2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠤᠨ ᠵᠠᠯᠠᠭᠤ ᠺᠠᠳ᠋ᠷ ᠵᠢᠴᠢ ᠰᠢᠨ᠎ᠡ ᠪᠠᠷ ᠠᠵᠢᠯ ᠳᠤ ᠤᠷᠤᠭᠰᠠᠳ ᠤᠨ ᠪᠣᠯᠪᠠᠰᠤᠷᠠᠯ ᠤᠨ ᠠᠩᠭᠢ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2023/3/2
      2023 ᠣᠨ ᠤ 2 ᠰᠠᠷ᠎ᠠ ᠶᠢᠨ 25 ᠤ ᠡᠳᠦᠷ ᠂ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠵᠠᠯᠠᠭᠤ ᠺᠠᠳ᠋ᠷ ᠵᠢᠴᠢ ᠰᠢᠨ᠎ᠡ ᠪᠠᠷ ᠠᠵᠢᠯ ᠳᠤ ᠤᠷᠤᠭᠰᠠᠳ ᠤᠨ ᠪᠣᠯᠪᠠᠰᠤᠷᠠᠯ ᠤᠨ ᠠᠩᠭᠢ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ 15 ᠳ᠋ᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠲᠡᠭᠦᠰ ᠠᠮᠵᠢᠯᠲᠠ ᠲᠠᠢ ᠪᠠᠷ ᠦᠨᠳᠦᠷᠯᠡᠪᠡ ᠃ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ 93 ᠵᠠᠯᠠᠭᠤ ᠺᠠᠳ᠋ᠷ ᠪᠠ ᠰᠢᠨ᠎ᠡ ᠪᠠᠷ ᠠᠵᠢᠯ ᠳᠤ ᠤᠷᠤᠭᠰᠠᠳ ᠪᠤᠯᠪᠠᠰᠤᠷᠠᠯ ᠳᠤ ᠤᠷᠤᠯᠴᠠᠪᠠ ᠃ 
图片1.jpg
      ᠲᠣᠰ ᠤᠳᠠᠭᠠᠨ ᠤ ᠪᠤᠯᠪᠠᠰᠤᠷᠠᠯ ᠨᠢ 2 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ   ᠠᠩᠭᠢ ᠡᠬᠢᠯᠡᠵᠦ᠂  ᠪᠤᠯᠪᠠᠰᠤᠷᠠᠯ ᠡᠬᠢᠯᠡᠬᠦ ᠶᠣᠰᠣᠯᠠᠯ ᠳᠤ ᠣᠷᠣᠯᠴᠠᠭᠰᠠᠨ ᠤᠳᠤᠷᠢᠳᠤᠯᠭ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠨᠠᠮ ᠤᠨ ᠬᠤᠷᠢᠶ᠎ᠠ ᠶᠢᠨ ᠱᠦᠵᠢ ᠂ ᠡᠷᠬᠢᠯᠡᠭᠴᠢ ᠬᠤ᠋ ᠶᠢᠤ ᠯᠢᠨ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠾᠧ ᠯᠦᠩ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠳᠡᠳ᠋ ᠡᠷᠬᠢᠯᠡᠭᠴᠢ  ᠵᠦ ᠢᠦᠢ ᠴᠧᠩ  ᠨᠠᠷ ᠪᠣᠶ ᠃  ᠮᠡᠷᠭᠡᠵᠢᠯ ᠲᠡᠯᠭᠡᠷᠡᠭᠦᠯᠬᠦ ᠲᠥᠪ ᠤᠨ ᠠᠵᠢᠯᠲᠠᠨ ᠤ ᠶᠠᠪᠤᠳᠠᠯ ᠤᠨ ᠭᠠᠵᠠᠷ ᠤᠨ ᠳᠠᠷᠤᠭ᠎ᠠ ᠳ᠋ᠦ᠋ ᠵᠢᠶᠧ ᠂ ᠮᠡᠷᠭᠡᠵᠢᠯ ᠲᠡᠯᠭᠡᠷᠡᠭᠦᠯᠬᠦ ᠲᠥᠪ ᠤᠨ ᠰᠤᠷᠭᠠᠨ ᠬᠥᠮᠦᠵᠢᠯ ᠤᠨ ᠪᠣᠯᠪᠠᠰᠤᠷᠠᠯ ᠤᠨ ᠭᠠᠵᠠᠷ ᠤᠨ ᠳᠠᠷᠤᠭ᠎ᠠ ᠪᠠᠨ ᠢ ᠴᠧᠩ ᠣᠷᠣᠯᠴᠠᠪᠠ ᠃  ᠪᠤᠯᠪᠠᠰᠤᠷᠠᠯ ᠡᠬᠢᠯᠡᠬᠦ ᠶᠣᠰᠣᠯᠠᠯ ᠳᠡᠭᠡᠷ᠎ᠡ ᠂  ᠮᠡᠷᠭᠡᠵᠢᠯ ᠲᠡᠯᠭᠡᠷᠡᠭᠦᠯᠬᠦ ᠲᠥᠪ ᠤᠨ ᠨᠠᠮ ᠤᠨ ᠬᠤᠷᠢᠶᠠᠨ ᠤ ᠱᠦᠵᠢ ᠂ ᠡᠷᠬᠢᠯᠡᠭᠴᠢ ᠬᠤ᠋ ᠶᠢᠦ ᠯᠢᠨ ᠭᠤᠣᠯ ᠰᠡᠳᠦᠪᠲᠦ ᠶᠠᠷᠢᠶ᠎ᠠ ᠲᠠᠯᠪᠢᠵᠠᠢ ᠃ ᠬᠤ᠋ ᠡᠷᠬᠢᠯᠡᠭᠴᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ  ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠂ ᠲᠠᠷᠢᠶᠠᠯᠠᠩ ᠮᠠᠯ ᠠᠵᠤ ᠠᠬᠤᠢ  ᠶᠢᠨ ᠬᠦᠴᠦᠷᠬᠡᠭ ᠣᠷᠣᠨ  ᠢ ᠪᠦᠲᠦᠭᠡᠨ ᠪᠠᠶᠢᠭᠤᠯᠬᠤ ᠂ ᠥᠷᠭᠡᠨ ᠣᠯᠠᠨ ᠠᠵᠢᠯᠲᠠᠨ ᠠᠵᠢᠯᠴᠢᠨ ᠳᠤ ᠣᠯᠭᠤᠬᠤ ᠬᠠᠷᠢᠭᠤᠴᠠᠯᠭᠠᠲᠤ ᠤᠬᠠᠮᠰᠠᠷ ᠤᠨ ᠡᠭᠦᠳᠡᠨ ᠠᠴᠠ ᠰᠢᠨ᠎ᠡ ᠪᠠᠷ ᠠᠵᠢᠯ ᠳᠤ ᠤᠷᠤᠭᠰᠠᠳ ᠲᠤ ᠲᠡᠮᠡᠴᠡᠬᠦ ᠬᠠᠷᠠᠯᠲᠠ ᠪᠠ ᠪᠡᠶᠡᠯᠡᠭᠦᠯᠬᠦ ᠠᠷᠭ᠎ᠠ ᠵᠠᠮ  ᠢ ᠳᠤᠷᠠᠳᠴᠤ ᠂ ᠲᠡᠷᠡᠴᠢᠯᠡᠨ ᠥᠪᠡᠷ ᠤᠨ ᠪᠡᠶ᠎ᠡ ᠳᠤ ᠪᠠᠨ ᠶᠠᠮᠠᠷ ᠬᠠᠷᠠᠯᠲᠠ ᠲᠣᠭᠲᠠᠭᠠᠬᠤ ᠂ ᠶᠠᠮᠠᠷ ᠣᠪᠣᠷ ᠢᠶᠠᠷ ᠠᠵᠢᠯ ᠳᠤ ᠪᠠᠨ ᠣᠷᠤᠯᠴᠠᠬᠤ ᠂ ᠶᠠᠮᠠᠷ ᠠᠷᠭ᠎ᠠ ᠪᠠᠷ ᠴᠢᠳᠠᠪᠤᠷᠢ ᠶᠢᠨ ᠲᠦᠪᠰᠢᠨ ᠢᠶᠠᠨ ᠳᠡᠭᠡᠭᠰᠢᠯᠡᠭᠦᠯᠬᠦ ᠂ ᠶᠠᠮᠠᠷ ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠬᠤ ᠵᠡᠷᠭᠡ ᠳᠦᠷᠪᠡᠨ ᠲᠠᠯ᠎ᠠ ᠠᠴᠠ ᠵᠠᠯᠠᠭᠤ ᠺᠠᠳ᠋ᠷ ᠪᠣᠯᠣᠨ ᠰᠢᠨ᠎ᠡ ᠪᠠᠷ ᠠᠵᠢᠯ ᠳᠤ ᠤᠷᠤᠭᠰᠠᠳ ᠲᠤ ᠱᠠᠭᠠᠷᠳᠠᠯᠭ᠎ᠠ ᠳᠤᠷᠠᠳᠤᠭᠰᠠᠨ ᠪᠠᠶᠢᠨ᠎ᠠ ᠃ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠡᠨᠡ ᠬᠡᠳᠦᠨ ᠱᠠᠭᠠᠷᠳᠠᠯᠭ᠎ᠠ ᠪᠠᠷ ᠪᠠᠴᠢᠮ ᠮᠥᠷᠲᠡᠭᠡᠨ ᠪᠦᠷᠢᠨ ᠲᠡᠭᠦᠯᠳᠡᠷ ᠰᠤᠷᠤᠯᠴᠠᠯᠭ᠎ᠠ ᠳᠤ ᠣᠷᠣᠯᠴᠠᠪᠠ ᠃ 
图片2.jpg
           ᠮᠡᠷᠭᠡᠵᠢᠯ ᠲᠡᠯᠭᠡᠷᠡᠭᠦᠯᠬᠦ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠾᠧ ᠯᠦᠩ ᠪᠤᠯᠪᠠᠰᠤᠷᠠᠯ ᠲᠡᠭᠦᠰᠬᠦ ᠶᠣᠰᠣᠯᠠᠯ  ᠢ ᠡᠷᠭᠢᠯᠡᠭᠰᠡᠨ ᠪᠥᠭᠡᠳ ᠰᠤᠷᠤᠭᠴᠢᠳ ᠲᠤ ᠬᠦᠰᠡᠯ ᠲᠠᠯᠪᠢᠵᠤ ᠂ ᠰᠤᠷᠤᠭᠴᠢᠳ  ᠢ ᠡᠷᠬᠢᠯᠡᠭᠴᠢ  ᠬᠤ᠋ ᠶᠢᠦ ᠯᠢᠨ ᠤ ᠶᠠᠷᠢᠶ᠎ᠠ  ᠶᠢ ᠨᠠᠷᠢᠨ ᠬᠢᠨᠠᠮᠠᠭᠠᠢ ᠰᠤᠷᠤᠯᠴᠠᠵᠤ ᠂ ᠶᠠᠷᠢᠶᠠᠨ ᠤ ᠠᠭᠤᠯᠭ᠎ᠠ  ᠶᠢ ᠭᠦᠨᠵᠡᠭᠡᠢ ᠪᠣᠳᠣᠯᠬᠢᠯᠠᠨ ᠨᠠᠷᠢᠨ ᠣᠶᠢᠯᠠᠭᠠᠵᠤ ᠂ ᠶᠠᠷᠢᠶᠠᠨ ᠤ ᠠᠭᠤᠯᠭ᠎ᠠ  ᠶᠢ ᠰᠤᠷᠤᠯᠴᠠᠬᠤ ᠠᠭᠤᠯᠭ᠎ᠠ ᠂ ᠪᠣᠳᠠᠲᠠᠢ ᠠᠵᠢᠯ ᠤᠨ ᠠᠭᠤᠯᠭ᠎ᠠ ᠲᠠᠢ ᠪᠠᠨ ᠤᠶᠠᠯᠳᠤᠭᠤᠯᠤᠨ ᠠᠵᠢᠯ ᠢᠶᠠᠨ ᠲᠤᠭᠤᠰᠢᠯᠠᠭᠤᠯᠬᠤ ᠳᠤ ᠠᠭᠤᠰᠬᠠᠨ ᠣᠷᠣᠭᠤᠯᠵᠤ ᠂   ᠢᠮᠠᠭᠲᠠ ᠰᠡᠳᠬᠢᠨ ᠪᠤᠳᠤᠯᠬᠢᠯᠠᠵᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠨᠡᠮᠡᠭᠳᠡᠭᠦᠯᠬᠦ  