2023 ᠣᠨ ᠤ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ | ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ 3 | ᠰᠠᠷ᠎ᠠ ᠶᠢᠨ 14 ︱ 15 ᠤ ᠡᠳᠦᠷ ᠪᠣᠯᠲᠠᠯ᠎ᠠ᠂ ᠵᠢᠭᠠᠰᠤᠨ ᠤ ᠠᠵᠤ ᠦᠢᠯᠡᠰ ᠵᠢᠭᠠᠰᠤᠨ ᠤ ᠶᠠᠪᠤᠳᠠᠯ ᠤᠨ | ᠬᠠᠮᠢᠶᠠᠷᠤᠯᠲᠠ ᠶᠢᠨ ᠲᠣᠪᠴᠢᠶ᠎ᠠ ᠠᠴᠠ ᠪᠥᠬᠦ ᠣᠷᠣᠨ ᠤ ᠵᠢᠭᠠᠰᠤᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠪᠣᠯᠪᠠᠰᠤᠷᠠᠯ ᠤᠨ ᠠᠩᠭᠢ ᠶᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ | ᠶᠦᠩ ᠬᠤᠸᠠ ᠠᠩᠭᠢ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃ | | | | ᠪᠣᠯᠪᠠᠰᠤᠷᠠᠯ ᠤᠨ ᠠᠩᠭᠢ ᠨᠢ ᠬᠤᠵᠢᠷᠯᠢᠭ ᠭᠠᠵᠠᠷ ᠤᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠪᠠ | ᠶᠡᠷᠦᠩᠬᠡᠶᠢᠯᠡᠨ ᠠᠰᠢᠭᠯᠠᠬᠤ᠂ ᠲᠤᠲᠤᠷᠭ᠎ᠠ ᠶᠢᠨ ᠵᠢᠭᠠᠰᠤ ᠶᠢ ᠶᠡᠷᠦᠩᠬᠡᠶᠢᠯᠡᠨ ᠳᠠᠷᠢᠵᠤ ᠲᠡᠵᠢᠭᠡᠬᠦ᠂ ᠬᠦᠢᠲᠡᠨ | ᠤᠰᠤᠨ ᠤ ᠵᠢᠭᠠᠰᠤᠨ ᠤ ᠠᠵᠤ ᠦᠢᠯᠡᠰ ᠤᠨ ᠬᠥᠭᠵᠢᠯᠲᠡ᠂ ᠤᠰᠤᠨ ᠭᠠᠳᠠᠷᠭᠤ ᠶᠢᠨ ᠠᠮᠢ ᠠᠬᠤᠢ ᠶᠢᠨ ᠲᠡᠵᠢᠭᠡᠨ | ᠦᠷᠡᠵᠢᠭᠦᠯᠬᠦ ᠵᠡᠷᠭᠡ ᠵᠢᠭᠠᠰᠤᠨ ᠤ ᠠᠵᠤ ᠦᠢᠯᠡᠰ ᠤᠨ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ | ᠪᠠᠲᠤᠯᠠᠬᠤ ᠠᠵᠢᠯ ᠤᠨ ᠲᠣᠭᠤᠷᠢᠨ ᠳᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ | ᠤᠯᠤᠰ ᠤᠨ ᠤᠰᠤᠨ ᠤ ᠭᠠᠷᠤᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠱᠠᠩᠬᠠᠢ ᠶᠢᠨ ᠲᠡᠯᠡᠶ | ᠲᠠᠩᠭᠢᠰ ᠤᠨ ᠶᠡᠭᠡ ᠰᠤᠷᠭᠠᠭᠤᠯᠢ ᠵᠡᠷᠭᠡ ᠨᠢᠭᠡᠴᠢ ᠶᠢᠨ ᠨᠠᠷᠠᠲᠤ ᠲᠤᠰᠬᠠᠢ ᠮᠡᠷᠭᠡᠵᠢᠯᠲᠡᠨ ᠢ ᠤᠷᠢᠵᠤ ᠲᠤᠰᠬᠠᠢ | ᠰᠡᠳᠦᠪ ᠢᠶᠠᠷ ᠬᠢᠴᠢᠶᠡᠯᠯᠡᠭᠦᠯᠵᠦ᠂ ᠲᠠᠯᠠᠢ ᠨᠠᠭᠤᠷ ᠤᠨ ᠵᠢᠭᠠᠰᠤᠨ ᠤ ᠠᠵᠤ ᠦᠢᠯᠡᠰ ᠤᠨ ᠺᠣᠮᠫᠠᠨᠢ ᠶᠢᠨ | ᠬᠠᠷᠢᠭᠤᠴᠠᠯᠭᠠᠲᠠᠨ ᠢ ᠤᠷᠢᠵᠤ ᠵᠢᠭᠠᠰᠤᠨ ᠤ ᠠᠵᠤ ᠦᠢᠯᠡᠰ ᠤᠨ ᠠᠶᠤᠯᠭᠦᠢ ᠦᠢᠯᠡᠳᠪᠦᠷᠢᠯᠡᠯ ᠤᠨ ᠪᠡᠶᠡᠴᠢ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠪᠣᠯᠪᠠᠰᠤᠷᠠᠯ ᠬᠢᠯᠭᠡᠵᠡᠢ᠃ ᠪᠣᠯᠪᠠᠰᠤᠷᠠᠯ ᠳᠤ | ᠣᠷᠣᠯᠴᠠᠭᠰᠠᠳ ᠬᠢᠴᠢᠶᠡᠯᠯᠡᠬᠦ ᠠᠭᠤᠯᠭ᠎ᠠ ᠵᠢᠴᠢ ᠣᠨ ᠤ ᠵᠢᠭᠠᠰᠤᠨ ᠤ ᠠᠵᠤ ᠦᠢᠯᠡᠰ ᠤᠨ ᠭᠤᠣᠯᠳᠠᠯᠭ᠎ᠠ ᠲᠠᠢ | ᠠᠵᠢᠯ ᠲᠠᠢ ᠪᠠᠨ ᠤᠶᠠᠯᠳᠤᠭᠤᠯᠤᠨ ᠶᠠᠷᠢᠯᠴᠠᠵᠤ ᠰᠣᠯᠢᠯᠴᠠᠪᠠ᠃ | | | | ᠲᠢᠩᠬᠢᠮ ᠤᠨ ᠳᠡᠳ᠋ ᠳᠠᠷᠤᠭ᠎ᠠ ᠵᠣᠣ ᠶᠦᠩ ᠬᠤᠸᠠ ᠴᠢᠬᠤᠯᠠᠴᠢᠯᠠᠬᠤ ᠳᠤ ᠪᠠᠨ ᠂ ᠡᠯ᠎ᠡ ᠠᠶᠢᠮᠠᠭ ᠬᠤᠲᠠ ᠶᠢᠨ | ᠬᠢᠨ ᠲᠣᠰ ᠤᠳᠠᠭᠠᠨ ᠤ ᠪᠣᠯᠪᠠᠰᠤᠷᠠᠯ ᠢ ᠲᠤᠬᠠᠢ ᠶᠢᠨ ᠭᠠᠵᠠᠷ ᠤᠨ ᠵᠢᠭᠠᠰᠤᠨ ᠤ ᠠᠵᠤ ᠦᠢᠯᠡᠰ ᠤᠨ | ᠦᠢᠯᠡᠳᠪᠦᠷᠢᠯᠡᠯ ᠤᠨ ᠪᠣᠳᠠᠲᠠᠢ ᠲᠠᠢ ᠤᠶᠠᠯᠳᠤᠭᠤᠯᠵᠤ᠂ ᠤᠰᠤᠨ ᠤ ᠭᠠᠷᠤᠯᠲᠠ ᠶᠢᠨ ᠭᠠᠷᠤᠯᠲᠠ ᠶᠢ | ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢ ᠬᠦᠴᠦᠯᠡᠨ ᠰᠠᠶᠢᠲᠤᠷ ᠠᠳᠬᠤᠵᠤ᠂ ᠤᠰᠤᠨ ᠤ ᠠᠮᠢᠳᠤ | ᠪᠣᠳᠠᠰ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠲᠦᠯᠬᠢᠨ ᠠᠬᠢᠭᠤᠯᠵᠤ᠂ ᠵᠢᠭᠠᠰᠤᠨ ᠤ ᠠᠵᠤ ᠦᠢᠯᠡᠰ ᠤᠨ | ᠠᠶᠤᠯᠭᠦᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠢᠭᠠᠰᠤᠨ ᠤ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ ᠭᠡᠵᠡᠢ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ | ᠬᠠᠮᠢᠶ᠎ᠠ ᠪᠦᠬᠦᠢ ᠠᠵᠢᠯᠲᠠᠨ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠣᠷᠣᠨ ᠤ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠵᠢᠭᠠᠰᠤᠨ ᠤ ᠠᠵᠤ ᠦᠢᠯᠡᠰ | ᠵᠢᠭᠠᠰᠤᠨ ᠤ ᠶᠠᠪᠤᠳᠠᠯ ᠤᠨ ᠰᠠᠯᠠᠭ᠎ᠠ ᠶᠢᠨ ᠳᠠᠷᠤᠭ᠎ᠠ᠂ ᠮᠡᠷᠭᠡᠵᠢᠯ ᠤᠨ ᠦᠢᠯᠡᠴᠢᠯᠡᠭᠡᠨ ᠤ ᠵᠢᠯᠣᠭᠤᠳᠤᠭᠴᠢ ᠵᠢᠴᠢ | ᠭᠤᠣᠯᠳᠠᠯᠭ᠎ᠠ ᠲᠠᠢ ᠵᠢᠭᠠᠰᠤᠨ ᠤ ᠠᠵᠤ ᠦᠢᠯᠡᠰ ᠤᠨ ᠦᠢᠯᠡᠳᠪᠦᠷᠢᠯᠡᠯ ᠤᠨ ᠨᠢᠭᠡᠴᠢ ᠶᠢᠨ ᠭᠤᠣᠯ ᠬᠠᠷᠢᠭᠤᠴᠠᠯᠭᠠᠲᠠᠨ | ᠵᠡᠷᠭᠡ 100 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃ | |