ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤ ᠶᠢ ᠪᠥᠬᠦ ᠤᠯᠤᠰ ᠤᠨ ᠠᠮᠤᠷ ᠠᠮᠤᠭᠤᠯᠠᠩ ᠵᠢᠭᠠᠰᠤᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠢᠶᠠᠨ ᠢᠶᠠᠷ ᠲᠡᠪᠰᠢᠭᠦᠯᠦᠨ ᠲᠠᠨᠢᠯᠴᠠᠭᠤᠯᠬᠤ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2023/3/17
      ︽ᠠᠮᠤᠷ ᠠᠮᠤᠭᠤᠯᠠᠩ ᠵᠢᠭᠠᠰᠤᠨ ᠤ ᠠᠵᠤ ᠦᠢᠯᠡᠰ ᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠠᠵᠢᠯᠯᠠᠭ᠎ᠠ ᠶᠢ ᠥᠷᠨᠢᠭᠦᠯᠬᠦ ᠲᠤᠬᠠᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠳᠡᠯ︾ ︵ᠲᠠᠷᠢᠶᠠᠯᠠᠩ ᠵᠢᠭᠠᠰᠤᠨ ᠲᠠᠷᠬᠠᠭᠠᠭᠰᠠᠨ ﹇2023﹈ 2 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭᠠᠨ ᠤ ᠶᠣᠰᠣᠭᠠᠷ᠂ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠥᠬᠦ ᠣᠷᠣᠨ ᠤ ᠬᠡᠪᠴᠢᠶᠡᠨ ᠳᠤ ᠠᠮᠤᠷ ᠠᠮᠤᠭᠤᠯᠠᠩ ᠵᠢᠭᠠᠰᠤᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠢᠶᠠᠨ ᠢᠶᠠᠷ ᠮᠡᠳᠡᠭᠦᠯᠦᠨ ᠲᠠᠨᠢᠯᠴᠠᠭᠤᠯᠬᠤ ᠠᠵᠢᠯ ᠢ ᠥᠷᠨᠢᠭᠦᠯᠪᠡ᠃ ᠬᠤᠰᠢᠭᠤ ᠰᠢᠶᠠᠨ ᠳᠤ ᠮᠡᠳᠡᠭᠦᠯᠦᠭᠰᠡᠨ ᠰᠠᠭᠤᠷᠢᠨ ᠳᠡᠭᠡᠷ᠎ᠡ᠂ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠮᠡᠳᠡᠭᠦᠯᠦᠭᠰᠡᠨ ᠮᠠᠲ᠋ᠧᠷᠢᠶᠠᠯ ᠳᠤ ᠠᠩᠬᠠᠨ ᠤ ᠬᠢᠨᠠᠯᠲᠠ ᠬᠢᠬᠦ ᠶᠢᠨ ᠬᠠᠮᠲᠤ ᠡᠯ᠎ᠡ ᠮᠡᠳᠡᠭᠦᠯᠦᠭᠰᠡᠨ ᠬᠤᠰᠢᠭᠤ ᠰᠢᠶᠠᠨ ᠳᠤ ᠲᠤᠬᠠᠢ ᠶᠢᠨ ᠭᠠᠵᠠᠷ ᠲᠤ  ᠨᠢ ᠬᠠᠷᠭᠤᠭᠤᠯᠤᠨ ᠪᠠᠶᠢᠴᠠᠭᠠᠵᠤ᠂ ᠲᠤᠬᠠᠢ ᠶᠢᠨ ᠭᠠᠵᠠᠷ ᠲᠤ  ᠨᠢ ᠬᠤᠪᠢ ᠥᠭᠪᠡ᠃ ᠬᠤᠪᠢ ᠲᠣᠭᠲᠠᠭᠠᠭᠰᠠᠨ ᠦᠷ᠎ᠡ ᠳ᠋ᠦᠩ ᠢ ᠦᠨᠳᠦᠰᠦᠯᠡᠨ᠂ ᠬᠠᠩᠭᠢᠨ ᠬᠤᠶᠢᠲᠤ ᠬᠤᠰᠢᠭᠤ ᠶᠢ ᠪᠥᠬᠦ ᠤᠯᠤᠰ ᠤᠨ ᠠᠮᠤᠷ ᠠᠮᠤᠭᠤᠯᠠᠩ ᠵᠢᠭᠠᠰᠤᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠢᠶᠠᠨ ᠢᠶᠠᠷ ᠲᠠᠨᠢᠯᠴᠠᠭᠤᠯᠬᠤ ᠪᠠᠷ ᠪᠠᠶᠢᠨ᠎ᠠ᠂ ᠡᠳᠦᠭᠡ ᠢᠯᠡ ᠨᠡᠶᠢᠲᠡᠯᠡᠪᠡ᠃ ᠢᠯᠡ ᠨᠡᠶᠢᠲᠡᠯᠡᠬᠦ ᠬᠤᠭᠤᠴᠠᠭ᠎ᠠ ᠨᠢ 2023 ᠣᠨ ᠤ 3 ᠰᠠᠷ᠎ᠠ ᠶᠢᠨ 17 ᠤ ᠡᠳᠦᠷ ᠠᠴᠠ 3 ᠰᠠᠷ᠎ᠠ ᠶᠢᠨ 24 ᠤ ᠡᠳᠦᠷ ᠪᠣᠯᠲᠠᠯ᠎ᠠ᠃      ᠲᠠᠨᠢᠯᠴᠠᠭᠤᠯᠤᠭᠰᠠᠨ ᠦᠷ᠎ᠡ ᠳ᠋ᠦᠩ ᠳᠤ ᠣᠨᠳᠣᠣ ᠰᠠᠨᠠᠯ ᠲᠠᠢ ᠪᠣᠯ ᠢᠯᠡ ᠨᠡᠶᠢᠲᠡᠯᠡᠬᠦ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠳᠤ ᠳᠤᠰᠬᠠᠭᠠᠷᠠᠢ᠃ ᠲᠤᠰᠬᠠᠭᠴᠢ  ᠨᠢ ᠦᠨᠡᠨ ᠪᠣᠳᠠᠲᠠᠢ ᠣᠪᠣᠭ ᠨᠡᠷ᠎ᠡ᠂ ᠨᠢᠭᠡᠴᠢ ᠪᠠ ᠬᠠᠷᠢᠯᠴᠠᠬᠤ ᠠᠷᠭ᠎ᠠ ᠶᠢ ᠬᠡᠷᠡᠭᠯᠡᠬᠦ ᠬᠡᠷᠡᠭᠲᠡᠢ᠃      ᠬᠠᠷᠢᠯᠴᠠᠬᠤ ᠬᠥᠮᠥᠨ᠄ ᠴᠧᠨ ᠬᠤᠤ ᠷᠠᠨ      ᠬᠢᠨᠠᠯᠲᠠ ᠲᠠᠯᠪᠢᠬᠤ ᠤᠲᠠᠰᠤ᠄ 0471-6652047      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠠᠮ ᠤᠨ 70 ᠳ᠋ᠤᠭᠠᠷ ᠨᠣᠮᠧᠷ      ᠢᠮᠧᠯ᠄ nmgyj2015@126.com                         ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                        ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                                2023 ᠣᠨ ᠤ 3 ᠰᠠᠷ᠎ᠠ ᠶᠢᠨ 17 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号