ᠪᠥᠬᠦ ᠣᠷᠣᠨ ᠤ ᠲᠠᠷᠢᠶᠠᠯᠠᠩ ᠤᠨ ᠭᠠᠳᠠᠨ᠎ᠠ ᠠᠴᠠ ᠣᠷᠣᠵᠤ ᠢᠷᠡᠭᠰᠡᠨ ᠳᠦᠷᠰᠦ ᠶᠢᠨ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠢ ᠡᠵᠡᠮᠳᠡᠬᠦ ᠪᠣᠯᠪᠠᠰᠤᠷᠠᠯ ᠤᠨ ᠠᠩᠭᠢ ᠤᠯᠠᠭᠠᠨᠬᠠᠳᠠ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2023/3/17
      ᠪᠥᠬᠦ ᠣᠷᠣᠨ ᠤ ᠲᠠᠷᠢᠶᠠᠯᠠᠩ ᠤᠨ ᠭᠠᠳᠠᠨ᠎ᠠ ᠠᠴᠠ ᠣᠷᠣᠵᠤ ᠢᠷᠡᠭᠰᠡᠨ ᠳᠦᠷᠰᠦ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠪᠣᠯᠪᠠᠰᠤᠷᠠᠯ ᠵᠢᠴᠢ ᠶᠠᠰᠤ ᠴᠢᠨᠠᠷ ᠢ ᠡᠵᠡᠮᠳᠡᠬᠦ ᠠᠵᠢᠯ ᠤᠨ ᠭᠤᠣᠯᠳᠠᠯᠭ᠎ᠠ ᠶᠢᠨ ᠲᠠᠶᠢᠯᠤᠮᠵᠢ ᠶᠢ ᠥᠷᠨᠢᠭᠦᠯᠬᠦ ᠶᠢᠨ ᠲᠦᠯᠦᠭᠡ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠶᠢᠨ ᠲᠥᠪ ᠠᠴᠠ 3 ᠰᠠᠷ᠎ᠠ ᠶᠢᠨ 14 ︱ 16 ᠤ ᠡᠳᠦᠷ ᠪᠣᠯᠲᠠᠯ᠎ᠠ ᠤᠯᠠᠭᠠᠨᠬᠠᠳᠠ ᠬᠤᠲᠠ ᠳᠤ ᠪᠥᠬᠦ ᠣᠷᠣᠨ ᠤ ᠲᠠᠷᠢᠶᠠᠯᠠᠩ ᠤᠨ ᠭᠠᠳᠠᠨ᠎ᠠ ᠠᠴᠠ ᠣᠷᠣᠵᠤ ᠢᠷᠡᠭᠰᠡᠨ ᠳᠦᠷᠰᠦ ᠶᠢᠨ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠢ ᠡᠵᠡᠮᠳᠡᠬᠦ ᠪᠣᠯᠪᠠᠰᠤᠷᠠᠯ ᠤᠨ ᠠᠩᠭᠢ ᠶᠢ ᠡᠷᠭᠢᠯᠡᠪᠡ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠢᠨᠠᠨ ᠬᠡᠮᠵᠢᠯᠲᠡ ᠶᠢᠨ ᠭᠠᠵᠠᠷ ᠤᠨ ᠰᠤᠳᠤᠯᠤᠭᠴᠢ ᠰᠢᠸ ᠸᠧᠢ ᠮᠢᠩ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠶᠢᠨ ᠲᠥᠪ ᠤᠨ ᠳᠡᠳ᠋ ᠡᠷᠬᠢᠯᠡᠭᠴᠢ ᠵᠠᠩ ᠯᠧᠢ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠽᠦᠸᠧ ᠡᠾᠦ᠋ᠢ ᠵᠥᠩ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠲᠥᠪ ᠤᠨ  ᠡᠬᠢ ᠪᠠᠶᠠᠯᠢᠭ ᠤᠨ ᠣᠷᠴᠢᠨ ᠲᠤᠭᠤᠷᠢᠨ ᠤ ᠰᠠᠯᠠᠭᠠᠨ ᠳᠠᠷᠤᠭ᠎ᠠ ᠹᠦ᠋ ᠵᠢᠶᠠᠨ ᠸᠧᠢ ᠬᠤᠷᠠᠯ ᠢ ᠡᠷᠭᠢᠯᠡᠪᠡ᠃ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠶᠢᠨ ᠲᠥᠪ ︵ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠵᠦ ᠬᠠᠮᠠᠭᠠᠯᠠᠬᠤ ᠲᠥᠪ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ︶ ᠤᠨ ᠬᠤᠪᠢᠳᠠᠨ ᠬᠠᠮᠢᠶᠠᠷᠴᠤ ᠪᠦᠬᠦᠢ ᠳᠡᠳ᠋ ᠡᠷᠬᠢᠯᠡᠭᠴᠢ᠂ ᠮᠡᠷᠭᠡᠵᠢᠯ ᠤᠨ ᠬᠠᠷᠢᠭᠤᠴᠠᠯᠭᠠᠲᠠᠨ ᠵᠡᠷᠭᠡ 40 ᠭᠠᠷᠤᠢ ᠨᠥᠬᠦᠳ ᠪᠣᠯᠪᠠᠰᠤᠷᠠᠯ ᠳᠤ ᠣᠷᠣᠯᠴᠠᠵᠠᠢ᠃
3.jpg
       ᠰᠤᠳᠤᠯᠤᠭᠴᠢ ᠰᠢᠸ ᠸᠧᠢ ᠮᠢᠩ ︽ᠲᠠᠷᠢᠶᠠᠯᠠᠩ ᠤᠨ ᠭᠠᠳᠠᠨ᠎ᠠ ᠠᠴᠠ ᠣᠷᠣᠵᠤ ᠢᠷᠡᠭᠰᠡᠨ ᠳᠦᠷᠰᠦ ᠶᠢᠨ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠢ ᠡᠵᠡᠮᠳᠡᠬᠦ ᠠᠵᠢᠯ ᠤᠨ ᠭᠤᠣᠯᠳᠠᠯᠭ᠎ᠠ︾  ᠶᠢᠨ ᠲᠤᠬᠠᠢ ᠲᠤᠰᠬᠠᠢ ᠰᠡᠳᠦᠪ ᠢᠶᠠᠷ ᠬᠢᠴᠢᠶᠡᠯᠯᠡᠭᠰᠡᠨ ᠪᠥᠭᠡᠳ ᠣᠳᠣᠬᠠᠨ ᠤ ᠨᠡᠶᠢᠳᠡᠮ ᠪᠠᠶᠢᠴᠠᠭᠠᠯᠲᠠ ᠶᠢᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠵᠢᠭᠠᠵᠤ ᠭᠠᠷᠭᠠᠵᠠᠢ᠃ ᠪᠣᠯᠪᠠᠰᠤᠷᠠᠯ ᠤᠨ ᠠᠩᠭᠢ ᠪᠠᠰᠠ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠳᠦᠷᠢᠮᠵᠢᠯ ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠭᠤᠣᠯᠳᠠᠯᠭ᠎ᠠ ᠂ ᠭᠤᠣᠯᠳᠠᠯᠭ᠎ᠠ ᠲᠠᠢ ᠬᠠᠮᠢᠶᠠᠷᠤᠯᠲᠠ ᠵᠡᠷᠭᠡ ᠲᠠᠯ᠎ᠠ ᠪᠠᠷ ᠲᠤᠰᠬᠠᠢ ᠰᠡᠳᠦᠪᠲᠦ ᠲᠠᠶᠢᠯᠤᠮᠵᠢ ᠬᠢᠵᠦ ᠂ ᠲᠦᠩᠯᠢᠶᠣᠣ ᠬᠤᠳᠠ ᠂ ᠤᠯᠠᠭᠠᠨᠬᠠᠳᠠ ᠬᠤᠳᠠ ᠂ ᠪᠠᠶᠠᠨᠨᠠᠭᠤᠷ ᠬᠤᠳᠠ ᠂ ᠣᠷᠳᠣᠰ ᠬᠤᠳᠠ ᠶᠢᠨ ᠬᠢᠨ ᠨᠡᠶᠢᠲᠡᠯᠢᠭ ᠵᠢᠱᠢᠶ᠎ᠡ ᠶᠢᠨ ᠬᠠᠷᠢᠭᠤ ᠮᠡᠳᠡᠭᠦᠯᠦᠯᠲᠡ ᠬᠢᠵᠡᠢ ᠃
4.jpg
       ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠲᠥᠪ ᠤᠨ ᠳᠡᠳ᠋ ᠡᠷᠬᠢᠯᠡᠭᠴᠢ ᠵᠠᠩ ᠯᠧᠢ ᠡᠯ᠎ᠡ ᠠᠶᠢᠮᠠᠭ ᠬᠤᠲᠠ ᠳᠤ ᠥᠪᠡᠷᠲᠡᠭᠡᠨ ᠵᠠᠰᠠᠬᠤ ᠣᠷᠣᠨ ᠤ ᠨᠡᠶᠢᠳᠡᠮ ᠪᠠᠶᠢᠴᠠᠭᠠᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠄ ᠨᠢᠭᠡ ᠳᠤ ᠨᠡᠶᠢᠳᠡᠮ ᠪᠠᠶᠢᠴᠠᠭᠠᠯᠲᠠ ᠶᠢᠨ ᠶᠡᠷᠦᠩᠬᠡᠢ ᠲᠥᠰᠥᠯ ᠪᠠ ᠮᠡᠷᠭᠡᠵᠢᠯ ᠤᠨ ᠳᠦᠷᠢᠮ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠥᠬᠦᠪᠦᠷᠢ ᠪᠠᠶᠢᠴᠠᠭᠠᠯᠲᠠ ᠦᠷᠨᠢᠭᠦᠯᠬᠦ ᠭᠡᠷᠡᠭᠲᠡᠢ ︔ ᠬᠤᠶᠠᠷ ᠲᠤ ᠶᠠᠰᠤ ᠴᠢᠨᠠᠷ ᠤᠨ ᠡᠵᠡᠮᠳᠡᠯ ᠤᠨ ᠰᠢᠰᠲ᠋ᠧᠮᠵᠢ ᠶᠢ ᠪᠠᠶᠢᠭᠤᠯᠵᠤ ᠂ ᠶᠠᠰᠤ ᠴᠢᠨᠠᠷ ᠤᠨ ᠡᠵᠡᠮᠳᠡᠯ ᠤᠨ ᠬᠢᠨᠠᠨ ᠵᠢᠯᠣᠭᠤᠳᠤᠯᠭ᠎ᠠ ᠶᠢ ᠴᠢᠩᠭᠠᠳᠬᠠᠬᠤ ᠬᠡᠷᠡᠭᠲᠡᠢ ︔ ᠭᠤᠷᠪᠠ ᠳᠤ ᠮᠡᠷᠭᠡᠵᠢᠯ ᠤᠨ ᠪᠣᠯᠪᠠᠰᠤᠷᠠᠯ ᠢ ᠥᠷᠨᠢᠭᠦᠯᠵᠦ᠂ ᠬᠤᠰᠢᠭᠤ ᠰᠢᠶᠠᠨ ᠤ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠤ ᠲᠤᠰᠬᠠᠢ ᠮᠡᠷᠭᠡᠵᠢᠯ ᠤᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ︔ ᠳᠥᠷᠪᠡ ᠳᠤ ︽ᠰᠠᠷ᠎ᠠ ᠶᠢᠨ ᠲᠣᠬᠢᠷᠠᠭᠤᠯᠤᠯᠲᠠ︾ ᠶᠢᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠨᠡᠶᠢᠳᠡᠮ ᠪᠠᠶᠢᠴᠠᠭᠠᠯᠲᠠ ᠶᠢᠨ ᠲᠣᠬᠢᠷᠠᠭᠤᠯᠤᠯᠲᠠ ᠶᠢ ᠰᠠᠶᠢᠲᠤᠷ ᠬᠢᠬᠦ ᠬᠡᠷᠡᠭᠲᠡᠢ︔ ᠲᠠᠪᠤ ᠳᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠮᠠᠯᠴᠢᠨ ᠲᠠᠷᠢᠶᠠᠴᠢᠨ ᠤ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃
5.jpg
6.jpg
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号