ᠥᠪᠥᠷ ᠮᠣᠩᠭᠤᠯ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠠᠩᠬᠠᠨ ᠤ ᠳᠠᠶᠢᠯᠠᠯᠳᠤᠭᠠᠨ ᠢ ᠰᠠᠶᠢᠲᠤᠷ ᠬᠢᠵᠦ ᠠᠮᠤ ᠪᠤᠳᠠᠭᠠᠨ ᠤ ᠰᠢᠷ᠎ᠠ ᠪᠤᠷᠴᠠᠭ ᠤᠨ ᠤᠨᠠᠯᠲᠠ ᠶᠢ ᠪᠥᠬᠦ ᠬᠦᠴᠦᠨ ᠢᠶᠠᠷ ᠢᠶᠠᠨ ᠲᠤᠭᠲᠠᠪᠤᠷᠢᠵᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/3/17
      ᠠᠵᠢᠯᠰᠠᠭ ᠬᠦᠮᠦᠨ ᠳᠤ ᠬᠠᠪᠤᠷ ᠡᠷᠲᠡ ᠢᠷᠡᠳᠡᠭ ᠂ ᠤᠳᠤ ᠶᠠᠭ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠤᠨ ᠬᠦᠭ ᠪᠤᠯᠵᠦ ᠪᠠᠶᠢᠨ᠎ᠠ ᠃ ᠡᠨᠡ ᠵᠢᠯ ᠠᠴᠠ ᠨᠠᠭᠠᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠪᠣᠯᠣᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠦ ᠂ ᠪᠥᠬᠦ ᠣᠷᠣᠨ ᠤ ᠥᠷᠭᠡᠨ ᠣᠯᠠᠨ ᠺᠠᠳ᠋ᠷ ᠣᠯᠠᠨ ᠲᠦᠮᠡᠨ ᠢ ᠵᠣᠬᠢᠶᠠᠨ ᠪᠠᠶᠢᠭᠤᠯᠤᠨ ᠳᠠᠶᠢᠴᠢᠯᠠᠵᠤ᠂ ᠦᠳᠲᠡᠷ ᠲᠦᠷᠭᠡᠨ ᠬᠥᠳᠡᠯᠦᠯᠴᠡᠵᠦ᠂ ᠲᠠᠷᠢᠶᠠᠯᠠᠬᠤ ᠴᠠᠭ ᠢ ᠠᠮᠵᠢᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠤᠨ ᠠᠩᠬᠠᠨ ᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠵᠢᠯ ᠤᠨ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠳᠤ ᠰᠠᠶᠢᠨ ᠡᠬᠢᠯᠡᠯᠲᠡ ᠲᠠᠢ ᠪᠣᠯᠭᠠᠵᠠᠢ᠃
1.jpg
       ᠨᠢᠭᠡ ᠳᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠠᠮᠤ ᠪᠤᠳᠠᠭᠠᠨ ᠤ ᠲᠠᠯᠠᠪᠠᠢ ᠶᠢ ᠲᠣᠭᠲᠠᠪᠤᠷᠢᠵᠢᠭᠤᠯᠤᠨ᠎ᠠ᠃ ᠴᠠᠭ ᠲᠤᠬᠠᠢ ᠳᠤ  ᠨᠢ ᠡᠭᠦᠷᠭᠡ ᠪᠠᠭᠤᠯᠭᠠᠪᠠ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ 