ᠭᠤᠣᠯ ᠡᠭᠦᠷᠭᠡ ᠴᠢᠳᠠᠪᠬᠢ᠄ | ᠨᠢᠭᠡ ᠳᠤ ᠲᠠᠷᠢᠶᠠᠯᠠᠩ ᠤᠷᠭᠤᠮᠠᠯ ᠤᠨ ᠬᠢᠵᠢᠭ ᠪᠠᠶᠢᠴᠠᠭᠠᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ | ᠲᠠᠷᠢᠶᠠᠯᠠᠩ ᠤᠷᠭᠤᠮᠠᠯ ᠤᠨ ᠬᠢᠵᠢᠭ ᠪᠠᠶᠢᠴᠠᠭᠠᠬᠤ ᠴᠢᠨᠠᠷᠲᠠᠢ ᠬᠦᠨᠦᠭᠡᠯᠲᠦ ᠠᠮᠢᠳᠤ ᠪᠣᠳᠠᠰ ᠤᠨ ᠨᠡᠶᠢᠳᠡᠮ | ᠪᠠᠶᠢᠴᠠᠭᠠᠯᠲᠠ᠂ ᠬᠢᠨᠠᠨ ᠬᠡᠮᠵᠢᠬᠦ᠂ ᠪᠢᠲᠡᠭᠦᠮᠵᠢᠯᠡᠨ ᠬᠢᠵᠠᠭᠠᠷᠯᠠᠬᠤ ᠵᠢᠴᠢ ᠠᠷᠢᠯᠭᠠᠬᠤ ᠮᠡᠷᠭᠡᠵᠢᠯ ᠤᠨ ᠵᠢᠯᠣᠭᠤᠳᠤᠯᠭ᠎ᠠ | ᠵᠡᠷᠭᠡ ᠠᠵᠢᠯ ᠢ ᠥᠷᠨᠢᠭᠦᠯᠦᠨ᠎ᠡ᠃ | ᠬᠤᠶᠠᠷ ᠲᠤ ᠬᠢᠵᠢᠭ ᠤᠨ ᠪᠠᠶᠢᠴᠠᠭᠠᠯᠲᠠ ᠶᠢᠨ ᠬᠢᠨᠠᠨ ᠬᠠᠮᠢᠶᠠᠷᠤᠯᠲᠠ ᠵᠢᠴᠢ ᠣᠷᠣᠨ ᠤ ᠭᠠᠳᠠᠨ᠎ᠠ ᠠᠴᠠ | ᠡᠭᠦᠯᠳᠡᠷ ᠣᠷᠣᠭᠤᠯᠬᠤ ᠬᠢᠵᠢᠭ ᠤᠨ ᠪᠠᠶᠢᠴᠠᠭᠠᠯᠲᠠ ᠶᠢᠨ ᠬᠢᠨᠠᠨ ᠵᠥᠪᠰᠢᠶᠡᠷᠡᠯ ᠤᠨ ᠬᠠᠪᠰᠤᠷᠤᠮᠵᠢ ᠶᠢᠨ ᠴᠢᠨᠠᠷᠲᠠᠢ | ᠠᠵᠢᠯ ᠢ ᠡᠭᠦᠷᠭᠡᠯᠡᠨ᠎ᠡ᠃ | ᠭᠤᠷᠪᠠ ᠳᠤ ᠲᠠᠷᠢᠮᠠᠯ ᠤᠨ ᠡᠪᠡᠳᠴᠢᠨ᠂ ᠬᠤᠷᠣᠬᠠᠢ᠂ ᠡᠪᠡᠰᠦ᠂ ᠬᠤᠯᠤᠭᠠᠨ᠎ᠠ ᠶᠢᠨ ᠬᠥᠨᠥᠭᠡᠯ ᠢ ᠬᠢᠨᠠᠨ ᠬᠡᠮᠵᠢᠵᠦ | ᠪᠠᠶᠢᠴᠠᠭᠠᠬᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠂ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ᠂ | ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠬᠤ ᠵᠡᠷᠭᠡ ᠮᠡᠷᠭᠡᠵᠢᠯ ᠤᠨ ᠵᠢᠯᠣᠭᠤᠳᠤᠯᠭ᠎ᠠ ᠶᠢᠨ ᠠᠵᠢᠯ ᠢ ᠡᠭᠦᠷᠭᠡᠯᠡᠨ᠎ᠡ᠃ | ᠳᠥᠷᠪᠡ ᠳᠤ ᠤᠷᠭᠤᠮᠠᠯ ᠤᠨ ᠬᠠᠮᠠᠭᠠᠯᠠᠯᠲᠠ ᠶᠢᠨ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠢ ᠲᠤᠷᠰᠢᠨ | ᠵᠢᠱᠢᠶ᠎ᠡ ᠦᠵᠡᠭᠦᠯᠦᠨ ᠳᠡᠯᠭᠡᠷᠡᠭᠦᠯᠬᠦ᠂ ᠲᠠᠷᠢᠶᠠᠨ ᠡᠮ ︵ᠪᠠᠭᠠᠵᠢ︶ ᠢ ᠠᠶᠤᠯᠭᠦᠢ ᠬᠡᠷᠡᠭᠯᠡᠬᠦ ᠮᠡᠷᠭᠡᠵᠢᠯ ᠤᠨ | ᠵᠢᠯᠣᠭᠤᠳᠤᠯᠭ᠎ᠠ ᠶᠢᠨ ᠠᠵᠢᠯ ᠢ ᠡᠭᠦᠷᠭᠡᠯᠡᠨ᠎ᠡ᠃ | ᠲᠠᠪᠤ ᠳᠤ ᠲᠠᠷᠢᠶᠠᠨ ᠡᠮ ᠤᠨ ᠰᠢᠯᠭᠠᠨ ᠲᠣᠭᠲᠠᠭᠠᠯᠲᠠ ᠪᠠ ᠲᠠᠷᠢᠶᠠᠨ ᠡᠮ ᠤᠨ ᠬᠠᠮᠢᠶᠠᠷᠤᠯᠲᠠ ᠶᠢᠨ | ᠮᠡᠷᠭᠡᠵᠢᠯ ᠤᠨ ᠲᠤᠯᠭᠠᠭᠤᠷᠢᠯᠠᠯ ᠤᠨ ᠠᠵᠢᠯ ᠢ ᠡᠭᠦᠷᠭᠡᠯᠡᠨ᠎ᠡ᠃ | ᠵᠢᠷᠭᠤᠭ᠎ᠠ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠤᠷᠤᠨ ᠤ ᠲᠢᠩᠬᠢᠮ ᠤᠨ ᠲᠤᠰᠢᠶᠠᠭᠰᠠᠨ ᠪᠤᠰᠤᠳ ᠠᠵᠢᠯ ᠢ ᠡᠭᠦᠷᠭᠡᠯᠡᠨ᠎ᠡ᠃ | ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ | ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠳᠤ | ᠬᠠᠷᠢᠶᠠᠯᠠᠭᠳᠠᠬᠤ ᠵᠢᠩᠬᠢᠨᠢ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠦᠷᠦᠯ ᠤᠨ ᠠᠵᠢᠯ | ᠦᠢᠯᠡᠰ ᠤᠨ ᠨᠢᠭᠡᠴᠢ ᠮᠦᠨ᠃ | ᠳᠣᠲᠣᠭᠠᠳᠤ ᠪᠠᠶᠢᠭᠤᠯᠤᠮᠵᠢ ᠄ ᠶᠡᠷᠦᠩᠬᠡᠶᠢᠯᠡᠭᠰᠡᠨ ᠰᠠᠯᠠᠭ᠎ᠠ᠂ ᠤᠷᠭᠤᠮᠠᠯ ᠤᠨ ᠬᠢᠵᠢᠭ ᠪᠠᠶᠢᠴᠠᠭᠠᠬᠤ ᠰᠠᠯᠠᠭ᠎ᠠ᠂ | ᠬᠡᠮᠵᠢᠨ ᠮᠡᠳᠡᠭᠦᠯᠬᠦ ᠰᠠᠯᠠᠭ᠎ᠠ᠂ ᠰᠡᠷᠭᠡᠶᠢᠯᠡᠨ ᠵᠠᠰᠠᠬᠤ ᠰᠠᠯᠠᠭ᠎ᠠ ᠂ ᠲᠠᠷᠢᠶᠠᠨ ᠡᠮ ᠪᠠᠭᠠᠵᠢ ᠬᠡᠷᠡᠭᠰᠡᠯ ᠤᠨ ᠰᠠᠯᠠᠭ᠎ᠠ᠂ | ᠲᠠᠷᠢᠶᠠᠨ ᠡᠮ ᠢ ᠰᠢᠯᠭᠠᠨ ᠲᠣᠭᠲᠠᠭᠠᠬᠤ ᠰᠠᠯᠠᠭ᠎ᠠ᠃ | ᠬᠠᠷᠢᠭᠤᠴᠠᠯᠭᠠᠲᠠᠨ᠄ ᠬᠤᠸᠠᠩ ᠵᠢᠶᠦ᠋ᠨ ᠰᠢᠶᠠ | ᠬᠠᠷᠢᠯᠴᠠᠬᠤ ᠤᠲᠠᠰᠤ᠄ 0471 — 3908343 | ᠠᠵᠢᠯᠯᠠᠬᠤ ᠭᠠᠵᠠᠷ᠄ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ | ᠲᠢᠩᠬᠢᠮ ᠤᠨ ᠠᠯᠪᠠᠨ ᠠᠰᠠᠷ | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 8᠄ 30 ︱ 12᠄ 00᠂ 14᠄ | 30 ︱ 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ | ᠪᠠᠭᠲᠠᠬᠤ ᠦᠭᠡᠢ | |