ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︽ᠰᠤᠷᠲᠠᠯ ᠢᠶᠠᠨ ᠰᠠᠶᠢᠵᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/2
      ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ 3 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︽ ᠰᠤᠷᠲᠠᠯ ᠢᠶᠠᠨ ᠰᠠᠶᠢᠵᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠭᠤᠯᠪᠠ ᠃ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠬᠤᠷᠠᠯ ᠢ ᠡᠷᠭᠢᠯᠡᠵᠦ᠂ ᠣᠳᠣᠬᠠᠨ ᠤ ᠪᠠ ᠲᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
图片1.jpg
       ᠬᠤᠷᠠᠯ ᠠᠴᠠ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠰᠤᠷᠲᠠᠯ ᠢ ᠰᠠᠶᠢᠵᠢᠷᠠᠭᠤᠯᠬᠤ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ ᠃ 2 ᠰᠠᠷ᠎ᠠ ᠶᠢᠨ 24 ᠤ ᠡᠳᠦᠷ᠂ ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠨᠠᠷᠢᠨ ᠪᠢᠴᠢᠭ ᠤᠨ ᠳᠠᠷᠤᠭ᠎ᠠ ᠪᠣᠯᠣᠨ ᠠᠯᠪᠠᠨ ᠭᠡᠷ ᠤᠨ ᠡᠷᠬᠢᠯᠡᠭᠴᠢ ᠶᠢᠨ ᠪᠣᠯᠪᠠᠰᠤᠷᠠᠯ ᠤᠨ ᠬᠤᠷᠠᠯ ᠳᠤ ᠲᠤᠰᠬᠠᠢ ᠰᠡᠳᠦᠪᠲᠦ ᠪᠠᠶᠢᠷᠢᠯᠠᠭᠤᠯᠤᠯᠲᠠ ᠬᠢᠵᠦ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠲᠡᠷᠡ ᠳᠠᠷᠤᠢ ᠳᠤ  ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠲᠥᠰᠥᠯ ᠢᠶᠠᠨ ᠨᠠᠶᠢᠷᠠᠭᠤᠯᠤᠨ ᠵᠣᠬᠢᠶᠠᠵᠤ᠂ ᠠᠵᠢᠯ ᠤᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢᠨ ᠨᠠᠷᠢᠨ ᠲᠠᠩᠰᠠ ᠶᠢ ᠲᠣᠭᠲᠠᠭᠠᠨ᠂ ᠬᠤᠯᠪᠣᠭᠳᠠᠯ ᠪᠦᠬᠦᠢ ᠳᠦᠷᠢᠮ ᠢ ᠡᠮᠬᠢᠯᠡᠨ ᠵᠠᠰᠠᠵᠤ᠂ ᠠᠵᠢᠯ ᠤᠨ ᠴᠤᠪᠤᠷᠠᠯ ᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠡᠯ᠎ᠡ ᠵᠦᠢᠯ ᠤᠨ ᠠᠰᠠᠭᠤᠳᠠᠯ ᠢ ᠰᠢᠢᠳᠪᠦᠷᠢᠯᠡᠨ᠂ ᠡᠯ᠎ᠡ ᠵᠦᠢᠯ ᠤᠨ ᠠᠵᠢᠯ ᠤᠨ ᠡᠷᠴᠢᠮᠵᠢᠯ  ᠂ ᠲᠦᠷᠭᠡᠰᠦᠯ᠂ ᠱᠠᠯᠠᠪᠳᠠᠭᠤᠯᠤᠯ ᠢ ᠲᠦᠯᠬᠢᠨ ᠠᠬᠢᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠠᠯᠪᠠᠨ ᠭᠡᠷ ᠲᠣᠪᠴᠢᠶ᠎ᠠ᠂ ᠨᠢᠭᠡᠴᠢ ᠨᠦᠭᠦᠳ ᠶᠡᠭᠡ ᠲᠠᠯ᠎ᠠ ᠠᠴᠠ ᠡᠭᠦᠰᠴᠦ᠂ ︽ᠰᠤᠷᠲᠠᠯ ᠢᠶᠠᠨ ᠰᠠᠶᠢᠵᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ︾   ᠶᠢᠨ ᠴᠢᠬᠤᠯᠠ ᠠᠴᠢ ᠬᠤᠯᠪᠣᠭᠳᠠᠯ ᠢ ᠤᠯᠠᠮ ᠨᠢᠭᠡ ᠠᠯᠬᠤᠮ ᠲᠠᠨᠢᠵᠤ᠂ ᠲᠤᠰᠬᠠᠢ ᠠᠵᠢᠯᠯᠠᠭᠠᠨ ᠤ ᠠᠵᠢᠯ ᠤᠨ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠬᠤᠶᠠᠷ ᠰᠠᠷ᠎ᠠ ᠶᠢᠨ ᠴᠠᠭ ᠢ ᠲᠥᠪᠯᠡᠷᠡᠭᠦᠯᠦᠨ ᠠᠰᠢᠭᠯᠠᠵᠤ᠂ ᠤᠳᠠᠭᠠᠨ ᠪᠠᠶᠢᠭ᠎ᠠ ᠠᠰᠠᠭᠤᠳᠠᠯ᠂ ᠠᠵᠢᠯ ᠤᠨ ᠵᠢᠷᠤᠮᠵᠢᠯ ᠤᠨ ᠠᠰᠠᠭᠤᠳᠠᠯ᠂ ᠴᠣᠮᠬᠠᠳᠬᠠᠨ ᠰᠢᠯᠢᠳᠡᠭᠵᠢᠭᠦᠯᠬᠦ ᠠᠰᠠᠭᠤᠳᠠᠯ᠂ ᠣᠯᠠᠨ ᠲᠦᠮᠡᠨ ᠳᠤ ᠦᠢᠯᠡᠴᠢᠯᠡᠬᠦ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠠᠷᠤᠮᠠᠯᠯᠠᠨ ᠲᠠᠷᠬᠠᠭᠠᠭᠰᠠᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ 26 ᠵᠤᠷᠪᠤᠰ᠂ 41 ᠵᠤᠷᠪᠤᠰ ᠨᠠᠷᠢᠨ ᠬᠠᠭᠤᠳᠠᠰᠤ ᠶᠢᠨ ᠡᠭᠦᠷᠭᠡ ᠶᠢ ᠪᠠᠷᠢᠮᠵᠢᠶᠠᠯᠠᠵᠤ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠰᠠᠯᠠᠭ᠎ᠠ ᠮᠥᠴᠢᠷ ᠤᠨ ᠢᠶᠠᠨ ᠠᠵᠢᠯ ᠤᠨ ᠡᠭᠦᠷᠭᠡ ᠶᠢ ᠬᠢᠨᠠᠮᠠᠭᠠᠢ ᠡᠮᠬᠢᠯᠡᠨ ᠳᠢᠭᠯᠡᠵᠦ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠭᠲᠠᠭᠠᠨ᠂ ᠲᠤᠰᠬᠠᠢ ᠵᠦᠢᠯ ᠤᠨ ᠠᠵᠢᠯᠯᠠᠭ᠎ᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠤᠷᠳᠤ ᠬᠤᠭᠤᠴᠠᠭᠠᠨ ᠤ ᠪᠦᠲᠦᠮᠵᠢᠲᠡᠢ ᠠᠰᠢᠭᠯᠠᠯᠲᠠ ᠶᠢ ᠰᠠᠶᠢᠲᠤᠷ ᠠᠳᠬᠤᠵᠤ ᠂ ︽ ᠣᠳᠣᠬᠠᠨ ᠳᠤ ᠵᠠᠰᠠᠬᠤ ︾ ᠪᠠ ︽ ᠤᠷᠳᠤ ᠬᠤᠭᠤᠴᠠᠭ᠎ᠠ ᠪᠠᠷ ᠪᠠᠶᠢᠭᠤᠯᠬᠤ ︾  ᠶᠢ ᠤᠶᠠᠯᠳᠤᠭᠤᠯᠵᠤ ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠵᠦ ᠂ ᠳᠦᠷᠢᠮ ᠢᠶᠠᠷ ᠲᠤᠰᠬᠠᠢ ᠠᠵᠢᠯᠯᠠᠭ᠎ᠠ ᠶᠢᠨ ᠳᠤᠮᠳᠠᠬᠢ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠪᠠᠲᠤᠳᠬᠠᠬᠤ ᠬᠡᠷᠡᠭᠲᠡᠢ ᠭᠡᠪᠡ᠃      ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠪᠠᠶᠢᠭᠤᠯᠤᠯᠭ᠎ᠠ ᠶᠢᠨ ᠡᠯ᠎ᠡ ᠭᠠᠵᠠᠷ ᠠᠯᠪᠠᠨ ᠭᠡᠷ ᠲᠣᠪᠴᠢᠶ᠎ᠠ᠂ ᠲᠢᠩᠬᠢᠮ ᠤᠨ ᠬᠠᠷᠢᠶ᠎ᠠ ᠡᠯ᠎ᠡ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号