ᠭᠤᠴᠢᠨ ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠯᠠᠨ ᠤᠯᠤᠰ ᠤᠨ ᠲᠠᠷᠢᠶᠠᠯᠠᠩ ᠤᠨ ᠦᠵᠡᠰᠭᠦᠯᠡᠩ ᠤᠨ ᠴᠤᠭᠯᠠᠭᠠᠨ ᠬᠦᠬᠡᠬᠤᠳᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2023/3/16
      12.8 ᠳ᠋ᠦᠩᠰᠢᠭᠤᠷ ᠲᠥᠭᠦᠷᠢᠭ ᠤᠨ ᠰᠠᠨᠠᠮᠵᠢ ᠶᠢᠨ ᠠᠷᠠᠯᠵᠢᠶ᠎ᠠ ᠪᠦᠳᠦᠵᠤ      1.2 ᠳ᠋ᠦᠩᠰᠢᠭᠤᠷ ᠲᠥᠭᠦᠷᠢᠭ ᠤᠨ ᠠᠵᠤ ᠠᠬᠤᠢ ᠶᠢᠨ ᠦᠷ᠎ᠡ ᠠᠰᠢᠭ ᠠᠪᠴᠢᠷᠠᠵᠠᠢ      3 ᠰᠠᠷ᠎ᠠ ᠶᠢᠨ 14 ᠤ ᠡᠳᠦᠷ᠂ ᠪᠦᠳᠦᠨ 3 ᠡᠳᠤᠷ ᠶᠠᠪᠤᠭᠳᠠᠭᠰᠠᠨ ᠭᠤᠴᠢᠨ ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠯᠠᠨ ᠤᠯᠤᠰ ᠤᠨ ᠲᠠᠷᠢᠶᠠᠯᠠᠩ ᠤᠨ ᠦᠵᠡᠰᠭᠦᠯᠡᠩ ᠤᠨ ᠴᠤᠭᠯᠠᠭᠠᠨ ᠭᠦᠬᠡᠬᠤᠳᠠ ᠳᠠᠬᠢ ᠦᠪᠦᠷ ᠮᠤᠩᠭᠤᠯ ᠤᠨ ᠤᠯᠠᠨ ᠤᠯᠤᠰ ᠤᠨ ᠬᠤᠷᠠᠯ ᠦᠵᠡᠰᠭᠦᠯᠡᠩ ᠤᠨ ᠲᠦᠪ ᠲᠤ ᠳᠡᠭᠦᠰᠪᠡ᠃ 3 ᠡᠳᠦᠷ ᠤᠨ ᠬᠤᠭᠤᠴᠠᠭᠠᠨ ᠳᠤ 4 ᠲᠦᠮᠡᠨ ᠬᠥᠮᠦᠨ ᠤᠳᠠᠭ᠎ᠠ ᠶᠢᠨ ᠬᠡᠷᠡᠭᠯᠡᠭᠴᠢ ᠪᠠ ᠦᠵᠡᠭᠴᠢ ᠶᠢ ᠬᠦᠯᠢᠶᠡᠨ ᠠᠪᠴᠤ᠂ ᠬᠥᠬᠡᠬᠤᠲᠠ ᠶᠢᠨ ᠢᠳᠡᠭᠡᠨ ᠤᠮᠳᠠᠭᠠᠨ᠂ ᠬᠤᠨᠤᠭ ᠪᠠᠭᠤᠳᠠᠯ᠂ ᠵᠢᠭᠤᠯᠴᠢᠯᠠᠯ᠂ ᠵᠤᠭ᠎ᠠ ᠴᠡᠩᠭᠡᠯ᠂ ᠵᠠᠮ ᠬᠠᠷᠢᠯᠴᠠᠭ᠎ᠠ᠂ ᠡᠳ᠋ ᠪᠠᠷᠠᠭᠠᠨ ᠤ ᠭᠦᠢᠯᠭᠡᠭᠡ᠂ ᠠᠷᠠᠯᠵᠢᠶ᠎ᠠ ᠬᠤᠳᠠᠯᠳᠤᠭ᠎ᠠ ᠵᠡᠷᠭᠡ ᠠᠵᠢᠯ ᠲᠥᠷᠥᠯ ᠳᠤ ᠨᠡᠶᠢᠲᠡ 1.2 ᠳ᠋ᠦᠩᠰᠢᠭᠤᠷ ᠲᠥᠭᠦᠷᠢᠭ ᠤᠨ ᠠᠵᠤ ᠠᠬᠤᠢ ᠶᠢᠨ ᠦᠷ᠎ᠡ ᠠᠰᠢᠭ ᠢ ᠠᠪᠴᠢᠷᠠᠵᠠᠢ︔ 14 ᠤ ᠦᠳᠡ ᠶᠢᠨ ᠡᠮᠦᠨ᠎ᠡ ᠪᠣᠯᠲᠠᠯ᠎ᠠ᠂ ᠨᠡᠶᠢᠲᠡ 12.8 