2 ᠰᠠᠷ᠎ᠠ ᠶᠢᠨ 25 ᠤ ᠡᠳᠦᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠡᠯ᠎ᠡ ᠠᠶᠢᠮᠠᠭ ᠬᠤᠲᠠ ᠶᠢᠨ ᠠᠮᠤ ᠪᠤᠳᠠᠭ᠎ᠠ ᠪᠠ ᠲᠣᠰᠣᠯᠢᠭ ᠵᠦᠢᠯ ᠤᠨ ᠦᠢᠯᠡᠳᠪᠦᠷᠢᠯᠡᠯ ᠤᠨ ᠬᠠᠷᠠᠯᠲᠠ ᠶᠢᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠠᠮᠤ ᠪᠤᠳᠠᠭᠠᠨ ᠤ ᠲᠠᠯᠠᠪᠠᠶ ᠶᠢᠨ ᠤᠨᠠᠯᠲᠠ᠂ ᠰᠢᠷ᠎ᠠ ᠪᠤᠷᠴᠠᠭ ᠪᠠ ᠲᠣᠰᠣᠯᠢᠭ ᠵᠦᠢᠯ ᠤᠨ ᠲᠠᠯᠠᠪᠠᠶ ᠵᠡᠷᠭᠡ ᠡᠭᠦᠷᠭᠡ ᠶᠢ 12 ᠠᠶᠢᠮᠠᠭ ᠬᠤᠲᠠ ᠳᠤ ᠬᠤᠪᠢᠶᠠᠷᠢᠯᠠᠨ ᠪᠠᠭᠤᠯᠭᠠᠪᠠ᠃ ᠠᠵᠢᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠪᠠ ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠷᠢᠳ ᠬᠤᠵᠢᠳ ᠲᠤᠰᠬᠠᠢ ᠰᠡᠳᠦᠪᠲᠦ ᠬᠤᠷᠠᠯ᠂ ᠬᠠᠪᠤᠷ ᠤᠨ ᠲᠠᠷᠢᠶᠠᠯᠠᠭ᠎ᠠ ᠶᠢᠨ ᠠᠩᠬᠠᠨ ᠤ ᠠᠨᠵᠢᠰᠦ ᠵᠢᠴᠢ ᠠᠮᠤ ᠪᠤᠳᠠᠭᠠᠨ ᠤ ᠦᠢᠯᠡᠳᠪᠦᠷᠢᠯᠡᠯ ᠢ ᠲᠦᠯᠬᠢᠨ ᠠᠬᠢᠭᠤᠯᠬᠤ ᠠᠵᠢᠯ ᠤᠨ ᠬᠤᠷᠠᠯ᠂ ᠭᠠᠵᠠᠷ ᠰᠢᠷᠣᠢ ᠶᠢ ᠲᠡᠭᠰᠢᠯᠡᠬᠦ ᠶᠡᠭᠡ ᠳᠠᠶᠢᠯᠠᠯᠳᠤᠭᠠᠨ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯᠣᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠲᠤᠬᠠᠢ ᠶᠢᠨ ᠲᠠᠯᠠᠪᠤᠷ ᠤᠨ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠲᠦᠯᠬᠢᠨ ᠠᠬᠢᠭᠤᠯᠪᠠ᠃ ᠣᠶᠢᠷ᠎ᠠ ᠶᠢᠨ ᠬᠤᠭᠤᠴᠠᠭᠠᠨ ᠳᠤ ᠪᠠᠰᠠ ᠪᠥᠬᠦ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠮᠤ ᠪᠤᠳᠠᠭ᠎ᠠ ᠵᠢᠴᠢ ᠰᠢᠷ᠎ᠠ ᠪᠤᠷᠴᠠᠭ ᠤᠨ ᠲᠣᠰᠣᠯᠢᠭ ᠲᠠᠷᠢᠮᠠᠯ ᠵᠡᠷᠭᠡ ᠳᠠᠷᠢᠬᠤ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠭᠰᠠᠨ ᠪᠠᠶᠢᠨ᠎ᠠ ᠃ ᠤᠯᠠᠨ ᠲᠠᠯ᠎ᠠ ᠪᠠᠷ ᠬᠦᠴᠦ ᠪᠠᠨ ᠬᠠᠮᠲᠤᠳᠬᠠᠨ ᠲᠠᠷᠢᠶᠠᠯᠠᠩ ᠢ ᠳᠡᠮᠵᠢᠪᠡ᠃ 3 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ ᠲᠥᠪ ᠤᠨ ᠰᠠᠯᠪᠤᠷᠢ ᠪᠠᠩᠬᠢ ᠵᠡᠷᠭᠡ ᠲᠠᠢ ᠬᠠᠮᠲᠤᠷᠠᠨ ︽ᠮᠥᠩᠭᠦᠨ ᠭᠦᠢᠯᠭᠡᠭᠡᠨ ᠤ ᠨᠦᠮᠵᠦᠭ ᠬᠤᠷ᠎ᠠ ᠪᠠᠷ ᠬᠠᠪᠤᠷ ᠤᠨ ᠲᠠᠷᠢᠶᠠᠯᠠᠭ᠎ᠠ ᠶᠢ ᠤᠮᠳᠠᠯᠠᠵᠤ᠂ ᠲᠠᠷᠢᠶᠠᠯᠠᠬᠤ ᠴᠠᠭ ᠢ ᠰᠠᠭᠠᠲᠠᠭᠠᠬᠤ ᠦᠭᠡᠢ ᠤᠷᠢᠨ ᠬᠠᠪᠤᠷ ᠢ ᠴᠦ ᠰᠠᠭᠠᠲᠠᠭᠠᠬᠤ ᠦᠭᠡᠢ︾ ᠬᠡᠮᠡᠬᠦ ᠭᠤᠣᠯ ᠰᠡᠳᠦᠪᠳᠦ ᠪᠥᠬᠦ ᠣᠷᠣᠨ ᠤ ᠮᠥᠩᠭᠦᠨ ᠭᠦᠢᠯᠭᠡᠭᠡᠨ ᠢᠶᠠᠷ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯᠯᠠᠭ᠎ᠠ ᠶᠢ ᠳᠡᠮᠵᠢᠬᠦ ᠡᠬᠢᠯᠡᠯᠲᠡ ᠶᠢᠨ ᠬᠤᠷᠠᠯ ᠢ ᠬᠤᠷᠠᠯᠳᠤᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ᠪᠡᠯᠡ ᠮᠥᠩᠭᠦ ᠶᠢᠨ ᠬᠡᠷᠡᠭᠯᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃      ᠬᠤᠶᠠᠷ ᠲᠤ ᠠᠷᠭ᠎ᠠ ᠪᠦᠬᠦᠨ ᠢ ᠰᠦᠪᠡᠭᠴᠢᠯᠡᠨ ᠰᠢᠷ᠎ᠠ ᠪᠤᠷᠴᠠᠭ ᠤᠨ ᠲᠠᠯᠠᠪᠠᠶ ᠶᠢ ᠲᠣᠭᠲᠠᠪᠤᠷᠢᠵᠢᠭᠤᠯᠤᠨ᠎ᠠ᠃ ᠦᠢᠯᠡᠳᠪᠦᠷᠢᠯᠡᠭᠴᠢᠳ ᠲᠤ ᠨᠥᠬᠦᠪᠦᠷᠢ ᠥᠭᠴᠦ ᠳᠡᠮᠵᠢᠬᠦ ᠡᠷᠴᠢᠮ ᠢ ᠴᠢᠩᠭᠠᠷᠠᠭᠤᠯᠪᠠ ᠃ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠨᠥᠬᠦᠪᠦᠷᠢ ᠥᠭᠬᠦ ᠪᠠᠷᠢᠮᠵᠢᠶ᠎ᠠ ᠶᠢ ᠳᠡᠭᠡᠭᠰᠢᠯᠡᠭᠦᠯᠵᠦ ᠂ ᠡᠷᠳᠡᠨᠢ ᠰᠢᠰᠢ ᠳᠤ ᠨᠥᠬᠦᠪᠦᠷᠢ ᠥᠭᠬᠦ ᠪᠠᠷᠢᠮᠵᠢᠶ᠎ᠠ ᠶᠢ ᠳᠣᠷᠣᠭᠰᠢᠯᠠᠭᠤᠯᠵᠤ ᠂ ᠨᠥᠬᠦᠪᠦᠷᠢ ᠥᠭᠬᠦ ᠵᠥᠷᠢᠶ᠎ᠡ ᠶᠢ 260 ᠲᠥᠭᠦᠷᠢᠭ ᠠᠴᠠ ᠳᠡᠭᠡᠭᠰᠢ ᠪᠣᠯᠲᠠᠯ᠎ᠠ ᠥᠷᠭᠡᠳᠬᠡᠵᠦ ᠂ ᠲᠦᠷᠦᠭᠦᠦ ᠵᠢᠯ ᠤᠨ ᠬᠢ ᠠᠴᠠ ᠬᠤᠶᠠᠷ ᠲᠠᠬᠢᠨ ᠪᠣᠯᠲᠠᠯ᠎ᠠ ᠨᠡᠮᠡᠭᠳᠡᠭᠦᠯᠵᠦ ᠂ ᠲᠠᠷᠢᠶᠠᠴᠢᠳ ᠤᠨ ᠲᠠᠷᠢᠬᠤ ᠢᠳᠡᠪᠬᠢᠵᠢᠯ ᠢ ᠲᠡᠭᠡᠭᠰᠢᠯᠡᠭᠦᠯᠪᠡ ᠃ ᠲᠠᠷᠢᠶᠠᠨ ᠭᠠᠵᠠᠷ ᠲᠤ ᠡᠭᠡᠯᠵᠢᠯᠡᠨ ᠲᠠᠷᠢᠬᠤ ᠵᠦᠢᠯᠡᠰ ᠢ ᠰᠠᠶᠢᠲᠤᠷ ᠬᠡᠷᠡᠭᠯᠡᠨ᠎ᠡ ᠃ ᠬᠥᠯᠥᠨ ᠪᠤᠶᠢᠷ ᠬᠤᠲᠠ᠂ ᠬᠢᠩᠭᠠᠨ ᠠᠶᠢᠮᠠᠭ ᠤᠨ ᠰᠢᠷ᠎ᠠ ᠪᠤᠷᠴᠠᠭ ᠤᠨ ᠬᠤᠶᠠᠷ ᠭᠤᠣᠯ ᠭᠠᠷᠤᠯᠲᠠ ᠶᠢᠨ ᠣᠷᠣᠨ ᠤ ᠡᠭᠡᠯᠵᠢᠯᠡᠨ ᠳᠠᠷᠢᠬᠤ ᠲᠥᠷᠥᠯ ᠵᠦᠢᠯ ᠤᠨ ᠲᠣᠭᠤᠷᠢᠭ ᠲᠤ 265 ᠲᠦᠮᠡᠨ ᠮᠦ ᠰᠢᠷ᠎ᠠ ᠪᠤᠷᠴᠠᠭ ᠳᠠᠷᠢᠬᠤ ᠶᠢ ᠪᠥᠬᠦ ᠬᠦᠴᠦᠨ ᠢᠶᠠᠷ ᠢᠶᠠᠨ ᠪᠠᠳᠤᠯᠠᠵᠦ ᠪᠠᠶᠢᠨ᠎ᠠ ᠃ ᠤᠯᠠᠭᠠᠨᠬᠠᠳᠠ ᠬᠤᠲᠠ᠂ ᠲᠦᠩᠯᠢᠶᠣᠣ ᠬᠤᠲᠠ ᠵᠡᠷᠭᠡ ᠡᠷᠳᠡᠨᠢ ᠰᠢᠰᠢ ᠶᠢᠨ ᠭᠤᠣᠯ ᠭᠠᠷᠤᠯᠲᠠ ᠶᠢᠨ ᠣᠷᠣᠨ ᠳᠤ ᠡᠭᠡᠯᠵᠢᠯᠡᠨ ᠳᠠᠷᠢᠬᠤ ᠲᠥᠷᠥᠯ ᠵᠦᠢᠯ ᠢᠶᠠᠷ ᠳᠠᠮᠵᠢᠭᠤᠯᠤᠨ ᠰᠢᠷ᠎ᠠ ᠪᠤᠷᠴᠠᠭ ᠳᠠᠷᠢᠬᠤ ᠶᠢ ᠳᠠᠶᠢᠴᠢᠯᠠᠨ 40 ᠲᠦᠮᠡᠨ ᠮᠦ ᠨᠡᠮᠡᠭᠳᠡᠭᠦᠯᠪᠡ ᠃ ᠰᠢᠨ᠎ᠡ ᠪᠠᠷ ᠨᠡᠮᠡᠭᠳᠡᠭᠰᠡᠨ ᠪᠠᠷᠢᠮᠵᠢᠶᠠᠲᠤ ᠲᠠᠷᠢᠶᠠᠨ ᠭᠠᠵᠠᠷ ᠤᠨ ᠳᠠᠯᠳᠠ ᠬᠦᠴᠦᠨ ᠢ ᠠᠭᠤᠳᠠᠯᠤᠨ᠎ᠠ᠃ ᠲᠠᠷᠢᠶᠠᠴᠢᠳ ᠤᠨ ᠦᠷ᠎ᠡ ᠠᠰᠢᠭ ᠤᠨ ᠲᠠᠩᠰᠠ ᠪᠤᠳᠤᠬᠤ ᠶᠢ ᠬᠥᠲᠥᠯᠥᠨ ᠵᠢᠯᠤᠭᠤᠳᠴᠤ᠂ ᠰᠢᠷ᠎ᠠ ᠪᠤᠷᠴᠠᠭ ᠤᠨ ᠲᠠᠷᠢᠶᠠᠨ ᠭᠠᠵᠠᠷ ᠢ ᠰᠢᠮᠡᠯᠡᠬᠦ ᠦᠢᠯᠡᠳᠦᠯ ᠢ ᠪᠠᠳᠠᠷᠠᠭᠤᠯᠤᠨ᠂ ᠰᠢᠨ᠎ᠡ ᠪᠠᠷ ᠪᠠᠶᠢᠭᠤᠯᠤᠭᠰᠠᠨ ᠬᠠᠭᠤᠷᠠᠢ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠭᠦᠬᠡᠢ ᠰᠢᠷᠣᠢ ᠶᠢᠨ ᠠᠩᠬᠠᠨ ᠤ ᠵᠢᠯ ᠤᠨ ᠤᠨᠠᠯᠲᠠ ᠪᠠ ᠠᠰᠢᠭ ᠣᠷᠣᠯᠭ᠎ᠠ ᠨᠡᠯᠢᠶᠡᠳ ᠳᠣᠣᠷ᠎ᠠ ᠪᠠᠶᠢᠬᠤ ᠠᠰᠠᠭᠤᠳᠠᠯ ᠢ ᠰᠢᠢᠳᠪᠦᠷᠢᠯᠡᠵᠦ᠂ 50 ᠲᠦᠮᠡᠨ ᠮᠦ ᠰᠢᠷ᠎ᠠ ᠪᠤᠷᠴᠠᠭ ᠳᠠᠷᠢᠬᠤ ᠶᠢ ᠠᠬᠢᠭᠤᠯᠵᠦ ᠪᠠᠶᠢᠨ᠎ᠠ ᠃
2.png
       ᠭᠤᠷᠪᠠ ᠳᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠡᠷᠳᠡ ᠠᠴᠠ ᠠᠷᠭ᠎ᠠ ᠰᠦᠪᠡᠭᠴᠢᠯᠡᠨ ᠠᠬᠢᠭᠤᠯᠪᠠ ᠃ ᠣᠳᠣᠬᠠᠨ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡᠯᠡᠯ ᠂ ᠲᠠᠷᠢᠶᠠᠯᠠᠩ ᠤᠨ ᠮᠠᠰᠢᠨ ᠤ ᠪᠡᠯᠡᠳᠬᠡᠯ ᠪᠦᠬᠦᠯᠢ ᠴᠣᠭᠴᠠ ᠪᠠᠷ ᠢᠶᠠᠨ ᠭᠦᠢᠴᠡᠳ ᠪᠠᠶᠢᠵᠤ ᠂ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡ ᠶᠢ ᠬᠠᠩᠭᠠᠵᠤ ᠳᠡᠶᠢᠯᠬᠦ ᠪᠣᠯᠵᠠᠢ ᠃ ᠪᠥᠬᠦ ᠣᠷᠣᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠣᠳᠠᠲᠠᠶᠢᠵᠢᠭᠰᠠᠨ ᠨᠣᠷᠮ᠎ᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠶᠡᠷᠦᠩᠬᠡᠢ ᠳᠤ ᠪᠠᠨ ᠥᠨᠳᠥᠷ ᠰᠢᠭ ᠪᠠᠶᠢᠳᠠᠯ ᠲᠠᠢ ᠪᠠᠶᠢᠵᠤ᠂ ᠡᠷᠳᠡᠨᠢ ᠰᠢᠰᠢ᠂ ᠰᠢᠷ᠎ᠠ ᠪᠤᠷᠴᠠᠭ ᠵᠡᠷᠭᠡ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠤᠨ ᠦᠷ᠎ᠡ ᠶᠢᠨ ᠪᠣᠳᠠᠲᠠᠶᠢᠵᠢᠭᠰᠠᠨ ᠨᠣᠷᠮ᠎ᠠ ᠠᠷᠪᠠᠨ ᠤ ᠨᠠᠢᠮᠠᠨ ᠬᠤᠪᠢ ᠶᠢ ᠳᠠᠪᠠᠪᠠ︔ ᠬᠢᠮᠢ ᠶᠢᠨ ᠪᠣᠷᠳᠣᠭᠤᠷ ᠤᠨ ᠪᠠᠷᠢᠮᠵᠢᠶ᠎ᠠ ᠳᠤ ᠬᠦᠷᠦᠭᠰᠡᠨ ᠨᠤᠷᠮ᠎ᠠ  ᠨᠢ 7 ᠬᠤᠪᠢ ᠶᠢ ᠳᠠᠪᠠᠵᠤ ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 10 ᠬᠤᠪᠢ ᠠᠴᠠ ᠳᠡᠭᠡᠭᠰᠢ ᠥᠨᠳᠥᠷ ᠪᠣᠯᠪᠠ ︔ ᠲᠠᠷᠢᠶᠠᠨ ᠡᠮ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠨᠢ 4 ᠬᠤᠪᠢ ᠰᠢᠬᠠᠮ ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠴᠦ ᠥᠨᠳᠥᠷ ᠪᠠᠶᠢᠨ᠎ᠠ᠃ ᠰᠦᠯᠢᠶᠥᠦ ᠪᠦᠷᠬᠦᠪᠴᠢ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠨᠢ ᠬᠠᠭᠠᠰ ᠠᠴᠠ ᠳᠠᠪᠠᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠲᠠᠢ ᠦᠨᠳᠦᠰᠦᠨ ᠳᠤ ᠪᠠᠨ ᠠᠳᠠᠯᠢ ᠪᠠᠶᠢᠨ᠎ᠠ᠃ ᠲᠠᠷᠢᠶᠠᠯᠠᠩ ᠤᠨ ᠪᠠᠶᠢᠳᠠᠯ ᠤᠨ ᠲᠣᠬᠢᠷᠠᠭᠤᠯᠤᠯᠲᠠ ᠶᠢ ᠦᠨᠳᠦᠰᠦᠯᠡᠨ ᠂ 3 ᠰᠠᠷ᠎ᠠ ᠶᠢᠨ 14 ᠤ ᠡᠳᠦᠷ ᠪᠣᠯᠲᠠᠯ᠎ᠠ᠂ ᠪᠥᠬᠦ ᠣᠷᠣᠨ ᠳᠤ ᠨᠢᠭᠡᠨᠲᠡ 31.4 ᠲᠦᠮᠡᠨ ᠮᠦ ᠪᠤᠭᠤᠳᠠᠢ ᠳᠠᠷᠢᠵᠤ᠂ ᠵᠢᠱᠢᠯᠲᠡ ᠪᠠᠷ 4 ᠰᠠᠷ᠎ᠠ ᠶᠢᠨ ᠰᠡᠭᠦᠯᠴᠢ ᠪᠠᠷ ᠪᠥᠬᠦ ᠣᠷᠣᠨ ᠳᠤ ᠬᠠᠪᠤᠷ ᠤᠨ ᠲᠠᠷᠢᠶᠠᠯᠠᠭ᠎ᠠ ᠶᠢᠨ ᠣᠷᠭᠢᠯ ᠦᠶ᠎ᠡ ᠳᠤ ᠣᠷᠣᠬᠤ ᠪᠣᠯᠣᠨ᠎ᠠ᠃      ᠳᠥᠷᠪᠡ ᠳᠤ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠶᠢ ᠲᠡᠭᠡᠭᠰᠢᠯᠡᠭᠦᠯᠪᠡ ᠃ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠪᠡ ᠃ ᠲᠠᠷᠢᠮᠠᠯ ᠬᠤᠪᠢᠶᠠᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠰᠥᠯ ᠢ ᠲᠣᠭᠲᠠᠭᠠᠵᠤ ᠂ ᠳᠡᠭᠡᠭᠰᠢᠯᠡᠭᠦᠯᠬᠦ ᠠᠷᠭ᠎ᠠ ᠬᠡᠮᠵᠢᠶ᠎ᠡ ᠪᠠ ᠬᠠᠷᠠᠯᠲᠠ ᠶᠢ ᠲᠤᠳᠤᠷᠠᠬᠠᠶᠢᠯᠠᠪᠠ ᠃ ᠨᠢᠭᠡᠨᠲᠡ1.9 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ᠂ ᠠᠮᠤ ᠪᠤᠳᠠᠭᠠᠨ ᠤ ᠲᠠᠷᠢᠮᠠᠯ ᠢᠶᠠᠷ ᠭᠤᠣᠯᠳᠠᠯᠭ᠎ᠠ ᠪᠣᠯᠭᠠᠨ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠬᠤ ᠶᠢ ᠳᠡᠮᠵᠢᠵᠦ᠂ ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ ᠤᠨᠠᠯᠲᠠ ᠲᠠᠢ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ᠂ ᠰᠢᠷ᠎ᠠ ᠪᠤᠷᠴᠠᠭ ᠤᠨ ᠲᠤᠮᠤ ᠵᠤᠷᠬ᠎ᠠ ᠦᠨᠳᠦᠷ ᠲᠠᠯᠠᠩ ᠳᠤ ᠳᠠᠷᠢᠵᠤ ᠪᠣᠶᠢᠵᠢᠭᠤᠯᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠢ ᠲᠥᠪᠯᠡᠷᠡᠭᠦᠯᠦᠨ ᠳᠡᠯᠭᠡᠷᠡᠭᠦᠯᠵᠦ᠂ ᠪᠣᠯᠪᠠᠰᠤᠷᠠᠯ ᠤᠨ ᠡᠷᠴᠢᠮ ᠢ ᠴᠢᠩᠭᠠᠷᠠᠭᠤᠯᠤᠨ᠂ ᠲᠠᠷᠢᠮᠠᠯ ᠤᠨ ᠬᠢᠷᠢ ᠲᠦᠪᠰᠢᠨ ᠪᠠ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠪᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠪᠡ ᠃ 245 ᠲᠦᠮᠡᠨ ᠮᠦ ᠶᠢᠨ ᠰᠢᠨ᠎ᠡ ᠪᠠᠷ ᠪᠠᠶᠢᠭᠤᠯᠬᠤ ᠪᠠ 150 ᠲᠦᠮᠡᠨ ᠮᠦ ᠶᠢ ᠥᠭᠡᠷᠡᠴᠢᠯᠡᠨ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ 95 ᠲᠦᠮᠡᠨ ᠮᠦ ᠶᠢᠨ ᠥᠨᠳᠥᠷ ᠪᠦᠲᠦᠮᠵᠢᠲᠡᠶ ᠠᠷᠪᠢᠳᠠᠢ ᠤᠰᠤᠯᠠᠯᠲᠠ ᠶᠢ ᠵᠡᠷᠭᠡ ᠳᠤ  ᠨᠢ ᠬᠦᠭᠵᠢᠭᠦᠯᠵᠦ ᠪᠠᠶᠢᠨ᠎ᠠ ᠃ ᠭᠠᠵᠠᠷ ᠰᠢᠷᠣᠢ ᠶᠢ ᠲᠡᠭᠰᠢᠯᠡᠬᠦ ᠶᠡᠭᠡ ᠳᠠᠶᠢᠯᠠᠯᠳᠤᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ ᠂ ︽ ᠭᠤᠷᠪᠠ ᠶᠢ ᠡᠪᠳᠡᠬᠦ ᠂ ᠲᠠᠪᠤ ᠶᠢ ᠨᠢᠭᠡᠳᠬᠡᠬᠦ ᠂ ᠨᠢᠭᠡ ᠶᠢ ᠰᠢᠨ᠎ᠡ ᠪᠠᠷ ᠪᠠᠶᠢᠭᠤᠯᠬᠤ ︾ ᠶᠡᠭᠡ ᠪᠠᠷ ᠡᠪᠳᠡᠵᠦ ᠶᠡᠭᠡ ᠪᠠᠷ ᠪᠠᠶᠢᠭᠤᠯᠬᠤ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠳᠡᠯᠭᠡᠷᠡᠭᠦᠯᠵᠦ ᠂ ᠤᠯᠤᠰ ᠤᠨ ᠪᠦᠬᠦᠶᠢᠯᠡ ᠣᠷᠣᠨ ᠪᠦᠰᠡ ᠶᠢ ᠲᠦᠯᠬᠢᠨ ᠠᠬᠢᠭᠤᠯᠬᠤ ᠨᠡᠶᠢᠲᠡᠯᠢᠭ ᠵᠢᠱᠢᠶ᠎ᠡ ᠶᠢ ᠪᠤᠢ ᠪᠤᠯᠭᠠᠵᠦ ᠪᠠᠶᠢᠨ᠎ᠠ ᠃ ᠤᠰᠤᠯᠠᠯᠲᠠ ᠶᠢᠨ ᠭᠠᠵᠠᠷ ᠲᠤ ᠥᠨᠳᠥᠷ ᠪᠦᠲᠦᠮᠵᠢᠲᠡᠶ ᠤᠰᠤ ᠠᠷᠪᠢᠯᠠᠬᠤ ᠶᠢ ᠭᠤᠣᠯᠳᠠᠯᠭ᠎ᠠ ᠲᠠᠢ ᠠᠳᠬᠤᠵᠤ᠂ ᠬᠠᠭᠤᠷᠠᠢ ᠲᠠᠷᠢᠶᠠᠯᠠᠭ᠎ᠠ ᠶᠢᠨ ᠣᠷᠣᠨ ᠤ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ  ᠨᠢ ᠲᠣᠬᠢᠷᠠᠭᠤᠯᠤᠨ ᠬᠠᠭᠤᠷᠠᠢ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠪᠦᠲᠦᠭᠡᠨ ᠪᠠᠶᠢᠭᠤᠯᠵᠤ᠂ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠪᠠᠶᠢᠨ᠎ᠠ ᠃ ᠤᠯᠤᠰ ᠤᠨ ᠲᠠᠰ ᠤᠨ 9 ᠡᠭᠦᠯᠳᠡᠷ ᠪᠣᠶᠢᠵᠢᠭᠤᠯᠬᠤ ᠲᠣᠮᠣ ᠰᠢᠶᠠᠨ᠂ ᠥᠪᠡᠷᠲᠡᠭᠡᠨ ᠵᠠᠰᠠᠬᠤ ᠣᠷᠣᠨ ᠤ ᠲᠠᠰ ᠤᠨ 2 ᠡᠭᠦᠯᠳᠡᠷ ᠪᠣᠶᠢᠵᠢᠭᠤᠯᠬᠤ ᠲᠣᠮᠣ ᠰᠢᠶᠠᠨ ᠪᠠᠶᠢᠭᠤᠯᠬᠤ ᠶᠢ ᠦᠷᠭᠦᠯᠵᠢᠯᠡᠨ ᠳᠡᠮᠵᠢᠵᠦ᠂ 5 ᠣᠷᠣᠨ ᠪᠦᠰᠡ ᠶᠢᠨ ᠴᠢᠨᠠᠷᠲᠠᠢ ᠦᠵᠡᠭᠦᠯᠭᠡ ᠶᠢᠨ ᠵᠢᠱᠢᠶ᠎ᠡ ᠦᠵᠡᠭᠦᠯᠬᠦ  ᠴᠡᠭ ᠢ ᠪᠣᠶ ᠪᠣᠯᠭᠠᠵᠤ᠂ 60 ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠢ ᠪᠠᠶᠢᠭᠤᠯᠵᠤ᠂ ᠠᠳᠠᠯᠢ ᠪᠤᠰᠤ ᠣᠷᠣᠨ ᠪᠦᠰᠡ ᠳᠤ ᠲᠣᠬᠢᠷᠠᠮᠵᠢᠲᠠᠢ ᠨᠢᠭᠡ ᠪᠦᠯᠦᠭ ᠴᠢᠨᠠᠷ ᠰᠠᠶᠢᠲᠠᠢ ᠥᠨᠳᠥᠷ ᠤᠨᠠᠯᠲᠠ ᠲᠠᠢ ᠡᠭᠦᠯᠳᠡᠷ ᠢ ᠰᠣᠩᠭᠤᠵᠤ᠂ ᠰᠢᠯᠢᠳᠡᠭ ᠡᠭᠦᠯᠳᠡᠷ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠎ᠡ᠃ ᠨᠡᠶᠢᠭᠡᠮᠴᠢᠯᠡᠭᠰᠡᠨ ᠦᠢᠯᠡᠴᠢᠯᠡᠭᠡ ᠶᠢ ᠶᠡᠬᠡᠪᠡᠷ ᠬᠦᠭᠵᠢᠭᠦᠯᠵᠦ ᠪᠤᠢ ᠃ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ ᠂ ᠲᠥᠪᠯᠡᠷᠡᠭᠦᠯᠦᠨ ᠬᠤᠳᠠᠯᠳᠤᠨ ᠠᠪᠬᠤ ᠪᠠ ᠨᠢᠭᠡᠳᠦᠯᠲᠡᠢ ᠠᠵᠢᠯᠯᠠᠭᠤᠯᠬᠤ ᠶᠢ ᠪᠡᠶᠡᠯᠡᠭᠦᠯᠵᠦ ᠂ ᠪᠣᠳᠠᠰᠵᠢᠭᠰᠠᠨ ᠥᠪᠡᠷ ᠤᠨ ᠦᠷᠳᠡᠭ ᠪᠠ ᠦᠢᠯᠡᠳᠪᠦᠷᠢᠯᠡᠯ ᠤᠨ ᠠᠵᠢᠯᠯᠠᠭᠠᠨ ᠤ ᠥᠪᠡᠷ ᠤᠨ ᠦᠷᠳᠡᠭ ᠢ ᠪᠦᠲᠦᠮᠵᠢᠲᠡᠶ ᠪᠠᠷ ᠪᠠᠭᠤᠷᠠᠭᠤᠯᠵᠤ ᠂ ᠭᠠᠵᠠᠷ ᠲᠡᠭᠰᠢᠯᠡᠨ ᠲᠠᠷᠢᠬᠤ ᠂ ᠲᠠᠷᠢᠶᠠᠨ ᠭᠠᠵᠠᠷ ᠤᠨ ᠬᠠᠮᠢᠶᠠᠷᠤᠯᠲᠠ ᠵᠡᠷᠭᠡ ᠭᠤᠭᠴᠤᠭ᠎ᠠ ᠶᠢᠨ ᠠᠵᠢᠯᠯᠠᠭᠠᠨ ᠤ ᠭᠠᠷᠤᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠵᠦ ᠂ ᠭᠠᠷᠤᠯᠲᠠ ᠶᠢᠨ ᠬᠡᠮᠵᠢᠶ᠎ᠡ ᠪᠠ ᠲᠠᠷᠢᠮᠠᠯ ᠤᠨ ᠦᠷ᠎ᠡ ᠠᠰᠢᠭ ᠢ ᠲᠡᠭᠡᠭᠰᠢᠯᠡᠭᠦᠯᠵᠦ ᠪᠠᠶᠢᠨ᠎ᠠ ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号