ᠥᠪᠡᠷᠲᠡᠭᠡᠨ ᠵᠠᠰᠠᠬᠤ ᠣᠷᠣᠨ ᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ ᠬᠦᠷᠢᠶ᠎ᠡ ᠬᠤᠰᠢᠭᠤᠨ ᠳᠤ ᠬᠠᠪᠰᠤᠷᠤᠨ ᠲᠡᠳᠭᠦᠬᠦ ᠡᠳ᠋ ᠪᠣᠳᠠᠰ ᠬᠦᠷᠭᠡᠪᠡ
ᠨᠡᠶᠢᠲᠡᠯᠡᠭᠰᠡᠨ ᠴᠠᠭ᠄
2023/3/16
      ᠣᠶᠢᠷ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠬᠦᠷᠢᠶ᠎ᠡ ᠬᠤᠰᠢᠭᠤ ᠶᠢ ᠬᠠᠪᠰᠤᠷᠤᠨ ᠲᠡᠳᠬᠦᠬᠦ ᠠᠮᠢᠲᠠᠨ ᠤ ᠬᠢᠵᠢᠭ ᠢ ᠰᠡᠷᠭᠡᠶᠢᠯᠡᠬᠦ ᠡᠳ᠋ ᠪᠣᠳᠠᠰ ᠵᠠᠯᠭᠠᠭ᠎ᠠ ᠪᠠᠷ ᠬᠦᠷᠴᠦ ᠢᠷᠡᠪᠡ᠃      ᠣᠶᠢᠷ᠎ᠠ ᠶᠢᠨ ᠵᠢᠯ ᠳᠤ᠂ ᠬᠦᠷᠢᠶ᠎ᠡ ᠬᠤᠰᠢᠭᠤᠨ ᠤ ᠮᠠᠯ ᠠᠵᠤ ᠠᠬᠤᠢ ᠶᠢᠨ ᠶᠡᠭᠡ ᠬᠥᠭᠵᠢᠯᠲᠡ ᠶᠢ ᠳᠠᠭᠠᠯᠳᠤᠨ᠂ ᠮᠠᠯ ᠤᠨ ᠲᠤᠭ᠎ᠠ ᠵᠢᠯ ᠳᠠᠷᠠᠭᠠᠯᠠᠨ ᠨᠡᠮᠡᠭᠳᠡᠵᠦ᠂ ᠲᠤᠬᠠᠢ ᠶᠢᠨ ᠭᠠᠵᠠᠷ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠤᠨ ᠡᠭᠦᠷᠭᠡ ᠤᠯᠠᠮ ᠢᠶᠠᠷ ᠬᠦᠨᠳᠦᠷᠡᠪᠡ᠃ 2023 ᠣᠨ ᠤ ᠬᠠᠪᠤᠷ ᠤᠨ ᠰᠡᠷᠭᠡᠶᠢᠯᠡᠯᠲᠡ ᠶᠢᠨ ᠠᠵᠢᠯ ᠤᠳᠠᠯ ᠦᠭᠡᠢ ᠡᠬᠢᠯᠡᠬᠦ ᠭᠡᠵᠦ ᠪᠠᠶᠢᠨ᠎ᠠ᠂ ᠡᠯ᠎ᠡ ᠲᠥᠷᠥᠯ ᠤᠨ ᠬᠢᠵᠢᠭ ᠢ ᠰᠡᠷᠭᠡᠶᠢᠯᠡᠬᠦ ᠡᠳ᠋ ᠪᠣᠳᠠᠰ ᠨᠡᠯᠢᠶᠡᠳ ᠶᠡᠭᠡ ᠲᠤᠲᠠᠭᠳᠠᠵᠤ ᠪᠠᠶᠢᠭ᠎ᠠ ᠪᠠᠶᠢᠳᠠᠯ ᠤᠨ ᠡᠮᠦᠨ᠎ᠡ᠂ ᠬᠦᠷᠢᠶ᠎ᠡ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ ᠡᠭᠦᠳᠡᠨ ᠠᠴᠠ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠲᠤ ᠭᠤᠶᠤᠴᠢᠯᠠᠯ ᠭᠠᠷᠭᠠᠵᠤ᠂ ᠠᠮᠢᠲᠠᠨ ᠤ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠳᠡᠮᠵᠢᠯᠭᠡ ᠦᠵᠡᠭᠦᠯᠬᠦ ᠶᠢ ᠬᠦᠰᠡᠪᠡ᠃ ᠭᠤᠶᠤᠴᠢᠯᠠᠯ ᠢ ᠣᠯᠣᠭᠰᠠᠨ ᠤ ᠲᠠᠷᠠᠭ᠎ᠠ ᠭᠤᠣᠯ ᠤᠳᠤᠷᠢᠳᠬᠤ ᠪᠠᠭ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠂ ᠡᠳ᠋ ᠪᠣᠳᠠᠰ ᠤᠨ ᠪᠠᠲᠤᠯᠠᠭ᠎ᠠ ᠶᠢᠨ ᠰᠠᠯᠠᠭ᠎ᠠ ᠳᠤ ᠳᠠᠭᠠᠭᠠᠯᠭᠠᠵᠤ ᠂ ᠬᠦᠷᠢᠶ᠎ᠡ ᠬᠤᠰᠢᠭᠤᠨ ᠳᠤ 9 ᠲᠦᠮᠡ ᠭᠠᠷᠤᠢ ᠲᠥᠭᠦᠷᠢᠭ ᠤᠨ ᠠᠮᠢᠲᠠᠨ ᠤ ᠬᠢᠵᠢᠭ ᠢ ᠰᠡᠷᠭᠡᠶᠢᠯᠡᠬᠦ ᠡᠳ᠋ ᠪᠣᠳᠠᠰ ᠢ ᠴᠠᠭ ᠲᠤᠬᠠᠢ ᠳᠤ  ᠨᠢ ᠲᠦᠭᠡᠭᠡᠵᠦ ᠂ ᠲᠤᠬᠠᠢ ᠶᠢᠨ ᠭᠠᠵᠠᠷ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠤᠨ ᠳᠠᠷᠤᠭᠠᠰᠤ ᠶᠢ ᠮᠠᠰᠢ ᠰᠠᠶᠢᠨ ᠬᠥᠩᠭᠡᠷᠡᠭᠦᠯᠵᠦ ᠂ ᠲᠤᠬᠠᠢ ᠶᠢᠨ ᠭᠠᠵᠠᠷ ᠤᠨ ᠮᠠᠯ ᠠᠵᠤ ᠠᠬᠤᠢ ᠶᠢᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠬᠠᠮᠠᠭᠠᠯᠠᠪᠠ᠃      2021 ᠣᠨ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠬᠦᠷᠢᠶ᠎ᠡ ᠬᠤᠰᠢᠭᠤᠨ ᠤ ᠺᠧᠦ ᠾᠧ ᠽᠢ ᠪᠠᠯᠭᠠᠰᠤᠨ ᠤ ᠺᠧᠦ ᠾᠧ ᠽᠢ ᠲᠣᠰᠬᠤᠨ ᠪᠣᠯᠣᠨ ᠰᠢᠶᠠᠨ ᠶᠢᠨ ᠲᠣᠰᠬᠤᠨ ᠢ ᠳᠠᠭᠠᠭᠠᠴᠢᠯᠠᠨ ᠬᠤᠯᠪᠤᠭᠠᠯᠠᠭᠰᠠᠨ ᠬᠠᠪᠰᠤᠷᠤᠨ ᠲᠡᠳᠬᠦᠭᠰᠡᠨ ᠠᠴᠠ ᠨᠠᠭᠠᠰᠢ ᠂ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠢᠨ ᠪᠣᠳᠠᠲᠤ ᠠᠵᠢᠯᠯᠠᠭ᠎ᠠ ᠪᠠᠷ ᠢᠶᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠭᠠᠭᠠᠴᠢᠯᠠᠨ ᠬᠤᠯᠪᠤᠭᠠᠯᠠᠭᠰᠠᠨ ᠬᠠᠪᠰᠤᠷᠤᠨ ᠲᠡᠳᠬᠦᠬᠦ ᠠᠵᠢᠯ ᠳᠤ ᠬᠦᠴᠦᠲᠡᠢ ᠳᠡᠮᠵᠢᠯᠭᠡ ᠦᠵᠡᠭᠦᠯᠵᠦ᠂ ᠲᠤᠬᠠᠢ ᠶᠢᠨ ᠭᠠᠵᠠᠷ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠳᠡᠯᠭᠡᠷᠡᠭᠰᠡᠨ ᠦᠶ᠎ᠡ ᠳᠤ ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠡᠷᠡᠭᠴᠡᠭᠡ ᠶᠢ ᠦᠨᠳᠦᠰᠦᠯᠡᠨ ᠂ 3 ᠲᠦᠮᠡ ᠭᠠᠷᠤᠢ ᠲᠥᠭᠦᠷᠢᠭ ᠤᠨ ᠬᠢᠵᠢᠭ ᠢ ᠰᠡᠷᠭᠡᠶᠢᠯᠡᠬᠦ ᠡᠳ᠋ ᠪᠣᠳᠠᠰ ᠢᠶᠠᠷ ᠬᠠᠪᠰᠤᠷᠤᠨ ᠲᠡᠳᠬᠦᠵᠦ ᠂ ᠲᠤᠬᠠᠢ ᠶᠢᠨ ᠭᠠᠵᠠᠷ ᠠᠴᠠ ᠲᠦᠮᠡ ᠭᠠᠷᠤᠢ ᠲᠥᠭᠦᠷᠢᠭ ᠤᠨ ᠪᠣᠷᠤᠯᠠᠭᠤᠯᠭ᠎ᠠ ᠮᠠᠭᠤᠲᠠᠢ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ ᠠᠪᠤᠭᠰᠠᠨ ᠪᠥᠭᠡᠳ ᠪᠠᠰᠠ ᠤᠯᠠᠨ ᠤᠳᠠᠭ᠎ᠠ ᠲᠤᠰᠬᠠᠢ ᠮᠠᠷᠭᠡᠵᠢᠯᠲᠡᠨ ᠲᠣᠮᠢᠯᠠᠵᠤ ᠲᠤᠬᠠᠢ ᠶᠢᠨ ᠭᠠᠵᠠᠷ ᠤᠨ ᠠᠮᠢᠳᠠᠨ ᠤ ᠬᠢᠵᠢᠭ ᠢ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠣᠭᠤᠳᠴᠠᠢ ᠃
3.jpg
4.jpg
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号