ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭ᠎ᠠ ᠵᠢᠭᠠᠰᠤ ᠠᠩᠨᠠᠬᠤ ᠶᠢ ᠴᠠᠭᠠᠵᠠᠯᠠᠬᠤ ᠣᠷᠣᠨ ᠤ ᠵᠢᠭᠠᠰᠤᠨ  ᠤ ᠶᠠᠪᠤᠳᠠᠯ ᠤᠨ ᠬᠠᠮᠢᠶᠠᠷᠤᠯᠲᠠ ᠶᠢᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2023/3/16
      ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠢ ᠬᠠᠮᠠᠭᠠᠯᠠᠵᠤ ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠵᠤ᠂ ᠵᠢᠭᠠᠰᠤᠨ ᠤ ᠠᠵᠤ ᠦᠢᠯᠡᠰ ᠤᠨ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠠᠵᠤ ᠦᠢᠯᠡᠰ ᠤᠨ ᠬᠠᠤᠯᠢ ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠢ ᠡᠾᠧ ᠭᠤᠣᠯ ᠂ ᠯᠢᠶᠣᠣ ᠡᠾᠧ ᠭᠤᠣᠯ᠂ ᠰᠤᠩᠭᠠᠷᠢ ᠮᠦᠷᠡᠨ ᠪᠠ ᠴᠢᠶᠠᠨ ᠲᠠᠩ ᠵᠢᠶᠠᠩ ᠮᠦᠷᠡᠨ ᠵᠡᠷᠭᠡ 4 ᠰᠠᠪᠠ ᠭᠠᠵᠠᠷ ᠤᠨ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠤ ᠳᠦᠷᠢᠮ ᠤᠨ ᠲᠤᠬᠠᠢ ᠵᠠᠷᠯᠠᠯ ︾ ︵ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠠᠷᠯᠠᠯ〔2019〕 1 ᠳ᠋ᠦ᠋ᠭᠡᠷ ᠨᠣᠮᠧᠷ︶ ᠂ ︽ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠲᠤᠨ ᠭᠤᠣᠯ ᠤᠨ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠤ ᠳᠦᠷᠢᠮ ᠳᠤ ᠲᠣᠬᠢᠷᠠᠭᠤᠯᠤᠯᠲᠠ ᠬᠢᠬᠦ ᠲᠤᠬᠠᠢ ᠵᠠᠷᠯᠠᠯ ︾ ︵ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠠᠷᠯᠠᠯ〔2022〕1 ᠳ᠋ᠦ᠋ᠭᠡᠷ ᠨᠣᠮᠧᠷ︶ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠤ ᠠᠵᠤ ᠦᠢᠯᠡᠰ ᠤᠨ ᠬᠠᠤᠯᠢ ﹀ ᠶᠢ ᠬᠡᠷᠡᠭᠵᠢᠭᠦᠯᠬᠦ ᠠᠷᠭ᠎ᠠ ︾ ᠵᠡᠷᠭᠡ ᠬᠠᠤᠯᠢ ᠴᠠᠭᠠᠵᠠ ᠂ ᠬᠠᠤᠯᠢ ᠲᠣᠭᠲᠠᠭᠠᠯ ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ᠃ ᠡᠳᠦᠭᠡ ᠮᠠᠨ ᠤ ᠣᠷᠣᠨ ᠤ 2023 ᠣᠨ ᠤ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭ᠎ᠠ᠂ ᠵᠢᠭᠠᠰᠤ ᠠᠩᠨᠠᠬᠤ ᠶᠢ ᠴᠠᠭᠠᠵᠠᠯᠠᠬᠤ ᠣᠷᠣᠨ ᠤ ᠵᠣᠬᠢᠴᠠᠩᠭᠤᠢ ᠴᠠᠭ ᠬᠤᠭᠤᠴᠠᠭ᠎ᠠ ᠪᠠ ᠬᠡᠪᠴᠢᠶ᠎ᠡ ᠶᠢ ᠳᠣᠣᠷᠠᠬᠢ ᠮᠡᠲᠦ ᠵᠠᠷᠯᠠᠪᠠ ᠄      ᠨᠢᠭᠡ ᠂ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭ᠎ᠠ᠂ ᠵᠢᠭᠠᠰᠤ ᠠᠩᠨᠠᠬᠤ ᠶᠢ ᠴᠠᠭᠠᠵᠠᠯᠠᠬᠤ ᠣᠷᠣᠨ ᠤ ᠵᠠᠭᠠᠭ ᠲᠣᠭᠲᠠᠭᠠᠯᠲᠠ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷᠠᠬᠢ ᠭᠤᠣᠯ ᠮᠥᠷᠡᠨ᠂ ᠨᠠᠭᠤᠷ ᠴᠥᠭᠦᠷᠥᠮ ᠪᠠ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ︵ᠴᠥᠭᠦᠷᠥᠮ ᠤᠨ ᠪᠠᠭᠲᠠᠭᠠᠮᠵᠢ ᠨᠢ 1000 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠶᠡᠭᠡ︶ ᠵᠡᠷᠭᠡ ᠵᠢᠭᠠᠰᠤᠨ ᠤ ᠠᠵᠤ ᠦᠢᠯᠡᠰ ᠤᠨ ᠤᠰᠤᠨ ᠣᠷᠣᠨ ᠤ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭ᠎ᠠ ᠨᠢ 5 ᠰᠠᠷ᠎ᠠ ᠶᠢᠨ 1 ᠤ ᠡᠳᠦᠷ — 7 ᠰᠠᠷ᠎ᠠ ᠶᠢᠨ 31 ᠤ ᠡᠳᠦᠷ ᠪᠣᠯᠲᠠᠯ᠎ᠠ᠂ ᠬᠢᠯᠢ ᠶᠢᠨ ᠤᠰᠤᠨ ᠣᠷᠣᠨ ᠳᠤ ᠣᠨᠴᠠᠭᠠᠢ ᠲᠣᠭᠲᠠᠭᠠᠯ ᠲᠠᠢ   ᠶᠢ ᠪᠠᠭᠳᠠᠭᠠᠬᠤ ᠦᠭᠡᠢ ︔ ᠪᠠᠶᠢᠭᠠᠯᠢ ᠶᠢᠨ ︵ᠬᠥᠮᠥᠨ ᠤ ᠬᠦᠴᠦ ᠪᠠᠷ ᠪᠣᠶ ᠪᠣᠯᠭᠠᠭᠰᠠᠨ ᠪᠤᠰᠤ︶ ᠤᠰᠤᠨ ᠤᠷᠤᠨ ᠤ ᠵᠢᠭᠠᠰᠤᠨ ᠤ ᠲᠥᠷᠥᠯ ᠤᠨ ᠥᠨᠳᠡᠭᠡᠯᠡᠬᠦ ᠲᠠᠯᠠᠪᠠᠶ ᠪᠠ ᠨᠡᠭᠦᠳᠡᠯᠯᠡᠬᠦ ᠭᠤᠣᠯ ᠤᠨ ᠵᠠᠮ ᠢ ᠵᠢᠯ ᠲᠤᠷᠰᠢ ᠵᠢᠭᠠᠰᠤ ᠠᠩᠨᠠᠬᠤ ᠶᠢ ᠴᠠᠭᠠᠵᠠᠯᠠᠬᠤ ᠣᠷᠣᠨ ᠢᠶᠠᠷ ᠵᠠᠭᠠᠭᠯᠠᠨ ᠲᠣᠭᠲᠠᠭᠠᠪᠠ᠃      ᠬᠠᠲᠤᠨ ᠭᠤᠣᠯ ᠤᠨ ᠥᠪᠥᠷ ᠮᠣᠩᠭᠤᠯ ᠳᠠᠬᠢ ᠬᠡᠰᠡᠭ ᠤᠨ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭ᠎ᠠ  ᠨᠢ 4 ᠰᠠᠷ᠎ᠠ ᠶᠢᠨ 1 ᠤ ᠡᠳᠦᠷ ᠠᠴᠠ 7 ᠰᠠᠷ᠎ᠠ ᠶᠢᠨ 31 