ᠶᠢ ᠬᠦᠰᠡᠵᠦ ᠪᠠᠶᠢᠨ᠎ᠠ ᠭᠡᠵᠡᠢ ᠃ ᠡᠭᠦᠨ ᠤ ᠬᠠᠮᠲᠤ ᠪᠠᠰᠠ ᠰᠤᠷᠤᠭᠴᠢᠳ ᠤᠨ ᠢᠲᠡᠭᠡᠯ ᠵᠣᠷᠢᠭ ᠢᠶᠠᠨ ᠪᠠᠲᠤᠳᠬᠠᠵᠤ ᠂ ᠵᠣᠭᠰᠣᠴᠠ ᠪᠠᠨ ᠳᠡᠭᠡᠭᠰᠢᠯᠡᠭᠦᠯᠬᠦ ︔ ᠳᠦᠷᠢ  ᠪᠠᠶᠢᠳᠠᠯ ᠢᠶᠠᠨ ᠬᠤᠪᠢᠷᠠᠭᠤᠯᠵᠤ ᠂ ᠰᠠᠨᠠᠭᠠᠴᠢᠯᠠᠭ᠎ᠠ ᠠᠴᠠ ᠪᠠᠨ ᠣᠷᠣᠨ ᠪᠠᠶᠢᠷᠢ ᠳᠤ ᠪᠠᠨ ᠣᠷᠣᠬᠤ ︔ ᠦᠨᠡᠨ ᠢ ᠪᠠᠷᠢᠮᠲᠠᠯᠠᠨ ᠪᠣᠳᠠᠲᠤ ᠶᠢ ᠡᠷᠬᠢᠮᠯᠡᠬᠦ ᠂ ᠴᠢᠳᠠᠪᠤᠷᠢ ᠪᠠᠨ ᠳᠡᠭᠡᠭᠰᠢᠯᠡᠭᠦᠯᠬᠦ ᠶᠢ ᠬᠦᠰᠡᠨ ᠨᠠᠶᠢᠳᠠᠵᠤ ᠂ ᠤᠯᠠᠨ ᠢᠶᠠᠷ ᠢᠶᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠪᠣᠯᠣᠨ ᠮᠡᠷᠭᠡᠵᠢᠯ ᠲᠡᠯᠭᠡᠷᠡᠭᠦᠯᠬᠦ ᠲᠥᠪ ᠤᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ ᠠᠵᠢᠯ ᠢᠶᠠᠨ ᠥᠷᠨᠢᠭᠦᠯᠵᠦ ᠂ ᠨᠠᠮ ᠤᠨ ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ  ᠤ ᠲᠦᠷᠦ ᠶᠢᠨ ᠪᠣᠳᠣᠯᠭ᠎ᠠ ᠶᠢ ᠰᠠᠶᠢᠲᠤᠷ ᠲᠤᠭᠤᠰᠢᠯᠠᠭᠤᠯᠵᠤ ᠂ ᠰᠠᠶᠢᠲᠤᠷ ᠨᠠᠶᠢᠳᠠᠪᠤᠷᠢᠵᠢᠭᠤᠯᠵᠤ ᠂ ᠡᠯ᠎ᠡ ᠵᠦᠢᠯ ᠤᠨ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠪᠣᠯᠣᠨ ᠪᠣᠳᠠᠲᠤ ᠠᠵᠢᠯ ᠤᠨ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ ᠂ ᠤᠯᠠᠨ ᠲᠦᠮᠡᠨ ᠳᠤ ᠦᠢᠯᠡᠴᠢᠯᠡᠬᠦ ᠳᠤᠮᠳᠠ ᠡᠷᠴᠢ ᠵᠣᠷᠢᠭ ᠢᠶᠠᠨ ᠳᠠᠪᠲᠠᠨ ᠪᠣᠯᠪᠠᠰᠤᠷᠠᠭᠤᠯᠵᠤ ᠂ ᠨᠠᠶᠢᠳᠠᠪᠤᠷᠢᠵᠢᠭᠤᠯᠬᠤ ᠠᠵᠢᠯ ᠤᠨ ᠳᠤᠮᠳᠠ ᠥᠪᠡᠷ ᠢ ᠪᠠᠨ ᠳᠡᠭᠡᠭᠰᠢᠯᠡᠭᠦᠯᠬᠦ ᠶᠢ  ᠤᠷᠠᠶᠢᠯᠠᠪᠠ ᠃       ᠲᠣᠰ ᠤᠳᠠᠭᠠᠨ ᠤ ᠪᠤᠯᠪᠠᠰᠤᠷᠠᠯ ᠢᠶᠠᠷ ᠳᠡᠮᠵᠢᠨ ᠂ ᠰᠢᠨ᠎ᠡ ᠪᠠᠷ ᠠᠵᠢᠯ ᠳᠤ ᠤᠷᠤᠭᠰᠠᠳ ᠤᠨ ︽ᠨᠢᠭᠡᠳᠦᠭᠡᠷ ᠲᠣᠪᠴᠢ︾ ᠶᠢ ᠰᠠᠶᠢᠲᠤᠷ ᠲᠣᠪᠴᠢᠯᠠᠵᠤ ᠂ ᠲᠡᠳᠡᠨ ᠤ ᠥᠪᠡᠷᠲᠡᠭᠡᠨ ᠵᠠᠰᠠᠬᠤ ᠣᠷᠣᠨ ᠤ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠲᠤᠬᠠᠢ ᠣᠶᠢᠯᠠᠭᠠᠯᠲᠠ ᠪᠠ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠠᠵᠢᠯ ᠤᠨ ᠲᠤᠬᠠᠢ ᠲᠠᠨᠢᠯᠲᠠ ᠶᠢ ᠴᠢᠩᠭᠠᠳᠬᠠᠪᠠ ᠃ ᠳᠦᠷᠢ ᠪᠠᠨ ᠬᠤᠪᠢᠷᠠᠭᠤᠯᠬᠤ ᠶᠢ ᠲᠦᠷᠭᠡᠳᠬᠡᠵᠦ ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ ᠂ ᠵᠠᠯᠠᠭᠤ ᠺᠠᠳ᠋ᠷ ᠵᠢᠴᠢ ᠰᠢᠨ᠎ᠡ ᠪᠠᠷ ᠠᠵᠢᠯ ᠳᠤ ᠤᠷᠤᠭᠰᠠᠳ ᠤᠨ ᠶᠡᠷᠦᠩᠬᠡᠶᠢᠯᠡᠭᠰᠡᠨ ᠬᠡᠪ ᠴᠢᠨᠠᠷ ᠢ ᠴᠢᠩᠭᠠᠳᠬᠠᠪᠠ ᠃ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠵᠠᠯᠠᠭᠤ ᠺᠠᠳ᠋ᠷᠴᠤᠳ ᠤᠨ ᠲᠥᠷᠥ ᠶᠢᠨ ᠪᠣᠳᠣᠯᠭ᠎ᠠ ᠶᠢᠨ ᠣᠨᠣᠯ ᠤᠨ ᠬᠢᠷᠢ ᠲᠦᠪᠰᠢᠨ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ ᠂ ᠲᠥᠷᠥ ᠶᠢᠨ ᠪᠣᠳᠣᠯᠭ᠎ᠠ ᠶᠢ ᠮᠡᠳᠡᠳᠡᠭ ᠂ ᠲᠤᠬᠠᠶᠢᠯᠠᠭᠰᠠᠨ ᠠᠵᠢᠯ ᠳᠤ ᠪᠠᠨ ᠴᠠᠭᠠᠷᠠᠭᠰᠠᠨ ᠵᠠᠯᠠᠭᠤ ᠺᠠᠳ᠋ᠷᠴᠤᠳ ᠤᠨ ᠡᠩᠨᠡᠭᠡ ᠪᠣᠯᠬᠤ ᠪᠠᠷ ᠴᠢᠷᠮᠠᠶᠢᠵᠤ ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠭᠰᠠᠨ ᠪᠠᠶᠢᠨ᠎ᠠ ᠃   
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号