ᠳ᠋ᠦᠩᠰᠢᠭᠤᠷ ᠲᠥᠭᠦᠷᠢᠭ ᠤᠨ ᠰᠠᠨᠠᠮᠵᠢ ᠶᠢᠨ ᠠᠷᠠᠯᠵᠢᠶ᠎ᠠ ᠪᠦᠲᠦᠵᠤ᠂ ᠲᠤᠬᠠᠢ ᠶᠢᠨ ᠲᠠᠯᠠᠪᠤᠷ ᠤᠨ ᠠᠷᠠᠯᠵᠢᠶ᠎ᠠ ᠪᠦᠲᠦᠭᠰᠡᠨ ᠭᠡᠮᠵᠢᠶ᠎ᠡ 4.6 ᠳ᠋ᠦᠩᠰᠢᠭᠤᠷ ᠲᠥᠭᠦᠷᠢᠭ ᠢ ᠲᠠᠪᠠᠪᠠ᠃ ᠦᠵᠡᠭᠦᠯᠭᠡ ᠶᠢᠨ ᠲᠤᠬᠠᠢ ᠶᠢᠨ ᠲᠠᠯᠠᠪᠤᠷ ᠲᠤ ᠠᠷᠠᠯᠵᠢᠶ᠎ᠠ ᠮᠠᠶᠢᠮᠠᠢ ᠶᠢᠨ ᠠᠵᠢᠯᠯᠠᠭ᠎ᠠ ᠣᠯᠠᠰᠢᠷᠠᠵᠤ᠂ 90% ᠶᠢᠨ ᠳᠡᠯᠭᠡᠨ ᠦᠵᠡᠭᠦᠯᠬᠦ ᠠᠷᠠᠯᠵᠢᠶᠠᠴᠢᠨ ᠠᠷᠠᠯᠵᠢᠶᠠᠨ ᠤ ᠭᠡᠷ᠎ᠡ ᠲᠣᠭᠲᠠᠵᠤ᠂ 50% ᠠᠴᠠ ᠳᠡᠭᠡᠭᠰᠢᠬᠢ ᠳᠡᠯᠭᠡᠨ ᠦᠵᠡᠭᠦᠯᠬᠦ ᠠᠷᠠᠯᠵᠢᠶᠠᠴᠢᠨ ᠳᠠᠷᠠᠭ᠎ᠠ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠤ ᠦᠵᠡᠭᠦᠯᠭᠡ ᠶᠢᠨ ᠪᠠᠶᠢᠷᠢ ᠶᠢ ᠤᠷᠢᠳᠴᠢᠯᠠᠵᠤ ᠪᠤᠯᠵᠤᠨ ᠲᠣᠭᠲᠠᠭᠰᠠᠨ ᠪᠠᠶᠢᠨ᠎ᠠ ᠃      ᠲᠤᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠳᠤ ᠳᠠᠷᠢᠶᠠᠯᠠᠩ ᠤᠨ ᠮᠠᠲ᠋ᠧᠷᠢᠶᠠᠯ ᠤᠷᠭᠤᠮᠠᠯ ᠤᠨ ᠬᠠᠮᠠᠭᠠᠯᠠᠯᠳᠠ᠂ ᠤᠰᠤ ᠠᠷᠪᠢᠯᠠᠬᠤ ᠤᠰᠤᠯᠠᠯᠳᠠ ᠶᠢᠨ ᠳᠤᠨᠤᠭᠯᠠᠯ᠂ ᠤᠷᠤᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠳᠡᠮᠳᠡᠭ᠂ ᠤᠶᠤᠨᠳᠤ ᠳᠠᠷᠢᠶᠠᠯᠠᠩ ᠤᠨ ᠳᠤᠨᠤᠭᠯᠠᠯ᠂ ᠳᠠᠷᠢᠶᠠᠯᠠᠩ ᠪᠠ ᠤᠢ ᠰᠢᠭᠤᠢ ᠶᠢᠨ ᠪᠦᠳᠦᠭᠡᠭᠳᠡᠭᠦᠨ᠂ ᠮᠠᠯ ᠠᠵᠤ ᠠᠬᠤᠢ ᠳᠠᠷᠢᠶᠠᠯᠠᠩ ᠤᠨ ᠮᠠᠰᠢᠨ ᠲᠦᠭᠦᠭᠡᠷᠦᠮᠵᠢ᠂ ᠮᠦᠩᠭᠦᠨ ᠬᠦᠢᠯᠭᠡᠭᠡᠨ ᠤ ᠦᠢᠯᠡᠴᠢᠯᠡᠭᠡ ᠵᠡᠷᠬᠡ 7 ᠳᠡᠯᠭᠡᠨ ᠦᠵᠡᠭᠦᠯᠭᠡ ᠶᠢᠨ ᠳᠤᠭᠤᠷᠢᠭ ᠳᠤᠭᠢᠷᠠᠭᠤᠯᠵᠤ᠂ ︽ᠣᠳᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠢ ᠬᠥᠭᠵᠢᠭᠦᠯᠵᠦ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ︾ ᠭᠡᠬᠦ ᠭᠤᠣᠯ ᠰᠡᠳᠦᠪ ᠤᠨ ᠳᠤᠭᠤᠷᠢᠨ ᠳᠤ ᠶᠠᠪᠤᠭᠳᠠᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠮᠠᠰᠢᠨ ᠲᠦᠭᠦᠭᠡᠷᠦᠮᠵᠢ ᠶᠢᠨ ᠠᠵᠤ ᠦᠢᠯᠡᠰ ᠤᠨ ᠪᠦᠲᠦᠴᠡ ᠶᠢᠨ ᠪᠠᠶᠢᠷᠢᠰᠢᠯᠠᠭᠤᠯᠤᠯᠲᠠ ᠶᠢ ᠰᠢᠯᠢᠳᠡᠭᠵᠢᠭᠦᠯᠬᠦ ᠶᠢᠨ ᠬᠠᠮᠲᠤ ᠮᠠᠨ ᠤ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠥᠭᠵᠢᠯᠲᠡ ᠳᠤ ᠮᠡᠳᠡᠭᠡ ᠵᠠᠩᠭᠢ ᠶᠢᠨ ᠰᠣᠯᠢᠯᠴᠠᠭ᠎ᠠ ᠪᠠ ᠬᠠᠮᠲᠤᠷᠠᠯᠴᠠᠭᠠᠨ ᠤ ᠲᠠᠪᠴᠠᠩ ᠬᠠᠩᠭᠠᠪᠠ᠃      ︽ᠨᠢᠳᠤᠨᠤᠨ ᠦᠴᠤᠸᠠᠨ ᠰᠢᠶᠠᠨ ᠤ ᠲᠦᠮᠦᠰᠤ ᠳᠠᠷᠢᠳᠠᠭ ᠬᠤᠶᠠᠷ ᠲᠤᠮᠤ ᠳᠠᠷᠢᠶᠠᠯᠠᠬᠤ ᠡᠷᠦᠭᠡ ᠮᠠᠨ ᠤ ᠰᠢᠪᠳᠤᠷᠳᠤ ᠬᠦᠴᠢᠯ ᠤᠨ ᠪᠦᠭᠡᠭᠡᠨᠡᠪᠦᠷᠢ ᠶᠢᠨ ᠪᠤᠷᠳᠤᠭᠤᠷ ᠢ ᠳᠤᠷᠰᠢᠨ ᠬᠡᠷᠡᠭᠯᠡᠬᠡᠳ ᠲᠦᠮᠦᠰᠤ ᠶᠢᠨ ᠮᠦ ᠳᠤᠮᠳᠠᠴᠢ ᠶᠢᠨ ᠤᠨᠠᠯᠳᠠ ᠨᠢ 1500 ᠵᠢᠩ ᠢ ᠳᠠᠪᠠᠵᠤ᠂ ᠶᠡᠭᠡ ᠬᠠᠨᠤᠮᠵᠢᠳᠠᠢ ᠪᠠᠶᠢᠨ᠎ᠠ ᠃ ᠮᠠᠨ ᠤ ᠪᠤᠷᠳᠤᠭᠤᠷ ᠲᠠᠷᠢᠮᠠᠯ ᠤᠨ ᠦᠰᠦᠯᠳᠡ ᠵᠢᠴᠢ ᠬᠦᠷᠦᠰᠤᠨ ᠤ ᠴᠢᠬᠢᠭ ᠢ ᠪᠠᠳᠤᠯᠠᠬᠤ ᠳᠤ ᠤᠨᠴᠠ ᠰᠠᠶᠢᠨ ᠵᠡᠷᠭᠡ ᠤᠯᠠᠨ ᠦᠢᠯᠡᠳᠦᠯ ᠲᠠᠢ ᠪᠠᠶᠢᠳᠠᠭ ᠢᠶᠠᠷ ᠢᠶᠠᠨ ᠪᠤᠰᠤᠳ ᠪᠤᠷᠳᠤᠭᠤᠷ ᠠᠴᠠ ᠤᠨᠴᠠᠯᠠᠭᠳᠠᠨ᠎ᠠ︾ ᠭᠡᠵᠤ ᠾᠧᠪᠧᠢ ᠮᠤᠵᠢ ᠶᠢᠨ ᠾᠧᠩ ᠱᠦᠢ ᠬᠤᠳᠠ ᠠᠴᠠ ᠢᠷᠡᠭᠰᠡᠨ ᠠᠷᠠᠯᠵᠢᠶᠠᠴᠢᠨ ᠸᠠᠩ ᠪᠢ ᠬᠤᠣ ᠰᠤᠷᠪᠤᠯᠵᠢᠯᠠᠭᠴᠢ ᠳᠤ ᠳᠠᠨᠢᠯᠴᠠᠭᠤᠯᠤᠨ᠎ᠠ᠃ ᠣᠶᠢᠯᠠᠭᠠᠭᠰᠠᠨ ᠢᠶᠠᠷ᠂ ᠪᠦᠬᠦ ᠤᠯᠤᠰ ᠤᠨ ᠡᠯ᠎ᠡ ᠭᠠᠵᠠᠷ ᠤᠨ ᠮᠠᠯ ᠠᠵᠤ ᠠᠬᠤᠢ ᠲᠠᠷᠢᠶᠠᠯᠠᠩ᠂ ᠣᠢ ᠰᠢᠭᠤᠢ ᠪᠤᠯᠤᠨ ᠤᠰᠤᠨ ᠭᠠᠷᠤᠯᠳᠠ ᠶᠢᠨ 800 ᠭᠠᠷᠤᠢ ᠠᠵᠤ ᠠᠬᠤᠶᠢᠯᠠᠯ ᠦᠵᠡᠰᠭᠦᠯᠡᠩ ᠤᠨ ᠴᠤᠭᠯᠠᠭᠠᠨ ᠳᠤ ᠣᠷᠣᠯᠴᠠᠵᠤ᠂ 16 ᠮᠣᠵᠢ᠂ ᠥᠪᠡᠷᠲᠡᠭᠡᠨ ᠵᠠᠰᠠᠬᠤ ᠣᠷᠣᠨ ᠪᠠ ᠰᠢᠭᠤᠳ ᠬᠠᠷᠢᠶ᠎ᠠ ᠬᠤᠲᠠ ᠠᠴᠠ ᠢᠷᠡᠭᠰᠡᠨ ᠪᠡᠯᠡ ᠣᠷᠣᠭᠤᠯᠤᠯᠲᠠ ᠶᠢᠨ ᠠᠷᠠᠯᠵᠢᠶᠠᠴᠢᠨ᠂ ᠬᠤᠳᠠᠯᠳᠤᠨ ᠠᠪᠬᠤ ᠪᠦᠯᠬᠦᠮ᠂ ᠠᠵᠤ ᠠᠬᠤᠶᠢᠯᠠᠯ ᠵᠢᠴᠢ ᠮᠠᠯ ᠠᠵᠤ ᠠᠬᠤᠢ ᠲᠠᠷᠢᠶᠠᠯᠠᠩ ᠤᠨ ᠬᠠᠮᠢᠶ᠎ᠠ ᠪᠦᠬᠦᠢ ᠬᠥᠮᠦᠰ ᠬᠥᠬᠡᠬᠤᠲᠠ ᠳᠤ ᠴᠤᠭᠯᠠᠷᠠᠨ᠂ ᠬᠠᠮᠲᠤᠷᠠᠯᠴᠠᠭ᠎ᠠ ᠶᠢ ᠬᠠᠮᠲᠤ ᠪᠠᠷ ᠵᠥᠪᠳᠡᠯᠴᠡᠵᠤ ᠬᠥᠭᠵᠢᠯᠲᠡ ᠶᠢ ᠬᠠᠮᠲᠤ ᠪᠠᠷ ᠡᠷᠢᠯᠬᠢᠯᠡᠵᠠᠢ᠃ ᠲᠤᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠨᠢ ᠮᠠᠨ ᠤ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠡᠬᠢ ᠪᠠᠶᠠᠯᠢᠭ ᠢ ᠴᠢᠨᠠᠭᠰᠢᠳᠠ ᠨᠡᠶᠢᠳᠭᠡᠬᠦ ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ᠂ ᠠᠵᠤ ᠠᠬᠤᠢ ᠶᠢᠨ ᠬᠦᠭᠵᠢᠯᠳᠡ ᠶᠢ ᠪᠠᠲᠤᠯᠠᠬᠤ᠂ ᠳᠣᠲᠣᠭᠠᠳᠤ ᠬᠡᠷᠡᠭᠴᠡᠭᠡ ᠶᠢ ᠥᠷᠭᠡᠳᠭᠡᠬᠦ᠂ ᠬᠡᠷᠡᠭᠯᠡᠭᠡ ᠶᠢ ᠳᠠᠶᠢᠴᠢᠯᠠᠬᠤ ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠣᠳᠠᠲᠤ ᠬᠦᠴᠦᠨ ᠨᠡᠮᠡᠷᠢᠯᠡᠭᠰᠡᠨ ᠪᠠᠶᠢᠨ᠎ᠠ ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号