ᠤ ᠡᠳᠦᠷ ᠪᠣᠯᠲᠠᠯ᠎ᠠ︔ ᠬᠠᠲᠤᠨ ᠭᠤᠣᠯ ᠤᠨ ᠭᠤᠣᠯ ᠤᠷᠤᠰᠬᠠᠯ ᠤᠨ ᠥᠪᠥᠷ ᠮᠣᠩᠭᠤᠯ ᠤᠨ ᠬᠡᠰᠡᠭ ᠂ ᠬᠠᠲᠤᠨ ᠭᠤᠣᠯ ᠤᠨ ᠭᠤᠣᠯ ᠤᠷᠤᠰᠬᠠᠯ ᠤᠨ ᠥᠪᠥᠷ ᠮᠣᠩᠭᠤᠯ ᠤᠨ ᠬᠡᠰᠡᠭ ᠤᠨ ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠂ ᠵᠢᠴᠢ ᠬᠠᠷᠢᠶ᠎ᠠ ᠨᠠᠭᠤᠷ  ᠴᠦᠭᠦᠷᠦᠮ᠂ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠢ ᠵᠢᠭᠠᠰᠤ ᠠᠩᠨᠠᠬᠤ ᠶᠢ ᠴᠠᠭᠠᠵᠠᠯᠠᠬᠤ ᠣᠷᠣᠨ ᠢᠶᠠᠷ ᠵᠠᠭᠠᠭᠯᠠᠨ ᠲᠣᠭᠲᠠᠭᠠᠪᠠ᠃      ᠬᠤᠶᠠᠷ ᠂ ᠵᠢᠭᠠᠰᠤ ᠠᠩᠨᠠᠬᠤ ᠶᠢ ᠴᠠᠭᠠᠵᠠᠯᠠᠬᠤ ᠬᠠᠮᠢᠶᠠᠷᠤᠯᠲᠠ      ︵ ᠨᠢᠭᠡ ︶ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠳᠤ ᠵᠢᠭᠠᠰᠤ ᠠᠩᠨᠠᠬᠤ ᠶᠢ ᠴᠠᠭᠠᠵᠠᠯᠠᠬᠤ ᠣᠷᠣᠨ ᠳᠤ ᠰᠡᠯᠡᠭᠦᠴᠡᠵᠦ ᠵᠢᠭᠠᠰᠤ ᠭᠥᠬᠢᠳᠡᠬᠦ ᠠᠴᠠ ᠪᠤᠰᠤᠳ ᠪᠤᠢ ᠪᠦᠬᠦᠢ ᠠᠩᠨᠠᠵᠤ ᠱᠦᠭᠦᠬᠦ ᠠᠵᠢᠯ ᠤᠨ  ᠲᠦᠷᠦᠯ ᠵᠦᠢᠯ ᠢ ᠴᠠᠭᠠᠵᠠᠯᠠᠵᠤ ᠂ ᠬᠠᠤᠯᠢ ᠪᠤᠰᠤ ᠪᠠᠷ ᠠᠩᠨᠠᠵᠤ ᠱᠦᠭᠦᠭᠰᠡᠨ ᠵᠢᠭᠠᠰᠤᠨ ᠤ ᠵᠦᠢᠯ ᠢ ᠬᠤᠳᠠᠯᠳᠤᠨ ᠠᠪᠬᠤ ᠂ ᠵᠥᠭᠡᠭᠡᠪᠦᠷᠢᠯᠡᠬᠦ ᠂ ᠬᠠᠳᠠᠭᠠᠯᠠᠬᠤ ᠂ ᠪᠣᠷᠣᠯᠠᠭᠤᠯᠬᠤ ᠶᠢ ᠴᠠᠭᠠᠵᠠᠯᠠᠨ᠎ᠠ ᠃      ︵ᠬᠤᠶᠠᠷ︶ ᠵᠢᠭᠠᠰᠤ ᠠᠩᠨᠠᠬᠤ ᠶᠢ ᠴᠠᠭᠠᠵᠠᠯᠠᠬᠤ ᠣᠷᠣᠨ ᠪᠣᠯᠣᠨ ᠵᠢᠭᠠᠰᠤ ᠠᠩᠨᠠᠬᠤ ᠶᠢ ᠴᠠᠭᠠᠵᠠᠯᠠᠬᠤ  ᠬᠤᠭᠤᠴᠠᠭᠠᠨ ᠳᠤ᠂ ᠵᠢᠭᠠᠨ ᠰᠤᠷᠭᠠᠬᠤ ᠪᠠ ᠰᠢᠨᠵᠢᠯᠡᠬᠦ ᠤᠬᠠᠭᠠᠨ ᠤ ᠰᠤᠳᠤᠯᠤᠯ ᠬᠢᠬᠦ ᠂ ᠲᠡᠵᠢᠭᠡᠨ ᠦᠷᠡᠵᠢᠭᠦᠯᠬᠦ ᠵᠡᠷᠭᠡ ᠣᠨᠴᠠᠭᠠᠢ ᠬᠡᠷᠡᠭᠴᠡᠭᠡ ᠠᠴᠠ ᠪᠣᠯᠣᠭᠠᠳ ᠠᠩᠨᠠᠵᠤ ᠱᠦᠭᠦᠬᠦ ᠠᠵᠢᠯ ᠬᠢᠬᠦ ᠳᠤ᠂ ᠡᠷᠬᠡᠪᠰᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠢᠶᠠᠷ ᠬᠢᠨᠠᠨ ᠵᠥᠪᠰᠢᠶᠡᠷᠡᠭᠦᠯᠬᠦ ᠬᠡᠷᠡᠭᠲᠡᠢ ᠃      ︵ᠭᠤᠷᠪᠠ︶ ᠡᠯ᠎ᠡ ᠱᠠᠲᠤᠨ ᠤ ᠵᠢᠭᠠᠰᠤᠨ ᠤ ᠠᠵᠤ ᠦᠢᠯᠡᠰ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠳᠣᠲᠣᠭᠠᠳᠤ  ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠤ ᠠᠵᠤ ᠦᠢᠯᠡᠰ ᠤᠨ ᠬᠠᠤᠯᠢ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠤ ᠠᠵᠤ ᠦᠢᠯᠡᠰ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢᠨ ᠲᠣᠭᠲᠠᠭᠠᠯ ᠶᠣᠰᠣᠭᠠᠷ᠂ ᠵᠢᠭᠠᠰᠤ ᠶᠢ ᠴᠠᠬᠢᠯᠭᠠᠨ ᠢᠶᠠᠷ ᠴᠣᠬᠢᠬᠤ ᠂ ᠵᠢᠭᠠᠰᠤ ᠶᠢ ᠬᠤᠤᠷᠳᠠᠭᠤᠯᠬᠤ᠂ ᠵᠢᠭᠠᠰᠤ ᠶᠢ ᠳᠡᠯᠪᠡᠴᠢᠬᠦ ᠵᠢᠴᠢ ᠳᠤᠷ᠎ᠠ ᠪᠠᠷ ᠢᠶᠠᠨ ᠠᠩᠨᠠᠵᠤ ᠱᠦᠭᠦᠬᠦ ᠵᠡᠷᠭᠡ ᠵᠢᠭᠠᠰᠤᠨ ᠤ ᠠᠵᠤ ᠦᠢᠯᠡᠰ ᠤᠨ ᠡᠬᠢ ᠪᠠᠶᠠᠯᠢᠭ ᠪᠠ ᠵᠢᠭᠠᠰᠤᠨ ᠤ ᠠᠵᠤ ᠦᠢᠯᠡᠰ ᠤᠨ ᠤᠰᠤᠨ ᠣᠷᠣᠨ ᠤ ᠣᠷᠴᠢᠨ ᠲᠣᠭᠤᠷᠢᠨ ᠢ ᠡᠪᠳᠡᠬᠦ ᠬᠠᠤᠯᠢ  ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠠᠷᠠᠭᠠᠯᠵᠠᠭᠰᠠᠨ ᠬᠠᠤᠯᠢ ᠲᠣᠭᠲᠠᠭᠠᠯ ᠢ ᠵᠥᠷᠢᠴᠡᠭᠰᠡᠨ ᠪᠠᠶᠢᠪᠠᠯ ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠂ ᠬᠠᠤᠯᠢ ᠶᠣᠰᠣᠭᠠᠷ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠭᠤᠷᠪᠠ ᠂ ᠬᠡᠷᠡᠭᠵᠢᠭᠦᠯᠬᠦ ᠴᠠᠭ ᠬᠤᠭᠤᠴᠠᠭ᠎ᠠ      2023 ᠣᠨ ᠤ 4 ᠰᠠᠷ᠎ᠠ ᠶᠢᠨ 1 ᠤ ᠡᠳᠦᠷ ᠤᠨ 0 ᠴᠠᠭ ᠠᠴᠠ 2023 ᠣᠨ ᠤ 7 ᠰᠠᠷ᠎ᠠ ᠶᠢᠨ 31 ᠤ ᠡᠳᠦᠷ ᠤᠨ 24 ᠴᠠᠭ ᠪᠣᠯᠲᠠᠯ᠎ᠠ᠃      ᠬᠢᠨᠠᠯᠲᠠ ᠲᠠᠯᠪᠢᠬᠤ ᠤᠲᠠᠰᠤ᠄ 0471 ︱ 12316                                 ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                                ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                                           2023 ᠣᠨ ᠤ 3 ᠰᠠᠷ᠎ᠠ ᠶᠢᠨ 10 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号