| | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ | ᠪᠦᠭᠦᠳᠡ ᠬᠤᠷᠠᠯ 2023 ᠣᠨ ᠤ 2 ᠰᠠᠷ᠎ᠠ ᠶᠢᠨ 26 ᠠᠴᠠ 28 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ ᠃ | ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ | ᠪᠦᠭᠦᠳᠡ ᠬᠤᠷᠠᠯ ᠤᠨ ᠠᠯᠪᠠᠨ ᠮᠡᠳᠡᠭᠡ | ︵ 2023 ᠣᠨ ᠤ 2 ᠰᠠᠷ᠎ᠠ ᠶᠢᠨ 28 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠠᠴᠠ ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ | ᠪᠦᠭᠦᠳᠡ ᠬᠤᠷᠠᠯ 2023 ᠣᠨ ᠤ 2 ᠰᠠᠷ᠎ᠠ ᠶᠢᠨ 26 ᠠᠴᠠ 28 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ ᠃ | ᠡᠨᠡ ᠤᠳᠠᠭ᠎ᠠ ᠶᠢᠨ ᠪᠦᠭᠦᠳᠡ ᠬᠤᠷᠠᠯ ᠳᠤ ᠲᠥᠪ ᠬᠤᠷᠢᠶᠠᠨ ᠤ ᠭᠡᠰᠢᠭᠦᠨ 203 ᠬᠥᠮᠥᠨ ᠂ ᠲᠥᠪ ᠬᠤᠷᠢᠶᠠᠨ ᠤ | ᠣᠷᠣᠯᠠᠭᠴᠢ ᠭᠡᠰᠢᠭᠦᠨ 170 ᠬᠥᠮᠥᠨ ᠣᠷᠣᠯᠴᠠᠪᠠ ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ | ᠱᠦᠵᠢ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ ᠃ | | ᠪᠦᠭᠦᠳᠡ ᠬᠤᠷᠠᠯ ᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠡᠷᠭᠢᠯᠡᠪᠡ ᠃ ᠲᠥᠪ ᠬᠤᠷᠢᠶᠠᠨ ᠤ | ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ ᠃ | | | | | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ | ᠪᠦᠭᠦᠳᠡ ᠬᠤᠷᠠᠯ 2023 ᠣᠨ ᠤ 2 ᠰᠠᠷ᠎ᠠ ᠶᠢᠨ 26 ᠠᠴᠠ 28 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ ᠃ | ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠬᠤᠷᠠᠯ ᠢ ᠡᠷᠭᠢᠯᠡᠪᠠ ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | ᠪᠦᠭᠦᠳᠡ ᠬᠤᠷᠠᠯ ᠠᠴᠠ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠶᠢᠨ | ᠨᠠᠶᠢᠳᠠᠯᠭ᠎ᠠ ᠪᠠᠷ ᠬᠢᠭᠰᠡᠨ ᠠᠵᠢᠯ ᠤᠨ ᠢᠯᠡᠳᠬᠡᠯ ᠢ ᠰᠣᠨᠣᠰᠤᠨ ᠶᠠᠷᠢᠯᠴᠠᠵᠤ ᠂ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠨᠠᠮ ᠤᠨ ᠳᠣᠲᠣᠭᠠᠳᠤ ᠭᠠᠳᠠᠭᠠᠳᠤ ᠶᠢᠨ ᠰᠠᠨᠠᠯ ᠢ ᠥᠷᠭᠡᠨ ᠢᠶᠠᠷ ᠬᠤᠷᠢᠶᠠᠵᠤ ᠂ ᠲᠠᠭᠢᠨ ᠳᠠᠪᠲᠠᠨ ᠶᠠᠷᠢᠯᠴᠠᠨ | ᠵᠥᠪᠳᠡᠯᠴᠡᠭᠰᠡᠨ ᠰᠠᠭᠤᠷᠢᠨ ᠳᠡᠭᠡᠷ᠎ᠡ ᠳᠤᠷᠠᠳᠤᠭᠰᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠲᠡᠪᠰᠢᠭᠦᠯᠭᠦ ᠪᠠᠷ ᠪᠠᠶᠢᠭ᠎ᠠ ᠲᠦᠷᠦ ᠶᠢᠨ | ᠪᠠᠶᠢᠭᠤᠯᠤᠮᠵᠢ ᠶᠢᠨ ᠤᠳᠤᠷᠢᠳᠬᠤ ᠬᠥᠮᠥᠰ ᠤᠨ ᠵᠢᠱᠢᠭᠳᠡᠭᠴᠢ ᠶᠢᠨ ᠰᠠᠨᠠᠭᠤᠯᠭ᠎ᠠ ᠶᠢᠨ ᠨᠡᠷᠡᠰ ᠪᠣᠯᠣᠨ ᠪᠦᠭᠦ ᠤᠯᠤᠰ ᠤᠨ | ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠳᠤ ᠲᠡᠪᠰᠢᠭᠦᠯᠭᠦ ᠪᠠᠷ | ᠪᠠᠶᠢᠭ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠬᠥᠮᠥᠰ ᠤᠨ ᠵᠢᠱᠢᠭᠳᠡᠭᠴᠢ ᠶᠢᠨ | ᠰᠠᠨᠠᠭᠤᠯᠭ᠎ᠠ ᠶᠢᠨ ᠨᠡᠷᠡᠰ ᠢ ᠬᠢᠨᠠᠨ ᠵᠥᠪᠯᠡᠵᠦ ᠪᠠᠲᠤᠯᠠᠭᠠᠳ ᠂ ᠡᠨᠡ ᠬᠤᠶᠠᠷ ᠰᠠᠨᠠᠭᠤᠯᠭ᠎ᠠ ᠶᠢᠨ ᠨᠡᠷᠡᠰ ᠢ ᠲᠤᠰ ᠲᠤᠰ ᠠᠷᠪᠠᠨ | ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ | ᠬᠤᠷᠠᠯ ᠤᠨ ᠲᠡᠷᠢᠭᠦᠯᠡᠭᠴᠢᠳ ᠤᠨ ᠪᠦᠯᠭᠦᠮ ᠪᠣᠯᠣᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠳᠤ ᠲᠡᠪᠰᠢᠭᠦᠯᠭᠦ ᠪᠠᠷ | ᠲᠣᠭᠲᠠᠪᠠ ᠃ ᠥᠷᠭᠡᠨ ᠢᠶᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ ᠳᠤᠷᠠᠳᠤᠭᠰᠠᠨ ︽ ᠨᠠᠮ ᠪᠣᠯᠣᠨ ᠲᠦᠷᠦ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠢ ᠬᠢᠨᠠᠨ ᠵᠥᠪᠯᠡᠵᠦ ᠪᠠᠲᠤᠯᠠᠪᠠ ᠃ ᠰᠢ ᠶᠢᠨ ᠫᠢᠩ ︽ᠨᠠᠮ ᠪᠣᠯᠣᠨ | ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ︵ ᠡᠬᠡ ᠨᠣᠣᠷᠠᠭ ︶ ︾ ᠤᠨ ᠲᠤᠬᠠᠢ ᠪᠦᠭᠦᠳᠡ ᠬᠤᠷᠠᠯ ᠳᠤ | ᠲᠣᠳᠣᠷᠬᠠᠶᠢᠯᠠᠯᠲᠠ ᠬᠢᠪᠡ ᠃ ᠪᠦᠭᠦᠳᠡ ᠬᠤᠷᠠᠯ ᠠᠴᠠ ︽ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠲᠥᠰᠥᠯ ︾ ᠤᠨ ᠬᠡᠰᠡᠭ ᠠᠭᠤᠯᠭ᠎ᠠ ᠶᠢ ᠬᠠᠤᠯᠢ ᠳᠤ ᠲᠣᠭᠲᠠᠭᠠᠭᠰᠠᠨ ᠲᠡᠰ ᠳᠠᠷᠠᠭᠠᠯᠠᠯ ᠶᠣᠰᠣᠭᠠᠷ | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠭᠦ ᠪᠠᠷ ᠵᠥᠪᠰᠢᠶᠡᠷᠡᠪᠡ ᠃ | ᠪᠦᠭᠦᠳᠡ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠦᠭᠦᠳᠡ | ᠬᠤᠷᠠᠯ ᠠᠴᠠ ᠨᠠᠭᠠᠰᠢᠬᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠵᠢᠯ ᠢ ᠭᠦᠢᠴᠡᠳ ᠨᠤᠲᠠᠯᠠᠪᠠ ᠃ | ᠬᠦᠨᠳᠦ ᠨᠣᠴᠢᠲᠠᠢ ᠲᠦᠪᠡᠭ ᠪᠤᠳᠤᠯᠢᠶᠠᠨᠲᠠᠢ ᠳᠡᠯᠡᠬᠡᠢ ᠶᠢᠨ ᠣᠷᠴᠢᠨ ᠨᠥᠬᠦᠴᠡᠯ ᠪᠠ ᠤᠯᠤᠰ ᠤᠨ ᠳᠣᠲᠣᠭᠠᠳᠤ ᠶᠢᠨ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠬᠠᠲᠠᠭᠤ ᠪᠡᠷᠬᠡ ᠨᠦᠰᠡᠷ ᠬᠦᠨᠳᠦ ᠡᠭᠦᠷᠭᠡ ᠶᠢᠨ ᠡᠮᠦᠨ᠎ᠡ ᠂ ᠤᠯᠤᠰ | ᠲᠦᠷᠦ ᠶᠢᠨ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠠᠩᠬᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠵᠤ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ | ᠪᠠᠷᠢᠮᠲᠠᠯᠠᠵᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠡᠩ ᠰᠠᠶᠢᠲᠤᠷ ᠨᠢᠭᠡᠳᠦᠯᠲᠡᠢ | ᠲᠥᠯᠥᠪᠵᠢᠭᠦᠯᠵᠦ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ | ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ | ᠲᠥᠯᠥᠪᠵᠢᠭᠦᠯᠵᠦ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠭᠠᠵᠤ ᠂ ᠵᠢᠶᠠᠩ ᠽᠧ ᠮᠢᠨ ᠨᠥᠬᠦᠷ ᠢ ᠶᠡᠭᠡ ᠪᠠᠷ ᠡᠮᠭᠡᠨᠢᠨ ᠭᠠᠰᠢᠭᠤᠳᠠᠵᠤ ᠂ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠂ ᠪᠦᠭᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠬᠤᠭᠤᠴᠠᠭ᠎ᠠ ᠰᠣᠯᠢᠬᠤ ᠪᠡᠯᠡᠳᠬᠡᠯ ᠠᠵᠢᠯ ᠢ ᠰᠠᠶᠢᠲᠤᠷ ᠬᠢᠵᠦ ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠥᠳᠡᠯᠦᠩᠭᠦᠢ ᠪᠠᠷ ᠰᠢᠯᠢᠳᠡᠭᠵᠢᠭᠦᠯᠦᠨ | ᠲᠣᠬᠢᠷᠠᠭᠤᠯᠵᠤ ᠂ ᠠᠵᠤ ᠠᠬᠤᠢ ᠶᠢᠨ ᠲᠣᠭᠲᠠᠭᠤᠨ ᠢᠶᠠᠷ ᠳᠡᠭᠡᠭᠰᠢᠯᠡᠬᠦ ᠶᠢ ᠬᠦᠴᠦᠯᠡᠨ ᠠᠬᠢᠭᠤᠯᠵᠤ ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ ᠂ ᠨᠡᠶᠢᠭᠡᠮ ᠵᠢᠷᠤᠮ ᠤᠨ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠪᠠ ᠰᠤᠷᠲᠠᠯ | ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ ᠂ ᠠᠷᠠᠳ ᠤᠨ ᠠᠮᠢᠳᠤᠷᠠᠯ ᠢ | ᠦᠨᠡᠨ ᠬᠦ ᠪᠠᠲᠤᠯᠠᠨ ᠰᠠᠶᠢᠵᠢᠷᠠᠭᠤᠯᠵᠤ ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠡᠷᠡᠰ | ᠬᠠᠮᠠᠭᠠᠯᠠᠵᠤ ᠂ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭᠠᠨ ᠤ ᠰᠢᠨ᠎ᠡ ᠠᠶᠠᠨ ᠢ | ᠡᠬᠢᠯᠡᠭᠦᠯᠵᠦ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠤᠯᠠᠮ ᠭᠦᠨᠵᠡᠭᠡᠶᠢᠷᠡᠭᠦᠯᠵᠦ ᠂ ᠡᠯ᠎ᠡ ᠵᠦᠢᠯ ᠤᠨ ᠠᠵᠢᠯ ᠰᠢᠨ᠎ᠡ | ᠠᠯᠬᠤᠮ ᠢ ᠠᠯᠬᠤᠵᠠᠢ ᠭᠡᠵᠦ ᠰᠠᠨᠠᠯ ᠨᠢᠭᠡᠲᠡᠢ ᠦᠵᠡᠪᠡ ᠃ | ᠪᠦᠭᠦᠳᠡ ᠬᠤᠷᠠᠯ ᠠᠴᠠ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠣᠯᠣᠨ ᠪᠦᠭᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠢ ᠰᠠᠶᠢᠲᠤᠷ ᠬᠤᠷᠠᠯᠳᠤᠭᠤᠯᠬᠤ ᠨᠢ ᠪᠦᠭᠦ | ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠯᠠᠮ ᠴᠢᠨᠠᠭᠰᠢᠳᠠ ᠲᠠᠶᠢᠴᠢᠯᠠᠨ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠳᠤ ᠴᠢᠬᠤᠯᠠ | ᠶᠡᠭᠡ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠪᠠ ᠃ | ᠪᠦᠭᠦᠳᠡ ᠬᠤᠷᠠᠯ ᠠᠴᠠ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠬᠤ ᠴᠢᠬᠤᠯᠠ ᠡᠭᠦᠷᠭᠡ ᠪᠤᠯᠭᠠᠵᠤ ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠬᠤ ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠬᠤ ᠂ ᠰᠢᠯᠢᠳᠡᠭᠵᠢᠭᠦᠯᠬᠦ ᠬᠠᠮᠵᠢᠯᠴᠠᠭᠤᠯᠬᠤ ᠥᠨᠳᠥᠷ | ᠪᠦᠲᠦᠮᠵᠢᠲᠡᠶ ᠪᠠᠶᠢᠯᠭᠠᠬᠤ ᠶᠢ ᠪᠠᠷᠢᠮᠲᠠᠯᠠᠬᠤ ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ | ᠵᠠᠷᠴᠢᠮ ᠶᠣᠰᠣᠭᠠᠷ ᠂ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠨᠠᠮ | ᠪᠣᠯᠣᠨ ᠲᠥᠷᠦ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠰᠢᠰᠲ᠋ᠧᠮᠲᠦ ᠴᠢᠨᠠᠷ ᠂ ᠪᠦᠬᠦᠯᠢ ᠴᠣᠭᠴᠠ ᠶᠢᠨ ᠴᠢᠨᠠᠷᠲᠠᠢ | ᠲᠠᠭᠢᠨ ᠪᠠᠶᠢᠭᠤᠯᠤᠯᠲᠠ ᠶᠢ ᠪᠡᠶᠡᠯᠡᠭᠦᠯᠵᠦ ᠂ ᠨᠠᠮ ᠪᠠ ᠤᠯᠤᠰ ᠤᠨ ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ | ᠣᠯᠬᠤ ᠂ ᠲᠡᠦᠬᠡᠲᠦ ᠴᠢᠨᠠᠷᠲᠠᠢ ᠬᠤᠪᠢᠰᠤᠯᠲᠠ ᠭᠠᠷᠭᠠᠬᠤ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠥᠭᠡᠳ ᠪᠠᠰᠠ ᠨᠠᠮ | ᠪᠣᠯᠣᠨ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠳᠤ ᠡᠷᠬᠢᠮ ᠨᠠᠨᠳᠢᠨ | ᠲᠤᠷᠰᠢᠯᠭ᠎ᠠ ᠬᠤᠷᠠᠮᠳᠤᠭᠤᠯᠵᠠᠢ ᠭᠡᠵᠦ ᠦᠵᠡᠪᠡ ᠃ | ᠪᠦᠭᠦᠳᠠ ᠬᠤᠷᠠᠯ ᠠᠴᠠ ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠢ ᠴᠢᠬᠤᠯᠠ ᠪᠠᠶᠢᠷᠢᠯᠠᠭᠤᠯᠤᠯᠲᠠ ᠬᠢᠪᠡ ᠂ ᠡᠨᠡ ᠨᠢ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ | ᠲᠠᠯ᠎ᠠ ᠪᠠᠷ ᠠᠬᠢᠭᠤᠯᠬᠤ ᠳᠤ ᠴᠢᠬᠤᠯᠠ ᠶᠡᠭᠡ ᠪᠥᠭᠡᠳ ᠠᠯᠤᠰ ᠭᠡᠳᠤ ᠶᠢᠨ ᠠᠴᠢ ᠬᠤᠯᠪᠣᠭᠳᠠᠯ ᠲᠠᠢ ᠶᠤᠮ ᠃ ᠡᠷᠬᠡᠪᠰᠢ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠵᠤ ᠂ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠴᠢᠩᠭᠠᠳᠬᠠᠬᠤ ᠪᠠᠷ ᠶᠡᠷᠦᠩᠬᠡᠶᠢᠯᠡᠨ ᠵᠢᠯᠣᠭᠤᠳᠤᠭᠤᠯᠵᠤ ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠪᠠᠷ ᠤᠳᠤᠷᠢᠳᠤᠮᠵᠢ ᠪᠤᠯᠭᠠᠵᠤ ᠂ ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ︽ ᠲᠠᠪᠤ ᠶᠢ ᠨᠢᠭᠡ ᠴᠣᠭᠴᠠᠵᠢᠭᠤᠯᠬᠤ ︾ ᠶᠡᠷᠦᠩᠬᠡᠢ | ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠂ ︽ ᠳᠥᠷᠪᠡᠨ ᠪᠦᠭᠦ ᠲᠠᠯ᠎ᠠ ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠬᠤ ᠱᠠᠭᠠᠷᠳᠠᠯᠭ᠎ᠠ ᠲᠠᠢ ᠵᠣᠬᠢᠴᠠᠭᠤᠯᠵᠤ ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠴᠡᠭᠡ ᠳᠤ | ᠵᠣᠬᠢᠴᠠᠭᠤᠯᠵᠤ ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ ᠂ ᠨᠠᠮ ᠤᠨ ᠲᠥᠪ ᠬᠤᠷᠢᠶᠠᠨ ᠤ | ᠪᠠᠶᠢᠭᠤᠯᠤᠮᠵᠢ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠮᠵᠢ ᠂ ᠲᠦᠷᠦ ᠶᠢᠨ | ᠶᠠᠪᠤᠳᠠᠯ ᠤᠨ ᠬᠤᠷᠢᠶᠠᠨ ᠤ ᠪᠠᠶᠢᠭᠤᠯᠤᠮᠵᠢ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠮᠵᠢ ᠶᠢ | ᠨᠢᠭᠡᠳᠦᠯᠲᠡᠢ ᠲᠥᠯᠥᠪᠵᠢᠭᠦᠯᠵᠦ ᠂ ᠲᠥᠪ ᠪᠠ ᠣᠷᠣᠨ ᠨᠤᠲᠤᠭ ᠢ ᠨᠢᠭᠡᠳᠦᠯᠲᠡᠢ ᠲᠥᠯᠥᠪᠵᠢᠭᠦᠯᠵᠦ ᠂ ᠭᠤᠣᠯᠳᠠᠯᠭ᠎ᠠ ᠲᠠᠢ | ᠬᠦᠷᠢᠶᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢᠨ ᠲᠠᠯ᠎ᠠ ᠪᠠᠷ | ᠨᠡᠩ ᠰᠢᠨᠵᠢᠯᠡᠬᠦ ᠤᠬᠠᠭᠠᠨᠴᠢ ᠂ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠨᠡᠩ ᠰᠢᠯᠢᠳᠡᠭᠵᠢᠭᠦᠯᠵᠦ ᠂ | ᠪᠠᠶᠢᠭᠤᠯᠤᠮᠵᠢ ᠲᠣᠭᠲᠠᠴᠠ ᠶᠢᠨ ᠲᠠᠯ᠎ᠠ ᠪᠠᠷ ᠨᠡᠩ ᠲᠡᠭᠦᠯᠳᠡᠷᠵᠢᠭᠦᠯᠵᠦ ᠂ ᠠᠵᠢᠯᠯᠠᠭᠠᠨ ᠤ ᠬᠠᠮᠢᠶᠠᠷᠤᠯᠲᠠ ᠶᠢᠨ ᠲᠠᠯ᠎ᠠ ᠪᠠᠷ ᠨᠠᠩ | ᠥᠨᠳᠥᠷ ᠪᠦᠲᠦᠮᠵᠢᠲᠡᠶ ᠪᠠᠶᠢᠯᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠪᠦᠭᠦᠳᠡ ᠬᠤᠷᠠᠯ ᠠᠴᠠ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠪᠣᠯᠣᠨ ᠤᠯᠤᠰ ᠤᠨ ᠠᠵᠢᠯ | ᠦᠢᠯᠡᠰ ᠤᠨ ᠬᠥᠭᠵᠢᠯᠲᠡ ᠶᠢᠨ ᠪᠦᠭᠦ ᠲᠠᠯ᠎ᠠ ᠶᠢᠨ ᠥᠨᠳᠥᠷᠴᠡ ᠠᠴᠠ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠴᠢᠬᠤᠯᠠ ᠴᠢᠨᠠᠷ ᠪᠣᠯᠣᠨ ᠲᠤᠯᠭᠠᠮ ᠴᠢᠨᠠᠷ ᠢ ᠭᠦᠢᠴᠡᠳ ᠲᠠᠨᠢᠵᠤ ᠂ ︽ ᠬᠤᠶᠠᠷ ᠢ ᠲᠣᠭᠲᠠᠭᠠᠭᠰᠠᠨ ︾ | ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ ᠳᠥᠷᠪᠡᠨ ᠤᠬᠠᠮᠰᠠᠷ ︾ ᠢᠶᠠᠨ | ᠴᠢᠩᠭᠠᠳᠬᠠᠵᠤ ᠂ ︽ ᠳᠥᠷᠪᠡᠨ ᠢᠲᠡᠭᠡᠯ ︾ ᠢᠶᠠᠨ ᠪᠠᠲᠤᠳᠬᠠᠵᠤ ᠂ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ ᠂ | ᠤᠬᠠᠮᠰᠠᠷ ᠠᠴᠠ ᠪᠠᠨ ᠦᠵᠡᠯ ᠰᠠᠨᠠᠭ᠎ᠠ ᠪᠣᠯᠣᠨ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢᠨ ᠡᠷᠬᠡ ᠰᠦᠷᠲᠦ ᠴᠢᠨᠠᠷ ᠪᠣᠯᠣᠨ ᠲᠥᠪ ᠴᠢᠩᠭ᠎ᠠ ᠴᠢᠨᠠᠷ ᠢ ᠡᠷᠡᠰ ᠬᠠᠮᠠᠭᠠᠯᠠᠵᠤ ᠂ | ᠥᠭᠡᠷᠡᠴᠢᠯᠡᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ ᠂ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ ᠃ | ᠪᠦᠭᠦᠳᠡ ᠬᠤᠷᠠᠯ ᠠᠴᠠ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ | ᠤᠬᠠᠭᠤᠯᠤᠨ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠪᠦᠭᠦ ᠨᠠᠮ ᠤᠨ | ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠮᠥᠨ ᠂ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠃ ᠠᠴᠢᠶᠠᠯᠠᠪᠤᠷᠢ ᠶᠢ ᠪᠠᠶᠠᠯᠢᠭᠵᠢᠭᠤᠯᠤᠨ ᠂ ᠠᠷᠭ᠎ᠠ | ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠴᠦ ᠂ ᠠᠷᠠᠳ ᠤᠯᠠᠨ ᠤ ᠦᠵᠡᠵᠦ ᠰᠣᠨᠢᠷᠬᠠᠬᠤ ᠳᠤᠷᠠᠲᠠᠢ ᠭᠡᠯᠪᠡᠷᠢ ᠪᠠᠷ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠠᠶᠢᠭᠤᠯᠭ᠎ᠠ ᠳᠤ ᠣᠷᠣᠭᠤᠯᠬᠤ ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠳᠤ ᠣᠷᠣᠭᠤᠯᠬᠤ ᠂ ᠬᠤᠳᠠ ᠬᠥᠳᠡᠭᠡ ᠨᠡᠶᠢᠭᠡᠮ ᠲᠣᠭᠤᠷᠢᠭ ᠲᠤ ᠣᠷᠣᠭᠤᠯᠬᠤ ᠂ ᠰᠤᠷᠭᠠᠭᠤᠯᠢ ᠶᠢᠨ | ᠬᠦᠷᠢᠶᠡᠨ ᠳᠤ ᠣᠷᠣᠭᠤᠯᠬᠤ ᠂ ᠴᠡᠷᠢᠭ ᠤᠨ ᠬᠤᠸᠠᠷᠠᠨ ᠳᠤ ᠣᠷᠣᠭᠤᠯᠬᠤ ᠂ ᠡᠯ᠎ᠡ ᠲᠦᠷᠦᠯ ᠤᠨ ᠰᠢᠨ᠎ᠡ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ ᠪᠠ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠣᠷᠣᠭᠤᠯᠬᠤ ᠂ ᠰᠦᠯᠵᠢᠶᠡᠨ ᠤ | ᠦᠷᠳᠡᠭᠡ ᠳᠤ ᠣᠷᠣᠭᠤᠯᠬᠤ ᠶᠢ ᠠᠬᠢᠭᠤᠯᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠥᠰ ᠤᠨ | ᠰᠡᠳᠬᠢᠯ ᠳᠤ ᠦᠨᠡᠨ ᠬᠦ ᠬᠠᠳᠠᠩᠰᠢᠭᠤᠯᠬᠤ ᠬᠡᠷᠡᠭᠲᠡᠢ ᠃ ᠤᠳᠤᠷᠢᠳᠬᠤ ᠺᠠᠳ᠋ᠷᠴᠤᠳ ᠦᠷᠭᠦᠯᠵᠢᠯᠡᠨ ᠪᠦᠭᠦ ᠲᠠᠯ᠎ᠠ ᠪᠠᠷ | ᠰᠤᠷᠤᠯᠴᠠᠬᠤ ᠂ ᠪᠦᠭᠦ ᠲᠠᠯ᠎ᠠ ᠪᠠᠷ ᠡᠵᠡᠮᠰᠢᠬᠦ ᠂ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠲᠠᠯ᠎ᠠ ᠪᠠᠷ ᠦᠯᠢᠭᠡᠷ ᠳᠠᠭᠤᠷᠢᠶᠠᠯ | ᠪᠣᠯᠵᠤ ᠂ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠶᠢᠨ ᠴᠢᠬᠤᠯᠠ ᠶᠡᠭᠡ ᠠᠴᠢ | ᠬᠤᠯᠪᠣᠭᠳᠠᠯ ᠢ ᠭᠦᠨᠵᠡᠭᠡᠢ ᠲᠠᠨᠢᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠂ ᠠᠷᠭ᠎ᠠ ᠶᠢᠨ ᠣᠨᠣᠯ ᠪᠠ ᠲᠡᠭᠦᠨ ᠤ ᠳᠤᠮᠳᠠ | ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠪᠣᠯᠪᠠᠰᠤᠷᠠᠩᠭᠤᠢ ᠡᠵᠡᠮᠰᠢᠵᠦ ᠂ ᠰᠢᠨ᠎ᠡ ᠴᠠᠭ ᠦᠶ᠎ᠡ ᠰᠢᠨ᠎ᠡ | ᠠᠶᠠᠨ ᠳᠤ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠬᠠᠷᠠᠯᠲᠠ ᠡᠭᠦᠷᠭᠡ ᠂ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠬᠦᠯᠢ ᠴᠣᠭᠴᠠ ᠪᠠᠷ ᠨᠢ ᠡᠵᠡᠮᠳᠡᠵᠦ ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠲᠥᠰᠥᠯ ᠂ ᠪᠣᠳᠠᠲᠠᠢ ᠠᠷᠭ᠎ᠠ ᠬᠡᠮᠵᠢᠶ᠎ᠡ ᠶᠢ ᠲᠤᠰ ᠭᠠᠵᠠᠷ ᠣᠷᠣᠨ ᠲᠤᠰ | ᠰᠠᠯᠠᠭ᠎ᠠ ᠮᠥᠴᠢᠷ ᠤᠨ ᠢᠶᠠᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠰᠠᠶᠢᠲᠤᠷ ᠲᠣᠭᠲᠠᠭᠠᠵᠤ ᠂ ᠰᠠᠶᠢᠲᠤᠷ | ᠬᠡᠷᠡᠭᠵᠢᠭᠦᠯᠵᠦ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠪᠣᠳᠠᠲᠠᠢ ᠳᠤ | ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠦᠵᠡᠪᠡ ᠃ | ᠪᠦᠭᠦᠳᠡ ᠬᠤᠷᠠᠯ ᠠᠴᠠ ᠂ ᠣᠳᠣᠬᠠᠨ ᠳᠤ ᠂ ᠳᠡᠯᠡᠬᠡᠢ ᠳ᠋ᠠᠬᠢᠨ ᠳᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ ᠲᠦᠷᠭᠡᠰᠦᠨ ᠬᠥᠭᠵᠢᠵᠦ ᠂ ᠳᠡᠯᠡᠬᠡᠢ ᠶᠢᠷᠲᠢᠨᠴᠦ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ | ᠬᠤᠭᠤᠴᠠᠭᠠᠨ ᠳᠤ ᠣᠷᠣᠵᠤ ᠂ ᠮᠠᠨ ᠤ ᠤᠯᠤᠰ ᠤᠨ ᠬᠥᠭᠵᠢᠯᠲᠡ ᠨᠢ ᠪᠠᠶᠢᠯᠳᠤᠬᠤ ᠪᠣᠳᠣᠯᠭ᠎ᠠ ᠶᠢᠨ ᠠᠵᠠ ᠲᠣᠭᠢᠶᠠᠯ ᠪᠣᠯᠣᠨ | ᠠᠶᠤᠯ ᠲᠦᠭᠰᠢᠭᠦᠷᠢ ᠥᠷᠢᠰᠦᠯᠳᠦᠭᠡᠨ ᠵᠡᠷᠭᠡ ᠪᠠᠷ ᠣᠷᠣᠰᠢᠵᠤ ᠂ ᠲᠤᠬᠳᠠᠭᠠᠯᠳᠤ ᠪᠤᠰᠤ ᠴᠢᠨᠠᠷ ᠵᠢᠱᠢᠬᠦᠶ᠎ᠡ ᠪᠡᠷᠬᠡ ᠬᠦᠴᠦᠨ | ᠵᠦᠢᠯ ᠨᠡᠮᠡᠭᠳᠡᠵᠦ ᠪᠠᠶᠢᠭ᠎ᠠ ᠬᠤᠭᠤᠴᠠᠭᠠᠨ ᠳᠤ ᠣᠷᠣᠵᠠᠢ ᠂ ᠡᠷᠬᠡᠪᠰᠢ ᠶᠡᠭᠡ ᠰᠠᠯᠬᠢ ᠰᠢᠷᠦᠭᠦᠨ ᠳᠠᠪᠠᠯᠭᠠᠨ ᠴᠢᠨᠠᠭᠰᠢᠯᠠᠪᠠᠯ | ᠳᠣᠬᠰᠢᠨ ᠳᠠᠪᠠᠯᠭᠠᠨ ᠰᠢᠷᠦᠭᠦᠨ ᠲᠤᠯᠭᠢᠯᠳᠠ ᠶᠢᠨ ᠬᠦᠨᠳᠦ ᠶᠡᠭᠡ ᠰᠢᠯᠭᠠᠯᠲᠠ ᠶᠢ ᠳᠤᠭᠤᠯᠬᠤ ᠪᠠᠷ ᠪᠡᠯᠡᠳᠬᠡᠬᠦ ᠬᠡᠷᠡᠭᠲᠡᠢ ᠃ | ᠮᠠᠨ ᠤ ᠤᠯᠤᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠮᠥᠨ ᠯᠡ ᠴᠥᠭᠡᠨ ᠪᠤᠰᠤ ᠭᠦᠨ ᠳᠠᠪᠬᠤᠷᠭ᠎ᠠ ᠶᠢᠨ | ᠵᠥᠷᠢᠴᠡᠯ ᠳᠤ ᠲᠤᠯᠭᠠᠷᠠᠵᠤ ᠂ ᠬᠡᠷᠡᠭᠴᠡᠭᠡ ᠪᠠᠭᠠᠰᠴᠤ ᠂ ᠬᠠᠩᠭᠠᠯᠭ᠎ᠠ ᠳᠠᠭᠠᠷᠢᠯᠲᠠ ᠳᠤ ᠤᠴᠠᠷᠠᠵᠤ ᠂ ᠵᠢᠱᠢᠯᠲᠡ ᠪᠠᠭᠤᠷᠠᠢ | ᠪᠣᠯᠤᠭᠰᠠᠨ ᠭᠤᠷᠪᠠᠨ ᠳᠠᠪᠬᠤᠷ ᠳᠠᠷᠤᠯᠲᠠ ᠮᠥᠨ ᠯᠡ ᠨᠡᠯᠢᠶᠡᠳ ᠶᠡᠭᠡ ᠪᠠᠶᠢᠵᠤ ᠂ ᠠᠵᠤ ᠠᠬᠤᠢ ᠶᠢᠨ ᠰᠡᠷᠭᠦᠯᠲᠡ ᠶᠢᠨ | ᠰᠠᠭᠤᠷᠢ ᠬᠠᠷᠠᠬᠠᠨ ᠪᠠᠲᠤ ᠪᠠᠬᠢ ᠪᠢᠰᠢ ᠪᠠᠶᠢᠵᠤ ᠂ ᠵᠢᠱᠢᠯᠲᠡ ᠠᠴᠠ ᠳᠠᠪᠠᠭᠰᠠᠨ ᠬᠦᠴᠦᠨ ᠵᠦᠢᠯ ᠨᠦᠭᠦᠳ ᠡᠭᠦᠰᠴᠦ ᠮᠡᠳᠡᠨ᠎ᠡ ᠃ | ᠪᠦᠭᠦ ᠨᠠᠮ ᠤᠨ ᠨᠥᠬᠦᠳ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠨ ᠂ ᠪᠠᠶᠢᠯᠳᠤᠬᠤ ᠪᠣᠳᠣᠯᠭ᠎ᠠ ᠶᠢᠨ ᠰᠡᠷᠭᠡᠭ | ᠪᠠᠶᠢᠳᠠᠯ ᠢᠶᠠᠨ ᠪᠠᠲᠤᠯᠠᠵᠤ ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠂ ︽ ᠭᠤᠷᠪᠠ ᠶᠢ ᠨᠡᠩ ᠰᠠᠶᠢᠨ ᠨᠢᠭᠡᠳᠦᠯᠲᠡᠢ | ᠲᠥᠯᠥᠪᠵᠢᠭᠦᠯᠬᠦ ︾ ᠶᠢ ᠪᠡᠶᠡᠯᠡᠭᠦᠯᠵᠦ ᠂ ᠡᠨᠡ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ | ᠬᠡᠷᠡᠭᠲᠡᠢ ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠶ ᠂ ᠪᠦᠭᠦ ᠲᠠᠯ᠎ᠠ ᠪᠠᠷ | ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ | ᠬᠦᠴᠦᠯᠡᠨ ᠠᠬᠢᠭᠤᠯᠬᠤ ᠬᠡᠷᠡᠭᠲᠡᠢ ᠃ ᠰᠢᠨ᠎ᠡ ᠱᠠᠲᠤᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠬᠡᠷᠡᠭᠵᠢᠭᠦᠯᠵᠦ ᠂ ︽ ᠬᠥᠬᠡᠭᠴᠢᠨ ᠲᠦᠷᠦᠯ ᠤᠨ ᠬᠥᠬᠡᠭᠴᠢᠨ ᠬᠠᠮᠢᠶᠠᠷᠤᠯᠲᠠ ︾ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠃ ᠳᠣᠲᠣᠭᠠᠳᠤ ᠬᠡᠷᠡᠭᠴᠡᠭᠡ ᠶᠢ ᠴᠢᠷᠮᠠᠶᠢᠨ ᠥᠷᠭᠡᠳᠬᠡᠵᠦ ᠂ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ ᠠᠮᠤᠷ ᠲᠦᠪᠰᠢᠨ ᠤ ᠲᠦᠪᠰᠢᠨ ᠢ ᠦᠨᠡᠨ ᠬᠦ | ᠳᠡᠭᠡᠭᠰᠢᠯᠡᠭᠦᠯᠵᠦ ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠢ ᠤᠯᠠᠮ ᠴᠢᠨᠠᠭᠰᠢᠳᠠ ᠰᠢᠯᠢᠳᠡᠭᠵᠢᠭᠦᠯᠵᠦ ᠂ ᠠᠵᠤ ᠠᠬᠤᠢ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ | ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ | ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠯ᠎ᠡ ᠵᠦᠢᠯ ᠤᠨ | ᠠᠵᠢᠯ ᠢ ᠬᠦᠴᠦᠯᠡᠨ ᠴᠢᠩᠭᠠᠳᠬᠠᠵᠤ ᠂ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠦᠷᠦ ᠶᠢᠨ ᠪᠣᠳᠣᠯᠭ᠎ᠠ ᠶᠢ | ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ | ᠪᠠᠲᠤᠯᠠᠵᠤ ᠂ ᠨᠡᠶᠢᠭᠡᠮ ᠤᠨ ᠪᠠᠲᠤᠯᠠᠭ᠎ᠠ ᠶᠢᠨ ᠲᠣᠣᠷ ᠢ ᠪᠠᠬᠢᠵᠢᠭᠦᠯᠵᠦ ᠂ ᠡᠮ ᠡᠮᠨᠡᠯᠭᠡ ᠡᠷᠡᠭᠦᠯ ᠬᠠᠮᠠᠭᠠᠯᠠᠯ ᠢᠯᠠᠩᠭᠤᠶ᠎ᠠ | ᠬᠤᠳᠠ ᠬᠥᠳᠡᠭᠡ ᠶᠢᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠤᠯᠠᠨ ᠨᠡᠶᠢᠲᠡ ᠶᠢᠨ | ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠵᠦ ᠂ ᠦᠷᠡᠵᠢᠯ ᠢ ᠳᠡᠮᠵᠢᠭᠦ ᠲᠦᠷᠦ ᠶᠢᠨ ᠪᠣᠳᠣᠯᠭ᠎ᠠ ᠶᠢᠨ ᠰᠢᠰᠲ᠋ᠧᠮ ᠢ | ᠲᠡᠭᠦᠯᠳᠡᠷᠵᠢᠭᠦᠯᠬᠦ ᠬᠡᠷᠡᠭᠲᠡᠢ ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ | ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃ | ᠪᠦᠭᠦᠳᠠ ᠬᠤᠷᠠᠯ ᠠᠴᠠ ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ ᠂ | ᠨᠢᠭᠡ ᠪᠦᠯᠦᠭ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠂ ᠪᠦᠲᠦᠭᠡᠯᠴᠢ ᠴᠢᠨᠠᠷᠲᠠᠢ ᠂ ᠬᠥᠲᠥᠯᠥᠨ ᠳᠠᠭᠠᠭᠤᠯᠬᠤ ᠴᠢᠨᠠᠷᠲᠠᠢ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ ᠂ ᠥᠭᠡᠷᠡᠴᠢᠯᠡᠯᠲᠡ ᠶᠢᠨ ᠰᠢᠰᠲ᠋ᠧᠮ ᠤᠨ ᠬᠤᠷᠠᠮᠳᠤᠯ ᠂ ᠬᠠᠮᠵᠢᠯᠴᠠᠨ | ᠥᠨᠳᠥᠷ ᠪᠦᠲᠦᠮᠵᠢᠲᠡᠢ ᠪᠠᠶᠢᠬᠤ ᠶᠢ ᠴᠢᠩᠭᠠᠳᠬᠠᠵᠤ ᠂ ᠴᠢᠬᠤᠯᠠ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠳᠤ ᠰᠢᠨ᠎ᠡ | ᠰᠢᠪᠲᠤᠯᠤᠯᠲᠠ ᠭᠠᠷᠭᠠᠬᠤ ᠬᠡᠷᠡᠭᠲᠡᠢ ᠃ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠵᠦ ᠂ ᠳᠤᠮᠳᠠᠳᠤ ᠤᠯᠤᠰ ᠤᠨ ᠣᠨᠴᠠᠯᠢᠭ ᠲᠠᠢ ᠣᠲᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ | ᠲᠡᠭᠦᠯᠳᠡᠷᠵᠢᠭᠦᠯᠵᠦ ᠂ ᠣᠲᠣ ᠦᠶ᠎ᠡ ᠶᠢᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ | ᠲᠡᠭᠦᠯᠳᠡᠷᠵᠢᠭᠦᠯᠵᠦ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ ᠂ ᠡᠯ᠎ᠡ ᠬᠦᠷᠢᠶᠡᠨ ᠤ | ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠲᠥᠰᠥᠪᠯᠡᠬᠦ ᠬᠡᠷᠡᠭᠲᠡᠢ ᠃ ᠥᠭᠡᠷᠡᠴᠢᠯᠡᠯᠲᠡ ᠶᠢ | ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠶᠢ ᠴᠢᠬᠤᠯᠠᠴᠢᠯᠠᠵᠤ ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ ᠂ ᠨᠡᠶᠢᠭᠡᠮ ᠵᠢᠷᠤᠮ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠥᠳᠡᠯᠭᠡᠭᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠲᠠ | ᠦᠭᠡᠢ ᠴᠢᠩᠭᠠᠳᠬᠠᠵᠤ ᠂ ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ ᠢ ᠤᠯᠤᠰ ᠤᠨ ᠵᠠᠰᠠᠯᠲᠠ ᠶᠢᠨ ᠦᠷ᠎ᠡ | ᠪᠦᠲᠦᠮᠵᠢ ᠪᠣᠯᠭᠠᠨ ᠨᠡᠩ ᠰᠠᠶᠢᠲᠤᠷ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠪᠦᠭᠦᠳᠡ ᠬᠤᠷᠠᠯ ᠠᠴᠠ ᠂ ᠨᠠᠮ ᠤᠨ ᠪᠠᠶᠢᠭᠤᠯᠤᠯᠲᠠ ᠶᠢᠨ ᠲᠤᠬᠠᠢ ᠨᠠᠮ ᠤᠨ ᠬᠤᠷᠢᠳᠤᠭᠠᠷ ᠶᠡᠭᠡ ᠬᠤᠷᠠᠯ ᠤᠨ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠶᠡᠭᠡ ᠨᠠᠮ ᠤᠨ | ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠪᠠᠶᠢᠳᠠᠯ ᠪᠣᠯᠣᠨ ᠡᠷᠡᠰ ᠪᠠᠲᠤ ᠪᠠᠶᠢᠳᠠᠯ ᠢᠶᠠᠨ ᠴᠠᠭ ᠢᠮᠠᠭᠲᠠ | ᠪᠠᠲᠤᠯᠠᠵᠤ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ ᠂ ᠨᠠᠮ ᠤᠨ ᠤᠯᠤᠰ ᠲᠥᠷᠥ ᠶᠢᠨ | ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ ᠂ ᠨᠠᠮ ᠤᠨ ᠡᠯ᠎ᠡ ᠲᠠᠯ᠎ᠠ ᠶᠢᠨ ᠪᠠᠶᠢᠭᠤᠯᠤᠯᠲᠠ ᠶᠢ ᠯᠠᠪᠳᠠᠭᠤᠨ | ᠪᠠᠲᠤᠲᠠᠢ ᠠᠬᠢᠭᠤᠯᠵᠤ ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠤᠨ | ᠭᠦᠨᠵᠡᠭᠡᠶᠢᠷᠡᠨ ᠭᠦᠭᠵᠢᠭᠦ ᠶᠢ ᠠᠬᠢᠭᠤᠯᠬᠤ ᠬᠡᠷᠡᠭᠲᠡᠢ ᠃ ᠪᠦᠭᠦ ᠨᠠᠮ ᠤᠨ ᠳᠣᠲᠣᠷ᠎ᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠳᠤ ᠂ ᠰᠢᠨᠵᠢᠯᠡᠬᠦ ᠤᠬᠠᠭᠠᠨᠴᠢ ᠪᠠᠷ | ᠲᠥᠯᠥᠪᠯᠡᠵᠦ ᠂ ᠨᠠᠷᠢᠨ ᠨᠢᠮᠪᠠᠢ ᠵᠣᠬᠢᠶᠠᠨ ᠪᠠᠶᠢᠭᠤᠯᠵᠤ ᠂ ᠤᠨᠤᠯ ᠤᠨ ᠰᠤᠷᠤᠯᠴᠠᠯᠭ᠎ᠠ ᠪᠠ ᠠᠰᠢᠭᠯᠠᠯᠲᠠ ᠶᠢ ᠴᠢᠩᠭᠠᠳᠬᠠᠵᠤ ᠂ | ᠦᠨᠡᠨ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ ᠃ ᠬᠤᠭᠤᠴᠠᠭ᠎ᠠ ᠰᠣᠯᠢᠭᠰᠠᠨ ᠤ ᠳᠠᠷᠠᠭᠠᠬᠢ ᠤᠳᠤᠷᠢᠳᠬᠤ ᠪᠠᠭ ᠤᠨ | ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ ᠂ ᠠᠷᠠᠳᠴᠢᠯᠠᠯ ᠲᠥᠪᠯᠡᠷᠡᠯ ᠤᠨ ᠶᠣᠰᠣ ᠶᠢ | ᠴᠢᠩᠭ᠎ᠠ ᠬᠡᠷᠡᠭᠵᠢᠭᠦᠯᠵᠦ ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠵᠤ ᠂ | ᠪᠦᠯᠬᠦᠮᠳᠡᠨ ᠬᠠᠮᠵᠢᠯᠴᠠᠭᠰᠠᠨ ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠭᠰᠡᠨ ᠂ ᠴᠢᠳᠠᠮᠠᠭᠠᠢ ᠠᠵᠢᠯᠯᠠᠵᠤ ᠠᠮᠵᠢᠯᠲᠠ ᠣᠯᠬᠤ | ᠠᠮᠢᠳᠤᠯᠢᠭ ᠪᠠᠶᠢᠳᠠᠯ ᠢ ᠪᠦᠷᠢᠯᠳᠦᠭᠦᠯᠬᠦ ᠬᠡᠷᠡᠭᠲᠡᠢ ᠃ ᠴᠢᠩᠭ᠎ᠠ ᠪᠠᠶᠢᠬᠤ ᠭᠦᠭ ᠠᠶᠠᠰ ᠢᠶᠠᠷ ᠰᠤᠷᠲᠠᠯ ᠢ ᠴᠡᠭᠴᠡᠯᠡᠨ ᠰᠠᠬᠢᠯᠭ᠎ᠠ | ᠪᠠᠲᠤ ᠶᠢ ᠴᠢᠩᠳᠠᠯᠠᠬᠤ ᠶᠢ ᠡᠷᠴᠢᠮᠵᠢᠭᠦᠯᠵᠦ ᠂ ᠦᠷᠭᠦᠯᠵᠢᠯᠡᠨ ︽ ᠲᠦᠷᠪᠡᠨ ᠰᠤᠷᠲᠠᠯ ︾ ᠢ ᠭᠦᠨᠵᠡᠭᠡᠶᠢᠷᠡᠭᠦᠯᠦᠨ ᠵᠠᠰᠠᠵᠤ ᠂ | ᠪᠠᠶᠢᠴᠠᠭᠠᠨ ᠰᠤᠳᠤᠯᠬᠤ ᠰᠤᠷᠲᠠᠯ ᠢ ᠶᠡᠭᠡ ᠪᠠᠷ ᠪᠠᠳᠠᠷᠠᠭᠤᠯᠵᠤ ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠂ ᠦᠨᠡᠨ ᠬᠦ | ᠠᠳᠬᠤᠵᠤ ᠪᠣᠳᠠᠲᠠᠢ ᠠᠵᠢᠯᠯᠠᠬᠤ ᠰᠤᠷᠲᠠᠯ ᠢ ᠶᠡᠭᠡ ᠪᠠᠷ ᠪᠠᠳᠠᠷᠠᠭᠤᠯᠵᠤ ᠂ ᠲᠡᠦᠬᠡ ᠪᠠ ᠠᠷᠠᠳ ᠲᠦᠮᠡᠨ ᠤ ᠰᠢᠯᠭᠠᠯᠲᠠ ᠶᠢ | ᠳᠠᠭᠠᠭᠠᠵᠤ ᠳᠡᠶᠢᠯᠭᠦ ᠪᠣᠳᠠᠲᠠᠢ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ ᠃ ᠢᠯᠵᠠᠷᠠᠬᠤ ᠠᠴᠠ ᠵᠢᠷᠦᠬᠡᠰᠢᠶᠡᠬᠦ ᠂ ᠢᠯᠵᠠᠷᠠᠵᠤ | ᠪᠤᠯᠬᠤ ᠦᠭᠡᠢ ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ ᠂ ᠢᠯᠵᠠᠷᠠᠯ ᠢ | ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ | ᠢᠯᠠᠯᠲᠠ ᠶᠢ ᠡᠷᠡᠰ ᠣᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠪᠦᠭᠦᠳᠠ ᠬᠤᠷᠠᠯ ᠠᠴᠠ ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ | ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ ᠂ ᠨᠠᠮ | ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ ᠂ ︽ ᠭᠤᠷᠪᠠᠨ ᠡᠷᠬᠡᠪᠰᠢ ︾ ᠶᠢ ᠪᠠᠲᠤ ᠴᠡᠭᠡᠵᠢᠯᠡᠵᠦ ᠂ | ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠵᠦ ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠂ | ᠡᠷᠡᠮᠡᠬᠡᠶᠢᠯᠡᠨ ᠤᠷᠤᠭᠰᠢᠯᠠᠵᠤ ᠂ ᠬᠠᠲᠠᠭᠤᠵᠢᠯᠲᠠᠢ ᠲᠡᠮᠡᠴᠡᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ ᠂ ᠨᠠᠮ ᠤᠨ ᠬᠤᠷᠢᠳᠤᠭᠠᠷ ᠶᠡᠭᠡ ᠬᠤᠷᠠᠯ ᠠᠴᠠ | ᠲᠣᠭᠲᠠᠭᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠬᠠᠮᠲᠤ ᠪᠠᠷ ᠲᠡᠮᠡᠴᠡᠰᠦᠭᠡᠢ ᠭᠡᠵᠦ ᠤᠷᠢᠶᠠᠯᠠᠪᠠ ᠃ | |