠨᠴᠠᠭᠠᠶᠢᠯᠠᠨ ᠳᠤᠷᠠᠳᠤᠶ᠎ᠠ ᠂ ᠡᠨᠡ ᠪᠣᠯ ᠳᠤᠮᠳᠠᠳᠤ ᠤᠯᠤᠰ ᠰᠠᠨᠠᠭᠠᠴᠢᠯᠠᠭ᠎ᠠ ᠠᠴᠠ ᠪᠠᠨ ᠳᠡᠯᠡᠬᠡᠢ ᠳ᠋ᠠᠬᠢᠨ ᠲᠡᠶᠢᠰᠢ ᠵᠠᠬ᠎ᠠ ᠳᠡᠯᠭᠡᠭᠦᠷ ᠢᠶᠠᠨ ᠨᠡᠭᠡᠭᠡᠵᠦ ᠂ ᠬᠥᠭᠵᠢᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠭᠦ ᠴᠢᠬᠤᠯᠠ ᠶᠡᠭᠡ ᠠᠷᠭ᠎ᠠ ᠬᠡᠮᠵᠢᠶ᠎ᠡ ᠪᠣᠯᠣᠨ᠎ᠠ ᠂ ᠨᠢᠭᠡᠨᠲᠡ 5 ᠬᠤᠭᠤᠴᠠᠭ᠎ᠠ ᠦᠷᠭᠦᠯᠵᠢᠯᠡᠨ ᠡᠷᠭᠢᠯᠡᠵᠦ ᠂ ᠬᠢᠵᠢᠭ ᠤᠨ ᠪᠠᠶᠢᠳᠠᠯ ᠳᠤ ᠴᠦ ᠭᠡᠰᠡᠨ ᠲᠠᠰᠤᠯᠳᠠᠭᠰᠠᠨ ᠦᠭᠡᠢ ᠶᠤᠮ ᠂ ᠨᠢᠳᠤᠨᠤᠨ 127 ᠤᠯᠤᠰ ᠪᠠ ᠭᠠᠵᠠᠷ ᠣᠷᠣᠨ ᠤ 2800 ᠭᠠᠷᠤᠢ ᠠᠵᠤ ᠠᠬᠤᠶᠢᠯᠠᠯ ᠦᠵᠡᠰᠭᠦᠯᠡᠩ ᠤᠨ ᠴᠤᠭᠯᠠᠭᠠᠨ ᠳᠤ ᠣᠷᠣᠯᠴᠠᠬᠰᠠᠨ ᠪᠠᠶᠢᠨ᠎ᠠ ᠃ ᠳᠤᠮᠳᠠᠳᠤ ᠤᠯᠤᠰ ᠤᠨ ᠨᠡᠭᠡᠭᠡᠯᠲᠡᠲᠤ ᠲᠣᠮᠣ ᠵᠠᠬ᠎ᠠ ᠳᠡᠯᠭᠡᠭᠦᠷ ᠨᠢ ᠡᠯ᠎ᠡ ᠤᠯᠤᠰ ᠤᠨ ᠠᠵᠤ ᠠᠬᠤᠶᠢᠯᠠᠯ ᠤᠨ ᠬᠥᠭᠵᠢᠯᠲᠡ ᠶᠢᠨ ᠴᠢᠬᠤᠯᠠ ᠠᠵᠠ ᠲᠣᠭᠢᠶᠠᠯ ᠪᠤᠯᠬᠤ ᠶᠢ ᠡᠨᠡ ᠬᠦ ᠦᠵᠡᠰᠭᠦᠯᠡᠩ ᠤᠨ ᠴᠤᠭᠯᠠᠭᠠᠨ ᠢ ᠠᠮᠵᠢᠯᠲᠠ ᠲᠠᠢ ᠡᠷᠭᠢᠯᠡᠭᠰᠡᠨ ᠨᠢ ᠭᠦᠢᠴᠡᠳ ᠲᠣᠳᠣᠷᠬᠠᠶᠢᠯᠠᠵᠤ ᠪᠠᠶᠢᠨ᠎ᠠ ᠃      ᠡᠨᠡ ᠵᠢᠯ ᠪᠢᠳᠡ ᠪᠠᠰᠠ ᠥᠨᠳᠥᠷ ᠪᠠᠷᠢᠮᠵᠢᠶᠠᠲᠤ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠲᠠᠢ ᠵᠣᠯᠭᠠᠭᠤᠯᠵᠤ ᠂ ᠨᠡᠭᠡᠭᠡᠯᠲᠡ ᠪᠠᠨ ᠤᠯᠠᠮ ᠴᠢᠨᠠᠭᠰᠢᠳᠠ ᠥᠷᠭᠡᠳᠬᠡᠨ᠎ᠡ ᠃ ᠳᠤᠮᠳᠠᠳᠤ ᠤᠯᠤᠰ ᠤᠨ ᠨᠡᠭᠡᠭᠡᠯᠲᠡ ᠬᠢᠬᠦ ᠡᠭᠦᠳᠡ ᠶᠠᠪᠤᠬᠤ ᠳᠤᠳᠤᠮ ᠲᠣᠮᠣ ᠨᠡᠭᠡᠭᠡᠭᠳᠡᠵᠦ ᠂ ᠣᠷᠴᠢᠨ ᠲᠣᠭᠤᠷᠢᠨ ᠶᠠᠪᠤᠬᠤ ᠳᠤᠳᠤᠮ ᠰᠠᠶᠢᠵᠢᠷᠠᠵᠤ ᠂ ᠦᠢᠯᠡᠴᠢᠯᠡᠭᠡ ᠶᠠᠪᠤᠬᠤ ᠳᠤᠳᠤᠮ ᠰᠢᠯᠢᠳᠡᠭᠵᠢᠨ᠎ᠡ ᠃ ᠨᠡᠭᠡᠭᠡᠯᠲᠡ ᠲᠠᠢ ᠳᠤᠮᠳᠠᠳᠤ ᠤᠯᠤᠰ ᠣᠯᠠᠨ ᠤ ᠪᠡᠯᠡ ᠣᠷᠣᠭᠤᠯᠵᠤ ᠦᠢᠯᠡᠰ ᠪᠣᠰᠬᠠᠬᠤ ᠶᠢ ᠪᠠᠶᠠᠷᠯᠠᠨ ᠤᠭᠲᠤᠵᠤ ᠪᠠᠶᠢᠨ᠎ᠠ ᠃      ᠳᠤᠮᠳᠠᠳᠤ ᠠᠮᠧᠷᠢᠺᠠ ᠶᠢᠨ ᠬᠠᠷᠢᠴᠠᠭᠠᠨ ᠤ ᠪᠣᠳᠠᠲᠠᠢ ᠠᠰᠠᠭᠤᠳᠠᠯ ᠤᠨ ᠲᠤᠬᠠᠢ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠴᠢᠨ ᠭᠠᠩ ᠲᠦᠷᠦᠭᠦᠦ ᠬᠡᠳᠦᠨ ᠡᠳᠦᠷ ᠤᠨ ᠰᠤᠷᠪᠤᠯᠵᠢᠯᠠᠬᠴᠢᠳ ᠤᠨ ᠬᠤᠷᠠᠯ ᠳᠡᠭᠡᠷ᠎ᠡ ᠨᠢᠭᠡᠨᠲᠡ ᠲᠣᠳᠣᠷᠬᠠᠶᠢᠯᠠᠨ ᠥᠭᠦᠯᠡᠵᠡᠢ ᠂ ᠪᠢ ᠲᠠᠭᠢᠵᠤ ᠨᠣᠷᠱᠣᠬᠤ ᠦᠭᠡᠢ ᠃ ᠣᠳᠣᠬᠠᠨ ᠤ ᠴᠢᠬᠤᠯᠠ ᠶᠠᠪᠤᠳᠠᠯ ᠪᠣᠯ ᠰᠢ ᠶᠢᠨ ᠫᠢᠩ ᠲᠡᠷᠢᠭᠦᠯᠡᠭᠴᠢ ᠪᠣᠯᠣᠨ ᠪᠠᠶᠢᠳᠧᠨ ᠶᠡᠷᠦᠩᠬᠡᠶᠢᠯᠡᠭᠴᠢ ᠶᠢᠨ ᠨᠢᠳᠤᠨᠤᠨ ᠤ 11 ᠰᠠᠷ᠎ᠠ ᠳᠤ ᠠᠭᠤᠯᠵᠠᠯᠲᠠ ᠬᠢᠬᠦ ᠦᠶ᠎ᠡ ᠳᠤ ᠲᠣᠬᠢᠷᠠᠯᠴᠠᠭᠰᠠᠨ ᠠᠯᠢ ᠣᠯᠠᠨ ᠴᠢᠬᠤᠯᠠ ᠬᠠᠮᠲᠤ ᠶᠢᠨ ᠲᠠᠨᠢᠯᠲᠠ ᠶᠢ ᠪᠣᠳᠠᠲᠠᠢ ᠲᠥᠷᠥ ᠶᠢᠨ ᠪᠣᠳᠣᠯᠭ᠎ᠠ ᠪᠣᠯᠣᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠶᠠᠪᠤᠳᠠᠯ ᠪᠣᠯᠣᠨ᠎ᠠ ᠃      ᠮᠢᠨᠤ ᠮᠡᠳᠡᠭᠦ ᠪᠠᠷ ᠂ ᠡᠨᠡ ᠬᠡᠳᠦᠨ ᠵᠢᠯ ᠳᠤ ᠠᠮᠧᠷᠢᠺᠠ ᠶᠢᠨ ᠤᠯᠤᠰ ᠤᠨ ᠳᠣᠲᠣᠭᠠᠳᠤ ᠶᠢᠨ ᠵᠠᠷᠢᠮ ᠬᠥᠮᠥᠰ ᠬᠤᠶᠠᠷ ᠤᠯᠤᠰ ᠤᠨ ︽ ᠬᠠᠷᠢᠴᠠᠭ᠎ᠠ ᠪᠠᠨ ᠲᠠᠰᠤᠯᠬᠤ ︾ ᠶᠠᠷᠢᠶ᠎ᠠ ᠬᠡᠯᠡᠯᠴᠡᠭᠡ ᠶᠢ ᠬᠥᠭᠡᠷᠭᠡᠳᠡᠵᠦ ᠪᠠᠶᠢᠨ᠎ᠠ ᠂ ᠵᠠᠷᠢᠮ ᠳᠠᠭᠠᠨ ᠪᠠᠰᠠ ᠮᠠᠰᠢ ᠶᠡᠭᠡ ᠬᠠᠯᠠᠮᠰᠢᠯ ᠪᠤᠯᠳᠠᠭ ᠪᠠᠶᠢᠨ᠎ᠠ ᠂ ᠭᠡᠪᠡᠴᠦ ᠴᠣᠬᠤᠮ ᠬᠡᠳᠦᠢ ᠬᠥᠮᠥᠨ ᠡᠶᠢᠮᠦᠷᠬᠦ ᠬᠥᠭᠡᠷᠭᠡᠳᠡᠯ ᠠᠴᠠ ᠦᠨᠡᠨ ᠬᠦ ᠠᠰᠢᠭ ᠭᠦᠷᠳᠡᠭᠦ ᠶᠢ ᠪᠢ ᠮᠡᠳᠡᠭᠦ ᠦᠭᠡᠢ ᠪᠠᠶᠢᠨ᠎ᠠ ᠃ ᠳᠤᠮᠳᠠᠳᠤ ᠶᠢᠨ ᠲᠠᠯ᠎ᠠ ᠶᠢᠨ ᠪᠦᠷᠢᠳᠬᠡᠯ ᠢ ᠦᠨᠳᠦᠰᠦᠯᠡᠪᠡᠯ ᠂ ᠨᠢᠳᠤᠨᠤᠨ ᠳᠤᠮᠳᠠᠳᠤ ᠠᠮᠧᠷᠢᠺᠠ ᠶᠢᠨ ᠠᠷᠠᠯᠵᠢᠶᠠᠨ ᠤ ᠬᠡᠮᠵᠢᠶ᠎ᠡ 7600 ᠳ᠋ᠦᠩᠰᠢᠭᠤᠷ ᠭᠠᠷᠤᠢ ᠳ᠋ᠣᠯᠯᠠᠷ ᠲᠤ ᠬᠦᠷᠴᠦ ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ ᠃ ᠳᠤᠮᠳᠠᠳᠤ ᠠᠮᠧᠷᠢᠺᠠ ᠬᠤᠶᠠᠷ ᠤᠯᠤᠰ ᠤᠨ ᠠᠵᠤ ᠠᠬᠤᠢ ᠬᠡᠨ ᠠᠯᠢᠨ  ᠠᠴᠠ ᠪᠠᠨ ᠰᠠᠯᠵᠤ ᠴᠢᠳᠠᠬᠤ ᠦᠭᠡᠢ ᠂ ᠬᠠᠷᠢᠯᠴᠠᠨ ᠪᠦᠷ ᠨᠦᠭᠦᠭᠡ ᠡᠲᠡᠭᠡᠳ ᠤᠨ ᠢᠶᠠᠨ ᠬᠥᠭᠵᠢᠯᠲᠡ ᠠᠴᠠ ᠠᠰᠢᠭ ᠬᠦᠷᠲᠡᠵᠦ ᠪᠤᠢ ᠃ ᠪᠢ ᠨᠢᠳᠤᠨᠤᠨ ᠶᠡᠬᠡᠩᠬᠢ ᠴᠠᠭ ᠲᠤ ᠱᠠᠩᠬᠠᠢ ᠳᠤ ᠠᠵᠢᠯᠯᠠᠵᠤ ᠂ ᠠᠮᠧᠷᠢᠺᠠ ᠶᠢᠨ ᠪᠡᠯᠡ ᠶᠢ ᠪᠠᠭᠲᠠᠭᠠᠭᠰᠠᠨ ᠴᠥᠭᠡᠨ ᠪᠤᠰᠤ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠳᠡᠭᠡᠳᠦ ᠲᠡᠰ ᠤᠨ ᠬᠠᠮᠢᠶᠠᠷᠤᠭᠴᠢ ᠲᠠᠢ ᠠᠭᠤᠯᠵᠠᠵᠤ ᠤᠴᠠᠷᠠᠭᠰᠠᠨ ᠶᠤᠮ ᠂ ᠲᠡᠳᠡ ᠪᠦᠷ ᠨᠠᠳᠠ ᠳᠤ ᠱᠠᠩᠬᠠᠢ ᠶᠢ ᠲᠣᠭᠤᠵᠤ ᠂ ᠳᠤᠮᠳᠠᠳᠤ ᠤᠯᠤᠰ ᠢ ᠲᠣᠭᠤᠵᠤ ᠂ ᠬᠠᠮᠲᠤᠷᠠᠯᠴᠠᠭ᠎ᠠ  ᠶᠢᠨ ᠳᠤᠮᠳᠠ ᠠᠴᠠ ᠬᠠᠮᠲᠤ ᠪᠠᠷ ᠠᠰᠢᠭ ᠭᠦᠷᠳᠡᠭᠦ ᠶᠢ ᠬᠦᠰᠡᠵᠦ ᠪᠠᠶᠢᠨ᠎ᠠ ᠭᠡᠵᠦ ᠬᠡᠯᠡᠪᠡ ᠃ ᠡᠳᠡᠭᠡᠷ ᠨᠢ ᠴᠥᠮ ᠳᠤᠮᠳᠠᠳᠤ ᠠᠮᠧᠷᠢᠺᠠ ᠬᠠᠮᠲᠤᠷᠠᠨ ᠠᠵᠢᠯᠯᠠᠵᠤ ᠪᠤᠯᠬᠤ ᠪᠥᠭᠡᠳ ᠬᠠᠮᠲᠤᠷᠠᠨ ᠠᠵᠢᠯᠯᠠᠬᠤ ᠴᠤ ᠶᠣᠰᠣᠲᠠᠢ ᠭᠡᠳᠡᠭ ᠢ ᠬᠠᠷᠠᠭᠤᠯᠵᠤ ᠪᠠᠶᠢᠨ᠎ᠠ ᠃ ᠳᠤᠮᠳᠠᠳᠤ ᠠᠮᠧᠷᠢᠺᠠ ᠬᠠᠮᠲᠤᠷᠠᠯᠴᠠᠭ᠎ᠠ ᠬᠢᠬᠦ ᠰᠠᠷᠠᠭᠤᠯ ᠢᠷᠡᠭᠡᠳᠦᠢ ᠲᠠᠢ ᠃ ᠪᠦᠰᠡᠯᠡᠯᠲᠡ ᠂ ᠳᠠᠷᠤᠯᠲᠠ ᠨᠢ ᠬᠡᠨ ᠳᠤ ᠴᠦ ᠠᠰᠢᠭ ᠦᠭᠡᠢ ᠶᠤᠮ ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠄ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠬᠠᠲᠠᠭᠤ ᠪᠡᠷᠬᠡ ᠬᠦᠨᠳᠦ ᠨᠦᠰᠡᠷ ᠡᠭᠦᠷᠭᠡ ᠳᠤ ᠲᠤᠯᠭᠠᠷᠠᠵᠤ ᠂ ᠡᠯ᠎ᠡ ᠲᠠᠯ᠎ᠠ ᠶᠢᠨ ᠬᠢᠨ ᠴᠦ ᠮᠠᠰᠢ ᠥᠨᠳᠥᠷ ᠬᠦᠰᠡᠯ ᠡᠷᠡᠮᠡᠯᠵᠡᠯ ᠲᠠᠯᠪᠢᠵᠤ ᠪᠠᠶᠢᠨ᠎ᠠ ᠂ ᠡᠨᠡ ᠨᠢ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠂ ᠠᠵᠢᠯ  ᠤᠨ ᠰᠤᠷᠲᠠᠯ ᠳᠤ ᠴᠥᠮ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠲᠠᠯ᠎ᠠ ᠪᠠᠷ ᠶᠠᠮᠠᠷ ᠶᠠᠮᠠᠷ ᠪᠣᠳᠣᠯᠬᠢᠯᠠᠯ ᠲᠠᠢ ᠪᠤᠶ︖      ᠯᠢ ᠴᠢᠶᠠᠩ ᠄ ᠲᠠᠨ ᠤ ᠬᠡᠯᠡᠭᠰᠡᠨ ᠰᠢᠭ ᠢᠶᠠᠷ ᠂ ᠰᠢᠨ᠎ᠡ ᠡᠭᠦᠷᠭᠡ ᠬᠠᠷᠢᠭᠤᠴᠠᠯᠭ᠎ᠠ ᠪᠢᠳᠡᠨ ᠳᠤ ᠨᠠᠩ ᠥᠨᠳᠥᠷ ᠰᠢᠨ᠎ᠡ ᠱᠠᠭᠠᠷᠳᠠᠯᠭ᠎ᠠ ᠳᠤᠷᠠᠳᠴᠠᠢ ᠃ ᠪᠢᠳᠡ ᠰᠢᠨ᠎ᠡ ᠨᠢᠭᠡᠨ ᠡᠭᠡᠯᠵᠢ ᠶᠢᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠲᠣᠭᠢᠶᠠᠯ ᠪᠣᠯᠭᠠᠨ ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠪᠠᠨ ᠦᠨᠡᠨ ᠬᠦ ᠴᠢᠩᠭᠠᠳᠬᠠᠵᠤ ᠂ ᠡᠭᠦᠷᠭᠡ ᠴᠢᠳᠠᠪᠤᠷᠢ ᠪᠠᠨ ᠤᠯᠠᠮ ᠨᠢᠭᠡ ᠠᠯᠬᠤᠮ ᠬᠤᠪᠢᠷᠠᠭᠤᠯᠤᠨ ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠂ ᠰᠤᠷᠲᠠᠯ ᠢᠶᠠᠨ ᠰᠠᠶᠢᠵᠢᠷᠠᠭᠤᠯᠬᠤ ᠪᠠᠷ ᠲᠥᠯᠥᠪᠯᠡᠵᠦ ᠪᠠᠶᠢᠨ᠎ᠠ ᠃ ᠳᠥᠷᠪᠡᠨ ᠵᠦᠢᠯ ᠤᠨ ᠠᠵᠢᠯ ᠢ ᠲᠣᠪᠣᠶᠢᠮ᠎ᠠ ᠠᠳᠬᠤᠨ᠎ᠠ ᠄      ᠨᠢᠭᠡ ᠳᠤ ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠤᠨ᠎ᠠ ᠃ ᠣᠶᠢᠷ᠎ᠠ ᠳᠤ ᠨᠠᠮ ᠤᠨ ᠲᠥᠪ ᠬᠤᠷᠢᠶ᠎ᠠ ᠠᠴᠠ ᠨᠢᠭᠡᠨᠲᠡ ᠲᠣᠳᠣᠷᠬᠠᠢ ᠱᠠᠭᠠᠷᠳᠠᠯᠭ᠎ᠠ ᠳᠤᠷᠠᠳᠴᠤ ᠂ ᠲᠦᠷᠦ ᠶᠢᠨ ᠶᠠᠪᠤᠳᠠᠯ ᠤᠨ ᠬᠤᠷᠢᠶ᠎ᠠ ᠲᠦᠷᠦᠭᠦᠯᠡᠨ ᠨᠠᠷᠢᠨ ᠬᠢᠨᠠᠮᠠᠭᠠᠢ ᠰᠠᠶᠢᠲᠤᠷ ᠠᠳᠬᠤᠵᠤ ᠨᠠᠶᠢᠳᠠᠪᠤᠷᠢᠵᠢᠭᠤᠯᠬᠤ ᠬᠡᠷᠡᠭᠲᠡᠢ ᠭᠡᠪᠡ ᠃ ᠪᠢ ᠤᠷᠲᠤ ᠬᠤᠭᠤᠴᠠᠭ᠎ᠠ ᠪᠠᠷ ᠣᠷᠣᠨ ᠨᠤᠲᠤᠭ ᠲᠤ ᠠᠵᠢᠯᠯᠠᠵᠤ ᠂ ᠡᠨᠡ ᠲᠠᠯ᠎ᠠ ᠪᠠᠷ ᠮᠠᠰᠢ ᠭᠦᠨ ᠲᠥᠷᠥᠭᠳᠡᠯ ᠲᠠᠢ ᠄ ᠠᠯᠪᠠᠨ ᠭᠡᠷ ᠲᠤ ᠰᠠᠭᠤᠪᠠᠯ ᠲᠤᠯᠭᠠᠷᠠᠬᠤ ᠨᠢ ᠴᠥᠮ ᠠᠰᠠᠭᠤᠳᠠᠯ ᠪᠠᠶᠢᠳᠠᠭ ᠂ ᠦᠨᠳᠦᠰᠦᠨ ᠱᠠᠲᠤᠨ ᠳᠤ ᠭᠦᠨᠵᠡᠭᠡᠶᠢᠷᠡᠪᠡᠯ ᠠᠯᠢ ᠤᠯᠠᠨ ᠠᠷᠭ᠎ᠠ ᠣᠯᠳᠠᠳᠠᠭ ᠃ ᠮᠡᠷᠭᠡᠳ ᠠᠷᠠᠳ ᠤᠨ ᠳᠤᠮᠳᠠ ᠪᠠᠶᠢᠳᠠᠭ ᠃ ᠪᠢᠳᠡ ᠡᠯ᠎ᠡ ᠱᠠᠲᠤᠨ ᠤ ᠺᠠᠳ᠋ᠷᠴᠤᠳ ᠤᠨ ᠡᠮᠦᠨ᠎ᠡ ᠹᠷᠣᠨᠲ ᠲᠤ ᠢᠯᠡᠭᠦᠬᠡᠨ ᠣᠴᠢᠬᠤ ᠶᠢ ᠠᠬᠢᠭᠤᠯᠵᠤ ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠵᠤ ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠵᠤ ᠂ ᠠᠷᠠᠳ ᠤᠯᠠᠨ ᠠᠴᠠ ᠰᠤᠷᠤᠯᠴᠠᠵᠤ ᠂ ᠦᠨᠳᠦᠰᠦᠨ ᠱᠠᠲᠤ ᠶᠢ ᠦᠨᠡᠨ ᠬᠦ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠭᠦ ᠬᠡᠷᠡᠭᠲᠡᠢ ᠃ ᠢᠯᠠᠩᠭᠤᠶ᠎ᠠ ᠤᠷᠳᠤ ᠬᠤᠭᠤᠴᠠᠭ᠎ᠠ ᠪᠠᠷ ᠲᠣᠮᠣ ᠪᠠᠶᠢᠭᠤᠯᠭ᠎ᠠ ᠳᠤ ᠠᠵᠢᠯᠯᠠᠵᠤ ᠪᠠᠶᠢᠭ᠎ᠠ ᠵᠠᠯᠠᠭᠤ ᠨᠥᠬᠦᠳ ᠦᠨᠳᠦᠰᠦᠨ ᠱᠠᠲᠤᠨ ᠳᠤ ᠭᠦᠨᠵᠡᠭᠡᠶᠢᠷᠡᠵᠦ ᠂ ᠦᠨᠳᠦᠰᠦᠨ ᠱᠠᠲᠤᠨ ᠳᠤ ᠰᠡᠳᠬᠢᠯ ᠬᠤᠯᠪᠣᠨ ᠂ ᠤᠯᠠᠨ ᠲᠦᠮᠡᠨ ᠲᠠᠢ ᠨᠡᠩ ᠣᠶᠢᠷᠠᠲᠤᠭᠰᠠᠨ ᠪᠠᠶᠢᠬᠤ ᠬᠡᠷᠡᠭᠲᠡᠢ ᠃      ᠬᠤᠶᠠᠷ ᠲᠤ ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ ᠃ ᠵᠠᠰᠠᠭ ᠤᠨ ᠣᠷᠳᠣᠨ ᠤ ᠠᠵᠢᠯ ᠢ ᠡᠷᠬᠡᠪᠰᠢ ᠬᠠᠤᠯᠢ ᠴᠠᠭᠠᠵᠠ ᠶᠢᠨ ᠪᠣᠷᠣ ᠲᠥᠯᠥᠪ ᠤᠨ ᠳᠣᠲᠣᠷ᠎ᠠ ᠶᠠᠪᠤᠭᠳᠠᠭᠤᠯᠵᠤ ᠂ ᠠᠯᠢᠪᠠ ᠵᠠᠰᠠᠭ ᠵᠠᠬᠢᠷᠭᠠᠨ ᠤ ᠠᠵᠢᠯᠯᠠᠭ᠎ᠠ ᠶᠢ ᠴᠥᠮ ᠬᠠᠤᠯᠢ ᠶᠢᠨ ᠦᠨᠳᠦᠰᠦᠯᠡᠯ ᠲᠠᠢ ᠪᠠᠶᠢᠯᠭᠠᠬᠤ ᠬᠡᠷᠡᠭᠲᠡᠢ ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ ᠂ ᠬᠠᠤᠯᠢᠵᠢᠯ ᠤᠨ ᠰᠡᠳᠬᠢᠬᠦᠢ ᠂ ᠬᠠᠤᠯᠢᠵᠢᠯ ᠤᠨ ᠠᠷᠭ᠎ᠠ ᠭᠡᠯᠪᠡᠷᠢ ᠪᠠᠷ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠃      ᠭᠤᠷᠪᠠ ᠳᠤ ᠂ ᠪᠦᠲᠦᠭᠡᠯᠴᠢ ᠴᠢᠨᠠᠷᠲᠠᠢ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ ᠃ ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ ᠠᠯᠪᠠᠨ ᠠᠵᠢᠯᠲᠠᠳ ᠴᠥᠮ ᠦᠢᠯᠡᠴᠢᠯᠡᠬᠦ ᠤᠬᠠᠮᠰᠠᠷ ᠂ ᠬᠥᠭᠵᠢᠯᠲᠡ ᠶᠢᠨ ᠤᠬᠠᠮᠰᠠᠷ ᠲᠠᠢ ᠪᠠᠶᠢᠬᠤ ᠬᠡᠷᠡᠭᠲᠡᠢ ᠂ ᠢᠯᠠᠩᠭᠤᠶ᠎ᠠ ᠬᠢᠨᠠᠨ ᠵᠥᠪᠰᠢᠶᠡᠷᠡᠬᠦ ᠂ ᠬᠠᠮᠢᠶᠠᠷᠬᠤ ᠡᠭᠦᠷᠭᠡ ᠴᠢᠳᠠᠪᠤᠷᠢ ᠪᠠᠨ ᠭᠦᠢᠴᠡᠳᠬᠡᠬᠦ ᠦᠶ᠎ᠡ ᠳᠤ  ᠲᠣᠷᠣᠮᠰᠤᠯᠠᠭᠤᠷ  ᠢ ᠯᠠ ᠭᠢᠰᠬᠢᠭᠡᠳ ᠂ ᠲᠣᠰᠣ ᠨᠡᠮᠡᠭᠦ ᠪᠠᠨ ᠮᠠᠷᠲᠠᠵᠤ ᠪᠤᠯᠬᠤ ᠦᠭᠡᠢ ︔ ᠵᠦᠪᠭᠡᠨ ᠵᠠᠮ ᠤᠨ ᠬᠤᠷᠢᠭ᠎ᠠ ᠯᠡ ᠭᠠᠷᠭᠠᠵᠤ ᠂ ᠵᠠᠮ ᠤᠨ ᠲᠡᠮᠳᠡᠭ ᠲᠠᠯᠪᠢᠬᠤ ᠦᠭᠡᠢ ᠪᠠᠶᠢᠵᠤ ᠪᠤᠯᠬᠤ ᠦᠭᠡᠢ ︔ ᠠᠯᠢᠪᠠ ᠶᠠᠪᠤᠳᠠᠯ ᠳᠤ ︽ ᠬᠢᠪᠡᠯ ᠵᠣᠬᠢᠬᠤ ᠡᠰᠡᠬᠦ ︾  ᠶᠢᠨ ᠦᠷᠳᠡᠭ ᠤᠨ ᠮᠠᠭᠠᠳᠯᠠᠯᠲᠠ ᠶᠢ ᠢᠯᠡᠭᠦᠬᠡᠨ ᠬᠢᠬᠦ ᠬᠡᠷᠡᠭᠲᠡᠢ ᠂ ᠵᠥᠪᠭᠡᠨ ᠳᠥᠭᠦᠮᠬᠡᠨ ᠢᠶᠠᠷ ︽ ᠬᠢᠵᠦ ᠪᠤᠯᠬᠤ ᠡᠰᠡᠬᠦ ︾  ᠶᠢᠨ ᠮᠡᠷᠭᠡᠵᠢᠯ ᠤᠨ ᠮᠠᠭᠠᠳᠯᠠᠯᠲᠠ ᠬᠢᠵᠦ ᠪᠤᠯᠬᠤ ᠦᠭᠡᠢ ᠃ ᠠᠯᠢᠪᠠ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ ᠂ ᠵᠢᠩᠬᠢᠨᠢ ᠪᠦᠲᠦᠭᠡᠯᠴᠢ ᠴᠢᠳᠠᠪᠤᠷᠢ ᠲᠠᠢ ᠭᠦᠢᠴᠡᠳᠭᠡᠭᠴᠢ ᠪᠤᠯᠬᠤ ᠬᠡᠷᠡᠭᠲᠡᠢ ᠃      ᠳᠥᠷᠪᠡ ᠳᠤ ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠡᠷᠡᠰ ᠰᠠᠬᠢᠨ᠎ᠠ ᠃ ᠪᠢᠳᠡ ᠢᠮᠠᠭᠲᠠ ᠴᠢᠩᠭ᠎ᠠ ᠪᠠᠷᠢᠮᠵᠢᠶ᠎ᠠ ᠂ ᠴᠢᠩᠭ᠎ᠠ ᠠᠷᠭ᠎ᠠ ᠬᠡᠮᠵᠢᠶ᠎ᠡ ᠪᠠᠷ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠰᠠᠶᠢᠲᠤᠷ ᠠᠳᠬᠤᠵᠤ ᠂ ᠠᠯᠢᠪᠠ ᠢᠯᠵᠢᠷᠡᠯ ᠤᠨ ᠠᠵᠢᠯᠯᠠᠭ᠎ᠠ  ᠶᠢ ᠥᠴᠥᠬᠡᠨ ᠴᠦ ᠠᠭᠤᠴᠢᠯᠠᠬᠤ ᠦᠭᠡᠢ ᠃ ᠵᠠᠰᠠᠭ ᠤᠨ ᠣᠷᠳᠣᠨ ᠤ ᠠᠵᠢᠯᠲᠠᠨ ᠨᠢᠭᠡᠪᠦᠷᠢ ᠴᠥᠮ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ ᠂ ᠦᠨᠡᠨᠴᠢ ᠰᠢᠳᠤᠷᠭᠤ ᠂ ᠴᠡᠪᠡᠷ ᠴᠢᠬᠡᠴᠢ ᠂ ᠬᠠᠷᠢᠭᠤᠴᠠᠯᠭ᠎ᠠ ᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠃      ᠰᠤᠷᠪᠤᠯᠵᠢᠯᠠᠬᠴᠢᠳ ᠤᠨ ᠬᠤᠷᠠᠯ ᠠᠷᠠᠳ ᠤᠨ ᠶᠡᠭᠡ ᠬᠤᠷᠠᠯ ᠤᠨ ᠲᠠᠩᠬᠢᠮ ᠤᠨ ᠭᠤᠷᠪᠠᠳᠤᠭᠠᠷ ᠳᠠᠪᠬᠤᠷᠯᠢᠭ ᠤᠨ ᠠᠯᠲᠠᠨ ᠥᠩᠭᠡᠲᠦ ᠣᠷᠳᠣᠨ ᠳᠤ 80 ᠮᠢᠨᠦ᠋ᠲ ᠶᠠᠪᠤᠭᠳᠠᠵᠤ ᠂ ᠳᠣᠲᠣᠭᠠᠳᠤ ᠭᠠᠳᠠᠭᠠᠳᠤ ᠶᠢᠨ 500 ᠭᠠᠷᠤᠢ ᠰᠤᠷᠪᠤᠯᠵᠢᠯᠠᠬᠴᠢ ᠣᠷᠣᠯᠴᠠᠵᠠᠢ ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号