2022 ᠣᠨ ᠤ ᠪᠥᠬᠦ ᠵᠢᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2023/3/16
      2022 ᠣᠨ ᠤ ᠲᠠᠷᠢᠮᠠᠯ ᠤᠨ ᠶᠡᠷᠦᠩᠬᠡᠢ ᠳᠠᠷᠢᠬᠤ ᠲᠠᠯᠠᠪᠠᠶ 869.0 ᠲᠦᠮᠡᠨ ᠾᠧᠺᠲ᠋ᠠᠷ ᠲᠤ ᠬᠦᠷᠴᠡᠢ᠃ ᠡᠭᠦᠨ ᠳᠤ᠂ ᠠᠮᠤ ᠪᠤᠳᠠᠭᠠᠨ ᠤ ᠲᠠᠷᠢᠮᠠᠯ ᠤᠨ ᠳᠠᠷᠢᠬᠤ ᠲᠠᠯᠠᠪᠠᠶ 695.2 ᠲᠦᠮᠡᠨ ᠾᠧᠺᠲ᠋ᠠᠷ ᠪᠠᠶᠢᠵᠤ᠂ ᠲᠦᠷᠦᠭᠦᠸ ᠵᠢᠯ ᠤᠨ ᠬᠢ ᠠᠴᠠ 0.98% ᠪᠠᠷ ᠨᠡᠮᠡᠭᠳᠡᠪᠡ᠃ ᠠᠮᠤ ᠪᠤᠳᠠᠭᠠᠨ ᠤ ᠭᠠᠷᠤᠯᠲᠠ 3900.6 ᠲᠦᠮᠡᠨ ᠲᠣᠨ ᠳᠤ ᠬᠦᠷᠴᠦ ᠂ ᠲᠦᠷᠦᠭᠦᠦ ᠵᠢᠯ ᠤᠨ ᠬᠢ ᠠᠴᠠ 1.6% ᠪᠠᠷ ᠨᠡᠮᠡᠭᠳᠡᠵᠡᠢ᠃      ᠪᠥᠬᠦ ᠵᠢᠯ ᠤᠨ ᠭᠠᠭ᠋ᠠᠢ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 277.8 ᠲᠦᠮᠡᠨ ᠲᠣᠨ ᠳᠤ ᠬᠦᠷᠴᠦ᠂ ᠲᠦᠷᠦᠭᠦᠸ ᠵᠢᠯ ᠤᠨ ᠬᠢ ᠠᠴᠠ 2.8% ᠪᠠᠷ ᠨᠡᠮᠡᠭᠳᠡᠪᠡ᠃ ᠡᠭᠦᠨ ᠳᠤ᠂ ᠭᠠᠭ᠋ᠠᠢ ᠶᠢᠨ ᠮᠢᠬᠠᠨ ᠤ ᠭᠠᠷᠤᠯᠲᠠ 73.7 ᠲᠦᠮᠡᠨ ᠲᠣᠨ ᠳᠤ ᠬᠦᠷᠴᠦ᠂ 9.3%  ᠪᠠᠷ ᠨᠡᠮᠡᠭᠳᠡᠪᠡ︔ ᠦᠬᠡᠷ ᠤᠨ ᠮᠢᠬᠠᠨ ᠤ ᠭᠠᠷᠤᠯᠲᠠ 71.9 ᠲᠦᠮᠡᠨ ᠲᠣᠨ ᠳᠤ ᠬᠦᠷᠴᠦ᠂ 4.6%  ᠪᠠᠷ ᠨᠡᠮᠡᠭᠳᠡᠪᠡ︔ ᠬᠤᠨᠢᠨ ᠮᠢᠬ᠎ᠠ ᠶᠢᠨ ᠭᠠᠷᠤᠯᠲᠠ 110.2 ᠲᠦᠮᠡᠨ ᠲᠣᠨ ᠳᠤ ᠬᠦᠷᠴᠦ᠂ 3.0% ᠢᠶᠠᠷ ᠪᠠᠭᠤᠷᠠᠪᠠ︔ ᠵᠢᠭᠦᠷᠲᠡᠨ ᠤ ᠮᠢᠬᠠᠨ ᠤ ᠭᠠᠷᠤᠯᠲᠠ 22.1 ᠲᠦᠮᠡᠨ ᠲᠣᠨ ᠳᠤ ᠬᠦᠷᠴᠦ᠂ 7.6% ᠪᠠᠷ ᠨᠡᠮᠡᠭᠳᠡᠪᠡ᠃ ᠵᠢᠭᠦᠷᠲᠡᠨ ᠤ ᠥᠨᠳᠡᠭᠡ ᠶᠢᠨ ᠭᠠᠷᠤᠯᠲᠠ 62.6 ᠲᠦᠮᠡᠨ ᠲᠣᠨ ᠳᠤ ᠬᠦᠷᠴᠦ᠂ ᠲᠦᠷᠦᠭᠦᠦ ᠵᠢᠯ ᠤᠨ ᠬᠢ ᠠᠴᠠ 1.7%  ᠪᠠᠷ ᠨᠡᠮᠡᠭᠳᠡᠪᠡ᠃ ᠦᠨᠢᠶᠡᠨ ᠰᠦ ᠶᠢᠨ ᠭᠠᠷᠤᠯᠲᠠ 733.8 ᠲᠦᠮᠡᠨ ᠲᠣᠨ ᠳᠤ ᠬᠦᠷᠴᠦ᠂ ᠲᠦᠷᠦᠭᠦᠦ ᠵᠢᠯ ᠤᠨ ᠬᠢ ᠠᠴᠠ 9.0%  ᠪᠠᠷ ᠨᠡᠮᠡᠭᠳᠡᠪᠡ᠃ ᠵᠢᠯ ᠤᠨ ᠡᠴᠦᠰ ᠲᠤ ᠲᠡᠵᠢᠭᠡᠵᠦ ᠪᠠᠶᠢᠭ᠎ᠠ ᠭᠠᠭ᠋ᠠᠢ ᠶᠢᠨ ᠲᠤᠭ᠎ᠠ 597.1 ᠲᠦᠮᠡ ᠳᠤ ᠬᠦᠷᠴᠦ᠂ ᠲᠦᠷᠦᠭᠦᠦ ᠵᠢᠯ ᠤᠨ ᠬᠢ ᠠᠴᠠ 5.6%  ᠪᠠᠷ ᠨᠡᠮᠡᠭᠳᠡᠪᠡ︔ ᠲᠡᠵᠢᠭᠡᠵᠦ ᠪᠠᠶᠢᠭ᠎ᠠ ᠦᠬᠡᠷ ᠤᠨ ᠲᠤᠭ᠎ᠠ 820.4 ᠲᠦᠮᠡ ᠳᠤ ᠬᠦᠷᠴᠦ᠂ 12.0% ᠨᠡᠮᠡᠭᠳᠡᠪᠡ︔ ᠬᠤᠨᠢ ᠢᠮᠠᠭᠠᠨ ᠤ ᠲᠤᠭ᠎ᠠ 6124.1 ᠲᠦᠮᠡ ᠪᠠᠶᠢᠵᠤ᠂ 0.2% ᠢᠶᠠᠷ ᠪᠠᠭᠤᠷᠠᠪᠠ︔ ᠭᠡᠷ ᠤᠨ ᠵᠢᠭᠦᠷᠲᠡᠨ ᠤ ᠲᠤᠭ᠎ᠠ 5496.8 ᠲᠦᠮᠡ ᠳᠤ ᠬᠦᠷᠴᠦ᠂ 1.8% ᠪᠠᠷ ᠨᠡᠮᠡᠭᠳᠡᠪᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号