ᠬᠠᠪᠤᠷ ᠤᠨ ᠲᠠᠷᠢᠶᠠᠯᠠᠭ᠎ᠠ ᠶᠢᠨ ᠴᠠᠭ ᠪᠤᠯᠠᠬᠤ ᠳᠤ ᠲᠠᠷᠢᠶᠠᠯᠠᠩ ᠤᠨ ᠬᠡᠷᠡᠭᠰᠡᠯ ᠶᠠᠭᠤᠨ ᠠᠴᠠ ᠴᠤ ᠴᠢᠬᠤᠯᠠ ᠃ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠤᠨ ᠠᠶᠤᠯᠭᠦᠢ ᠨᠢ ᠲᠠᠷᠢᠶᠠᠯᠠᠩ ᠤᠨ ᠦᠷ᠎ᠡ | ᠠᠰᠢᠭ ᠢ ᠨᠡᠮᠡᠭᠳᠡᠭᠦᠯᠬᠦ ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠂ ᠬᠥᠳᠡᠭᠡ ᠲᠣᠰᠬᠤᠨ ᠤ ᠲᠣᠭᠲᠠᠭᠤᠨ | ᠪᠠᠶᠢᠳᠠᠯ ᠲᠠᠢ ᠬᠤᠯᠪᠣᠭᠳᠠᠬᠤ ᠪᠥᠭᠡᠳ ᠪᠠᠰᠠ ᠠᠮᠤ ᠪᠤᠳᠠᠭᠠᠨ ᠤ ᠠᠶᠤᠯᠭᠦᠢ᠂ ᠠᠮᠢ ᠠᠬᠤᠢ ᠶᠢᠨ ᠠᠶᠤᠯᠭᠦᠢ᠂ ᠤᠯᠠᠨ | ᠨᠡᠶᠢᠲᠡ ᠶᠢᠨ ᠠᠶᠤᠯᠭᠦᠢ ᠲᠠᠢ ᠬᠤᠯᠪᠤᠭᠳᠠᠳᠠᠭ᠃ | 2023 ᠣᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠤᠳᠠᠯ ᠬᠠᠭᠤᠷᠮᠠᠭ ᠦᠢᠯᠡᠳᠬᠦᠨ ᠳᠤ | ᠴᠣᠬᠢᠯᠲᠠ ᠥᠭᠬᠦ ᠪᠠ ᠬᠢᠨᠠᠨ ᠬᠠᠮᠢᠶᠠᠷᠬᠤ ᠠᠵᠢᠯ ᠢ ᠲᠠᠶᠢᠴᠢᠯᠠᠨ ᠪᠠᠶᠢᠷᠢᠯᠠᠭᠤᠯᠵᠤ ᠂ ᠬᠠᠪᠤᠷ ᠤᠨ ᠤᠯᠠᠷᠢᠯ ᠤᠨ | ᠲᠠᠷᠢᠶᠠᠨ ᠭᠠᠵᠠᠷ ᠤᠨ ᠬᠠᠮᠢᠶᠠᠷᠤᠯᠲᠠ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠠᠲᠤᠯᠠᠬᠤ ᠶᠢᠨ | ᠲᠥᠯᠥᠭᠡ ᠂ 3 ᠰᠠᠷ᠎ᠠ ᠶᠢᠨ 16 ᠤ ᠦᠳᠡ ᠶᠢᠨ ᠡᠮᠦᠨ᠎ᠡ ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠷᠠᠳ ᠤᠨ | ᠳᠡᠭᠡᠳᠦ ᠰᠢᠭᠦᠬᠦ ᠬᠤᠷᠢᠶ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠶᠠᠮᠤᠨ ᠂ ᠳᠣᠲᠣᠭᠠᠳᠤ ᠶᠢ ᠬᠠᠮᠠᠭᠠᠯᠠᠬᠤ ᠶᠠᠮᠤᠨ ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ | ᠶᠡᠷᠦᠩᠬᠡᠢ ᠲᠣᠪᠴᠢᠶ᠎ᠠ ᠂ ᠳᠤᠮᠳᠠᠳᠤ ᠶᠢᠨ ᠪᠦᠬᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠢ ᠬᠤᠷᠰᠢᠶ᠎ᠠ ᠵᠡᠷᠭᠡ | 6 ᠰᠠᠯᠠᠭ᠎ᠠ ᠮᠥᠴᠢᠷ ᠲᠠᠢ ᠬᠠᠮᠲᠤᠷᠠᠨ ᠂ ᠪᠡᠭᠡᠵᠢᠩ ᠳᠤ ᠪᠦᠬᠦ ᠤᠯᠤᠰ ᠤᠨ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠬᠤᠳᠠᠯ ᠬᠠᠭᠤᠷᠮᠠᠭ ᠦᠢᠯᠡᠳᠬᠦᠨ ᠳᠤ ᠴᠣᠬᠢᠯᠲᠠ ᠥᠭᠬᠦ ᠲᠤᠰᠬᠠᠢ ᠵᠠᠰᠠᠯᠲᠠ ᠶᠢᠨ ᠠᠵᠢᠯᠯᠠᠭ᠎ᠠ ᠶᠢᠨ | ᠸᠢᠳᠢᠤ᠋ ᠬᠤᠷᠠᠯ ᠬᠤᠷᠠᠯᠳᠤᠭᠤᠯᠪᠠ ᠃ ᠬᠤᠷᠠᠯ ᠠᠴᠠ ᠪᠦᠬᠦ ᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠬᠤᠳᠠᠯ ᠬᠠᠭᠤᠷᠮᠠᠭ ᠦᠢᠯᠡᠳᠬᠦᠨ ᠳᠤ ᠴᠣᠬᠢᠯᠲᠠ ᠥᠭᠬᠦ ᠶᠢ ᠬᠢᠨᠠᠨ ᠬᠠᠮᠢᠶᠠᠷᠬᠤ ᠪᠠ ᠬᠠᠤᠯᠢ | ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠲᠤᠬᠠᠢ ᠶᠡᠷᠦᠩᠬᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠥᠭᠡᠳ | ᠪᠦᠬᠦ ᠤᠯᠤᠰ ᠤᠨ ᠬᠡᠪᠴᠢᠶᠡᠨ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠮᠠᠭᠤ | ᠦᠢᠯᠡᠳᠬᠦᠨ ᠳᠤ ᠴᠣᠬᠢᠯᠲᠠ ᠥᠭᠬᠦ ᠲᠤᠰᠬᠠᠢ ᠵᠠᠰᠠᠯᠲᠠ ᠶᠢᠨ ᠠᠵᠢᠯᠯᠠᠭ᠎ᠠ ᠶᠢ ᠡᠬᠢᠯᠡᠭᠦᠯᠵᠦ ᠂ ᠥᠪᠥᠷ ᠮᠣᠩᠭᠤᠯ | ᠵᠡᠷᠭᠡᠪᠡᠷ ᠡᠬᠢᠯᠡᠭᠦᠯᠵᠡᠢ ᠃ | ᠲᠣᠰ ᠤᠳᠠᠭᠠᠨ ᠤ ᠬᠤᠷᠠᠯᠳᠤᠭᠠᠨ ᠳᠤ ᠥᠪᠥᠷ ᠮᠣᠩᠭᠤᠯ ᠪᠥᠬᠦ ᠣᠷᠣᠨ ᠤ 49 ᠬᠤᠪᠢᠶᠠᠷᠢ ᠬᠤᠷᠠᠯ ᠤᠨ | ᠲᠠᠯᠠᠪᠠᠶ ᠳᠤ 900 ᠭᠠᠷᠤᠢ ᠬᠦᠮᠦᠨ ᠢ ᠵᠣᠬᠢᠶᠠᠨ ᠪᠠᠶᠢᠭᠤᠯᠤᠨ ᠬᠤᠷᠠᠯ ᠳᠤ ᠣᠷᠣᠯᠴᠠᠭᠤᠯᠵᠤ᠂ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠪᠢᠶᠠᠷᠢ | ᠬᠤᠷᠠᠯ ᠤᠨ ᠲᠠᠯᠠᠪᠠᠶ ᠳᠤ ᠤᠯᠤᠰ ᠢᠶᠠᠷ ᠯᠠᠪᠯᠠᠯᠲᠠ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ | ᠵᠡᠷᠭᠡ ᠶᠢᠨ ᠰᠢᠭᠦᠬᠦ ᠬᠤᠷᠢᠶ᠎ᠠ ᠵᠡᠷᠭᠡ ᠵᠢᠷᠭᠤᠭᠠᠨ ᠰᠠᠯᠠᠭ᠎ᠠ ᠮᠥᠴᠢᠷ ᠢ ᠤᠷᠢᠨ ᠣᠷᠣᠯᠴᠠᠭᠤᠯᠵᠤ᠂ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠶᠡᠷᠦᠩᠬᠡᠢ ᠮᠠᠯ ᠤᠨ ᠡᠮᠴᠢ ᠵᠣᠣ ᠯᠢᠶᠠᠨ | ᠴᠧᠩ ᠬᠤᠷᠠᠯ ᠢ ᠡᠷᠭᠢᠯᠡᠭᠰᠡᠨ ᠪᠥᠭᠡᠳ ᠤᠯᠤᠰ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠵᠦ ᠂ 2023 ᠣᠨ ᠤ ᠥᠪᠥᠷ ᠮᠣᠩᠭᠤᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠬᠠᠭᠤᠷᠮᠠᠭ ᠮᠠᠭᠤ ᠦᠢᠯᠡᠳᠬᠦᠨ ᠳᠤ ᠴᠣᠬᠢᠯᠲᠠ ᠥᠭᠬᠦ ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ | ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠪᠡ᠃ | | | | | | | | 3 ᠰᠠᠷ᠎ᠠ ᠠᠴᠠ ᠨᠠᠭᠠᠰᠢ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠠᠪᠤᠷ ᠤᠨ ᠲᠠᠷᠢᠶᠠᠯᠠᠭ᠎ᠠ | ᠶᠢᠨ ᠪᠡᠯᠡᠳᠬᠡᠯ ᠠᠵᠢᠯ ᠢ ᠤᠷᠢᠳ ᠬᠤᠵᠢᠳ ᠡᠬᠢᠯᠡᠭᠦᠯᠪᠡ᠃ ᠬᠠᠭᠤᠷᠮᠠᠭ ᠮᠠᠭᠤ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠲᠤ ᠣᠷᠣᠬᠤ ᠶᠢ ᠪᠦᠲᠦᠮᠵᠢᠲᠡᠶ ᠰᠡᠷᠭᠡᠶᠢᠯᠡᠬᠦ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ᠠᠴᠠ ᠡᠷᠲᠡ ᠠᠴᠠ ᠠᠷᠭ᠎ᠠ ᠰᠦᠪᠡᠭᠴᠢᠯᠡᠨ᠂ ᠡᠷᠲᠡ ᠠᠴᠠ ᠬᠥᠳᠡᠯᠦᠯᠴᠡᠵᠦ᠂ ᠡᠯ᠎ᠡ ᠱᠠᠲᠤᠨ ᠤ ᠲᠠᠷᠢᠶᠠᠯᠠᠩ | ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ | ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠳᠠᠯᠠᠵᠤ᠂ ᠡᠬᠢ ᠡᠭᠦᠰᠦᠯ ᠠᠴᠠ ᠨᠢ | ᠵᠠᠰᠠᠬᠤ᠂ ᠲᠣᠭᠤᠷᠢᠨ ᠪᠠᠶᠢᠴᠠᠭᠠᠬᠤ᠂ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠵᠠᠷᠯᠠᠨ ᠮᠡᠳᠡᠭᠳᠡᠵᠦ ᠢᠯᠡᠴᠢᠯᠡᠬᠦ ᠵᠡᠷᠭᠡ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠮᠠᠭᠤ ᠦᠢᠯᠡᠳᠭᠦᠨ ᠳᠤ ᠴᠣᠬᠢᠯᠲᠠ ᠥᠭᠬᠦ | ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠲᠢᠩᠬᠢᠮ ᠤᠨ ᠲᠠᠰ ᠤᠨ ᠤᠳᠤᠷᠢᠳᠤᠯᠭ᠎ᠠ ᠠᠴᠠ | ᠪᠦᠯᠬᠦᠮ ᠳᠠᠭᠠᠭᠤᠯᠤᠨ᠂ ᠬᠠᠤᠯᠢ ᠬᠡᠷᠡᠭᠵᠢᠭᠦᠯᠬᠦ ᠲᠤᠰᠬᠠᠢ ᠮᠡᠷᠭᠡᠵᠢᠯᠲᠡᠨ ᠢ ᠤᠷᠢᠨ ᠣᠷᠣᠯᠴᠠᠭᠤᠯᠵᠤ᠂ 2 ᠰᠠᠷ᠎ᠠ ᠶᠢᠨ | ᠡᠬᠢᠨ ᠠᠴᠠ ᠡᠬᠢᠯᠡᠨ ᠤᠷᠢᠳ ᠬᠤᠵᠢᠳ ᠤᠯᠠᠭᠠᠨᠴᠠᠪ ᠬᠤᠲᠠ᠂ ᠪᠠᠶᠠᠨᠨᠠᠭᠤᠷ ᠬᠤᠲᠠ᠂ ᠦᠬᠠᠢ ᠬᠤᠲᠠ᠂ ᠪᠤᠭᠤᠲᠤ | ᠬᠤᠲᠠ ᠵᠡᠷᠭᠡ 4 ᠠᠶᠢᠮᠠᠭ ᠬᠤᠲᠠ ᠶᠢᠨ 11 ᠬᠤᠰᠢᠭᠤ ᠰᠢᠶᠠᠨ ᠳᠤ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠵᠦ᠂ ᠪᠥᠬᠦ | ᠣᠷᠣᠨ ᠤ ᠡᠯ᠎ᠡ ᠠᠶᠢᠮᠠᠭ ᠬᠤᠲᠠ ᠶᠢᠨ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠠᠯᠭᠠᠭ᠎ᠠ ᠪᠠᠷ ᠡᠬᠢᠯᠡᠭᠦᠯᠪᠡ᠃ | 3 ᠰᠠᠷ᠎ᠠ ᠶᠢᠨ 16 ᠤ ᠡᠳᠦᠷ ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 10155 ᠬᠥᠮᠥᠨ | ᠤᠳᠠᠭ᠎ᠠ ᠬᠥᠳᠡᠯᠭᠡᠵᠦ᠂ 1813 ᠤᠳᠠᠭ᠎ᠠ ᠲᠣᠭᠤᠷᠢᠨ ᠪᠠᠶᠢᠴᠠᠭᠠᠵᠤ᠂ 7675 ᠳᠡᠯᠭᠡᠭᠦᠷ ᠠᠵᠤ ᠠᠬᠤᠶᠢᠯᠠᠯ ᠢ | ᠪᠠᠶᠢᠴᠠᠭᠠᠵᠤ᠂ 3683 ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠰᠤᠭᠤᠴᠢᠨ ᠪᠠᠶᠢᠴᠠᠭᠠᠵᠤ᠂ 62 | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠦᠷᠢᠶ᠎ᠡ ᠴᠠᠷᠠᠭᠠᠨ ᠳᠠᠬᠢ ᠠᠰᠠᠭᠤᠳᠠᠯ ᠢ ᠪᠠᠶᠢᠴᠠᠭᠠᠨ | ᠰᠢᠢᠳᠪᠦᠷᠢᠯᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ | ᠡᠮᠬᠢ ᠳᠢᠭᠯᠢᠮ ᠢ ᠬᠦᠴᠦᠲᠡᠢ ᠬᠠᠮᠠᠭᠠᠯᠠᠨ᠂ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠪᠠ᠃ | | ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ︽ ᠲᠤᠮᠤ ᠤᠯᠤᠰ︾ ᠤᠨ ᠲᠥᠷᠥᠭᠳᠡᠯ ᠢ ᠢᠮᠠᠭᠲᠠ ᠡᠪᠦᠷᠯᠡᠵᠦ᠂ ︽ᠰᠠᠨᠠᠭ᠎ᠠ ᠲᠦᠪᠳᠡᠬᠦ ᠦᠭᠡᠢ︾ | ᠬᠠᠷᠢᠭᠤᠴᠠᠯᠭᠠᠲᠤ ᠰᠡᠳᠬᠢᠯᠭᠡ ᠶᠢ ᠢᠮᠠᠭᠲᠠ ᠡᠪᠦᠷᠯᠡᠵᠦ᠂ ︽ ᠬᠠᠭᠤᠷᠮᠠᠭ ᠮᠠᠭᠤ ᠦᠢᠯᠡᠳᠭᠦᠨ ᠳᠤ ᠴᠣᠬᠢᠯᠲᠠ | ᠥᠭᠴᠦ ᠲᠠᠷᠢᠶᠠᠯᠠᠩ ᠢ ᠬᠠᠮᠠᠭᠠᠯᠠᠬᠤ︾ ᠡᠭᠦᠷᠭᠡᠲᠦ ᠰᠡᠳᠬᠢᠯᠭᠡ ᠶᠢ ᠢᠮᠠᠭᠲᠠ ᠡᠪᠦᠷᠯᠡᠵᠦ᠂ ᠰᠠᠯᠠᠭ᠎ᠠ ᠮᠥᠴᠢᠷ ᠤᠨ | ᠪᠣᠳᠠᠲᠤ ᠪᠠᠶᠢᠳᠠᠯ᠂ ᠭᠠᠵᠠᠷ ᠣᠷᠣᠨ ᠤ ᠪᠣᠳᠠᠲᠤ ᠪᠠᠶᠢᠳᠠᠯ᠂ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠮᠠᠭᠤ ᠦᠢᠯᠡᠳᠭᠦᠨ ᠳᠤ | ᠴᠣᠬᠢᠯᠲᠠ ᠥᠭᠬᠦ ᠠᠵᠢᠯ ᠢ ᠰᠠᠶᠢᠲᠤᠷ ᠬᠢᠨ᠎ᠡ᠃ ᠣᠶᠢᠷ᠎ᠠ ᠳᠤ᠂ ᠥᠪᠥᠷ ᠮᠣᠩᠭᠤᠯ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠮᠠᠭᠤ ᠦᠢᠯᠡᠳᠭᠦᠨ ᠳᠤ ᠴᠣᠬᠢᠯᠲᠠ ᠥᠭᠬᠦ ᠠᠵᠢᠯ ᠤᠨ | ᠭᠤᠣᠯᠳᠠᠯᠭ᠎ᠠ ᠶᠢ ᠳᠠᠷᠤᠮᠠᠯᠯᠠᠨ ᠲᠠᠷᠬᠠᠭᠠᠵᠤ᠂ ᠲᠠᠷᠢᠶᠠᠯᠠᠬᠤ ᠬᠤᠭᠤᠴᠠᠭ᠎ᠠ᠂ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠢ ᠵᠠᠬ᠎ᠠ ᠳᠡᠯᠭᠡᠭᠦᠷ ᠲᠤ ᠣᠷᠣᠭᠤᠯᠬᠤ ᠬᠤᠭᠤᠴᠠᠭ᠎ᠠ᠂ ᠲᠠᠷᠢᠶᠠᠯᠠᠩ ᠤᠨ ᠮᠠᠰᠢᠨ ᠢᠶᠠᠷ ᠠᠵᠢᠯᠯᠠᠬᠤ | ᠬᠤᠭᠤᠴᠠᠭ᠎ᠠ ᠵᠡᠷᠭᠡ ᠭᠤᠷᠪᠠᠨ ᠭᠤᠣᠯᠳᠠᠯᠭ᠎ᠠ ᠲᠠᠢ ᠴᠠᠭ ᠬᠤᠭᠤᠴᠠᠭ᠎ᠠ ᠶᠢ ᠰᠠᠶᠢᠲᠤᠷ ᠠᠳᠬᠤᠵᠤ᠂ ᠦᠷ᠎ᠡ᠂ | ᠲᠠᠷᠢᠶᠠᠨ ᠡᠮ᠂ ᠪᠣᠷᠳᠣᠭᠤᠷ᠂ ᠮᠠᠯ ᠤᠨ ᠡᠮ᠂ ᠲᠡᠵᠢᠭᠡᠯ ᠪᠣᠷᠳᠤᠭ᠎ᠠ ᠪᠣᠯᠣᠨ ᠲᠡᠵᠢᠭᠡᠯ ᠪᠣᠷᠳᠣᠭᠠᠨ ᠤ ᠨᠡᠮᠡᠯᠲᠡ ᠡᠳ᠋᠂ | ᠲᠠᠷᠢᠶᠠᠯᠠᠩ ᠤᠨ ᠪᠦᠷᠬᠦᠪᠴᠢ᠂ ᠲᠠᠷᠢᠶᠠᠯᠠᠩ ᠤᠨ ᠮᠠᠰᠢᠨ ᠵᠡᠷᠭᠡ ᠳᠣᠯᠣᠭᠠᠨ ᠭᠤᠣᠯᠳᠠᠯᠭ᠎ᠠ ᠲᠠᠢ ᠠᠭᠤᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠦᠢᠯᠡᠳᠪᠦᠷᠢᠯᠡᠯ ᠤᠨ ᠡᠬᠢ ᠡᠭᠦᠰᠦᠯ᠂ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠡᠵᠡᠩᠨᠡᠯᠲᠡ ᠶᠢᠨ ᠲᠥᠪᠯᠡᠷᠡᠭᠦᠯᠦᠨ ᠲᠠᠷᠬᠠᠭᠠᠬᠤ ᠭᠠᠵᠠᠷ᠂ ᠬᠠᠷᠢᠶᠠᠲᠤ ᠣᠷᠣᠨ ᠤ ᠠᠭᠤᠯᠵᠠᠷ ᠤᠨ | ᠠᠰᠠᠭᠤᠳᠠᠯ ᠣᠯᠠᠨ ᠡᠭᠦᠰᠬᠦ ᠭᠠᠵᠠᠷ᠂ ᠵᠠᠭᠠᠯᠳᠤᠵᠤ ᠢᠯᠡᠴᠢᠯᠡᠨ ᠮᠡᠳᠡᠭᠦᠯᠬᠦ ᠠᠰᠠᠭᠤᠳᠠᠯ ᠣᠯᠠᠨ ᠡᠭᠦᠰᠬᠦ ᠭᠠᠵᠠᠷ᠂ | ᠢᠨᠲ᠋ᠧᠷ ᠰᠦᠯᠵᠢᠶ᠎ᠡ ᠶᠢᠨ ᠡᠯᠧᠺᠲᠷᠣᠨ ᠬᠤᠳᠠᠯᠳᠤᠭᠠᠨ ᠤ ᠪᠣᠷᠤᠯᠠᠭᠤᠯᠭ᠎ᠠ ᠶᠢᠨ ᠲᠠᠪᠴᠠᠩ ᠵᠡᠷᠭᠡ ᠲᠠᠪᠤᠨ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠲᠣᠪᠤᠶᠢᠯᠭᠠᠨ᠂ ᠪᠣᠶ ᠪᠦᠬᠦᠢ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠪᠠ ᠡᠵᠡᠩᠨᠡᠯᠲᠡ ᠶᠢᠨ ᠳᠡᠯᠭᠡᠭᠦᠷ ᠲᠤ ᠲᠣᠣᠷ ᠲᠠᠲᠠᠬᠤ | ᠮᠠᠶ᠋ᠢᠭ ᠤᠨ ᠪᠠᠶᠢᠴᠠᠭᠠᠯᠲᠠ ᠶᠢ ᠲᠥᠪᠯᠡᠷᠡᠭᠦᠯᠦᠨ ᠥᠷᠨᠢᠭᠦᠯᠵᠦ᠂ ᠠᠰᠠᠭᠤᠳᠠᠯ ᠤᠨ ᠳᠠᠯᠳᠠ ᠬᠡᠮ ᠢ ᠭᠦᠨᠵᠡᠭᠡᠢ | ᠪᠠᠶᠢᠴᠠᠭᠠᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠪᠦᠷᠢᠯᠡᠯ ᠡᠵᠡᠩᠨᠡᠯᠲᠡ ᠬᠡᠷᠡᠭᠯᠡᠯᠲᠡ ᠶᠢᠨ | ᠠᠵᠢᠯᠯᠠᠭ᠎ᠠ ᠶᠢ ᠵᠢᠷᠤᠮᠵᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠬᠠᠩᠭᠠᠨ ᠪᠣᠷᠣᠯᠠᠭᠤᠯᠬᠤ ᠬᠤᠷᠰᠢᠶ᠎ᠠ | ᠵᠡᠷᠭᠡ ᠰᠠᠯᠠᠭ᠎ᠠ ᠮᠥᠴᠢᠷ ᠯᠦᠭᠡ ᠪᠠᠶᠢᠴᠠᠭᠠᠬᠤ ᠪᠠ ᠴᠣᠬᠢᠯᠲᠠ ᠥᠭᠬᠦ ᠲᠠᠢ ᠬᠤᠯᠪᠤᠭᠠᠯᠠᠨ ᠬᠥᠳᠡᠯᠦᠯᠴᠡᠵᠦ᠂ | ᠬᠠᠭᠤᠷᠮᠠᠭ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠳᠤ ᠴᠣᠬᠢᠯᠲᠠ ᠥᠭᠬᠦ ᠶᠢ ᠲᠤᠰᠬᠠᠶᠢᠯᠠᠨ ᠵᠠᠰᠠᠬᠤ | ᠠᠵᠢᠯᠯᠠᠭ᠎ᠠ ᠶᠢ ᠡᠮᠬᠢ ᠵᠢᠷᠤᠮ ᠲᠠᠢ ᠪᠦᠲᠦᠮᠵᠢᠲᠡᠶ ᠥᠷᠨᠢᠭᠦᠯᠵᠦ ᠂ ᠡᠷᠬᠡ ᠲᠡᠭᠰᠢ ᠪᠠᠷ ᠥᠷᠢᠰᠦᠯᠳᠦᠬᠦ᠂ ᠡᠮᠬᠢ | ᠳᠢᠭᠯᠢᠮ ᠲᠠᠢ ᠲᠣᠭᠲᠠᠭᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠣᠷᠴᠢᠨ | ᠲᠣᠭᠤᠷᠢᠨ ᠢ ᠪᠥᠬᠦ ᠲᠠᠯ᠎ᠠ ᠪᠠᠷ ᠪᠣᠶ ᠪᠣᠯᠭᠠᠵᠤ᠂ ᠮᠠᠨ ᠤ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠦᠢᠯᠡᠳᠪᠦᠷᠢᠯᠡᠯ ᠪᠠ ᠠᠮᠤ ᠪᠤᠳᠠᠭᠠᠨ ᠤ ᠠᠶᠤᠯᠭᠦᠢ ᠶᠢ ᠬᠠᠮᠠᠭᠠᠯᠠᠨ᠎ᠠ᠃ | | | | | | | | | | | | | |