ᠠᠮᠤ ᠪᠤᠳᠠᠭᠠᠨ ᠤ ᠲᠠᠷᠢᠮᠠᠯ ᠤᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠳᠡᠯᠴᠡᠬᠡᠷ ᠲᠣᠭᠲᠠᠪᠠ
ᠨᠡᠶᠢᠲᠡᠯᠡᠭᠰᠡᠨ ᠴᠠᠭ᠄
2023/3/16
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠬᠢᠭᠡᠳ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ ᠰᠤᠳᠤᠯᠭᠠᠨ ᠤ ᠭᠠᠵᠠᠷ ᠤᠨ ᠬᠢᠨ ᠡᠷᠳᠡᠨᠢ ᠰᠢᠰᠢ ᠶᠢ ᠨᠢᠭᠲᠠ ᠲᠠᠷᠢᠵᠤ ᠭᠦᠢᠭᠡᠨ ᠪᠤᠯᠠᠵᠤ ᠲᠣᠰᠤᠯᠭᠠᠨ ᠤᠰᠤᠯᠠᠬᠤ ᠥᠨᠳᠥᠷ ᠤᠨᠠᠯᠲᠠ ᠶᠢᠨ ᠮᠡᠷᠭᠡᠵᠢᠯ ᠢ ᠬᠠᠮᠲᠤ ᠪᠠᠷ ᠳᠡᠯᠭᠡᠷᠡᠭᠦᠯᠬᠦ᠂ ᠥᠪᠡᠷᠲᠡᠭᠡᠨ ᠵᠠᠰᠠᠬᠤ ᠣᠷᠣᠨ ᠤ ᠡᠷᠳᠡᠨᠢ ᠰᠢᠰᠢ ᠵᠡᠷᠭᠡ ᠠᠮᠤ ᠪᠤᠳᠠᠭᠠᠨ ᠤ ᠲᠠᠷᠢᠮᠠᠯ ᠤᠨ ᠮᠦ ᠨᠢᠭᠡᠴᠢ ᠶᠢᠨ ᠤᠨᠠᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠯᠪᠠᠰᠣᠷᠠᠭᠤᠯᠤᠯ ᠵᠢᠴᠢ ᠲᠤᠷᠰᠢᠯᠲᠠ ᠶᠢᠨ ᠰᠤᠳᠤᠯᠭᠠᠨ ᠢ ᠬᠠᠮᠲᠤ ᠪᠠᠷ ᠥᠷᠨᠢᠭᠦᠯᠬᠦ ᠵᠡᠷᠭᠡ ᠲᠠᠯ᠎ᠠ ᠪᠠᠷ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠳᠡᠯᠴᠡᠬᠡᠷ ᠲᠣᠭᠲᠠᠪᠠ᠃      ᠣᠶᠢᠯᠠᠭᠠᠭᠰᠠᠨ ᠢᠶᠠᠷ᠂ ᠬᠤᠶᠠᠷ ᠳᠠᠯ᠎ᠠ ᠪᠠᠷ ᠢᠶᠠᠨ ᠡᠷᠳᠡᠨᠢ ᠰᠢᠰᠢ ᠶᠢᠨ ᠤᠨᠠᠯᠲᠠ ᠶᠢ ᠲᠠᠬᠡᠭᠰᠢᠯᠡᠬᠦᠯᠬᠦ᠂ ᠪᠦᠬᠦ ᠶᠠᠪᠤᠴᠠ ᠳᠤ ᠮᠠᠰᠢᠨᠴᠢᠯᠠᠨ ᠦᠢᠯᠡᠳᠪᠦᠷᠢᠯᠡᠬᠦ᠂ ᠡᠬᠢ ᠪᠠᠶᠠᠯᠢᠭ ᠢ ᠥᠨᠳᠥᠷ ᠦᠷ᠎ᠡ ᠠᠰᠢᠭᠲᠠᠢ ᠪᠠᠷ ᠠᠰᠢᠭᠯᠠᠬᠤ᠂ ᠣᠶᠤᠨᠴᠢ ᠪᠠᠷ ᠬᠠᠮᠢᠶᠠᠷᠬᠤ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ ᠪᠤᠯᠦᠨ᠎ᠡ᠃ ᠳᠤᠰ ᠤᠳᠠᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠳᠡᠯᠴᠡᠬᠡᠷ ᠲᠤ ᠭᠠᠷ ᠤᠨ ᠦᠰᠦᠭ ᠵᠢᠷᠤᠭᠰᠠᠨ ᠨᠢ ᠮᠠᠨ ᠤ ᠣᠷᠣᠨ ᠤ ᠡᠷᠳᠡᠨᠢ ᠰᠢᠰᠢ ᠵᠡᠷᠭᠡ ᠠᠮᠤ ᠪᠤᠳᠠᠭᠠᠨ ᠤ ᠲᠠᠷᠢᠮᠠᠯ ᠤᠨ ᠪᠣᠬᠢᠷᠲᠤᠯ ᠦᠭᠡᠢ ᠦᠢᠯᠡᠳᠪᠦᠷᠢᠯᠡᠯ ᠢ ᠠᠬᠢᠭᠤᠯᠬᠤ᠂ ᠠᠵᠤ ᠦᠢᠯᠡᠰ ᠢ ᠳᠡᠰ ᠳᠡᠪᠰᠢᠭᠦᠯᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠮᠠᠯ ᠤᠨ ᠦᠷ᠎ᠡ ᠠᠰᠢᠭ ᠢ ᠳᠡᠭᠡᠭᠰᠢᠯᠡᠭᠦᠯᠬᠦ ᠳᠤ ᠴᠢᠬᠤᠯᠠ ᠦᠢᠯᠡᠳᠦᠯ ᠦᠵᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠤᠨᠠᠯᠳᠠ ᠶᠢᠨ ᠮᠢᠩᠭᠠᠨ ᠳ᠋ᠦᠩᠰᠢᠭᠤᠷ ᠵᠢᠩ ᠤᠨ ᠬᠠᠷᠠᠯᠲᠠ ᠶᠢ ᠪᠡᠶᠡᠯᠡᠭᠦᠯᠬᠦ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠨᠡᠩ ᠪᠠᠲᠤᠳᠬᠠᠬᠤ ᠪᠣᠯᠤᠨ᠎ᠠ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号