ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠂ ᠬᠠᠭᠤᠷᠮᠠᠭ ᠮᠠᠯ ᠤᠨ ᠡᠮ ᠳᠤ ᠲᠣᠭᠠᠴᠠᠭᠳᠠᠨ᠎ᠠ ᠄ | ︵ ᠨᠢᠭᠡ ︶ ᠮᠠᠯ ᠤᠨ ᠡᠮ ᠪᠤᠰᠤ ᠵᠦᠢᠯ ᠢᠶᠠᠷ ᠮᠠᠯ ᠤᠨ ᠡᠮ ᠢ ᠣᠷᠣᠯᠠᠭᠤᠯᠤᠭᠰᠠᠨ ᠪᠤᠶᠤ ᠪᠤᠰᠤᠳ ᠵᠦᠢᠯ ᠤᠨ | ᠮᠠᠯ ᠤᠨ ᠡᠮ ᠢᠶᠠᠷ ᠲᠤᠰ ᠵᠦᠢᠯ ᠤᠨ ᠮᠠᠯ ᠤᠨ ᠡᠮ ᠢ ᠣᠷᠣᠯᠠᠭᠤᠯᠤᠭᠰᠠᠨ ︔ | ︵ ᠬᠤᠶᠠᠷ ︶ ᠮᠠᠯ ᠤᠨ ᠡᠮ ᠳᠤ ᠠᠭᠤᠯᠤᠭᠳᠠᠬᠤ ᠪᠦᠷᠢᠯᠳᠦᠭᠦᠨ ᠤ ᠲᠦᠷᠦᠯ ᠵᠦᠢᠯ ᠂ ᠨᠡᠷᠡᠶᠢᠳᠦᠯ ᠨᠢ ᠮᠠᠯ ᠤᠨ | ᠡᠮ ᠤᠨ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ ᠃ | ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠂ ᠬᠠᠭᠤᠷᠮᠠᠭ ᠮᠠᠯ ᠤᠨ ᠡᠮ ᠢᠶᠠᠷ ᠰᠢᠢᠳᠪᠦᠷᠢᠯᠡᠨ᠎ᠡ | ᠄ | ︵ ᠨᠢᠭᠡ ︶ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠡᠷᠡᠭᠯᠡᠬᠦ ᠶᠢ ᠴᠠᠭᠠᠵᠠᠯᠠᠭᠰᠠᠨ︔ | ︵ ᠬᠤᠶᠠᠷ ︶ ᠲᠤᠰ ᠳᠦᠷᠢᠮ ᠤᠨ ᠲᠣᠭᠲᠠᠭᠠᠯ ᠶᠣᠰᠣᠭᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ | ᠶᠣᠰᠣᠲᠠᠢ ᠪᠠᠶᠢᠲᠠᠯ᠎ᠠ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠦᠭᠡᠢ ᠪᠠᠷ ᠦᠢᠯᠡᠳᠪᠦᠷᠢᠯᠡᠭᠰᠡᠨ ᠪᠤᠶᠤ | ᠭᠠᠳᠠᠭᠠᠳᠤ ᠠᠴᠠ ᠣᠷᠣᠭᠤᠯᠤᠭᠰᠠᠨ ᠂ ᠡᠰᠡᠬᠦᠯ᠎ᠡ ᠲᠤᠰ ᠳᠦᠷᠢᠮ ᠤᠨ ᠲᠣᠭᠲᠠᠭᠠᠯ ᠶᠣᠰᠣᠭᠠᠷ ᠰᠤᠭᠤᠴᠢᠨ | ᠪᠠᠶᠢᠴᠠᠭᠠᠵᠤ ᠰᠢᠯᠭᠠᠨ ᠪᠠᠶᠢᠴᠠᠭᠠᠬᠤ᠂ ᠬᠢᠨᠠᠨ ᠪᠠᠶᠢᠴᠠᠭᠠᠵᠤ ᠬᠠᠷᠭᠤᠭᠤᠯᠬᠤ ᠶᠣᠰᠣᠲᠠᠢ ᠪᠠᠶᠢᠲᠠᠯ᠎ᠠ ᠰᠤᠭᠤᠴᠢᠨ | ᠪᠠᠶᠢᠴᠠᠭᠠᠵᠤ ᠰᠢᠯᠭᠠᠨ ᠪᠠᠶᠢᠴᠠᠭᠠᠭᠰᠠᠨ ᠦᠭᠡᠢ᠂ ᠬᠢᠨᠠᠨ ᠪᠠᠶᠢᠴᠠᠭᠠᠵᠤ ᠬᠠᠷᠭᠤᠭᠤᠯᠤᠭᠰᠠᠨ ᠦᠭᠡᠢ ᠪᠠᠷ | ᠪᠣᠷᠣᠯᠠᠭᠤᠯᠤᠭᠰᠠᠨ ᠂ ᠭᠠᠳᠠᠭᠠᠳᠤ ᠠᠴᠠ ᠣᠷᠣᠭᠤᠯᠤᠭᠰᠠᠨ ︔ | ︵ ᠭᠤᠷᠪᠠ ︶ ᠴᠢᠨᠠᠷ ᠨᠢ ᠬᠤᠪᠢᠷᠠᠭᠰᠠᠨ ︔ | ︵ᠳᠥᠷᠪᠡ︶ ᠪᠣᠬᠢᠷᠲᠤᠭᠳᠠᠭᠰᠠᠨ ︔ | ︵ ᠲᠠᠪᠤ ︶ ᠲᠣᠬᠢᠷᠠᠬᠤ ᠡᠪᠡᠳᠴᠢᠨ ᠪᠤᠶᠤ ᠦᠢᠯᠡᠳᠦᠯ ᠴᠢᠳᠠᠪᠬᠢ ᠶᠢᠨ ᠭᠤᠣᠯ ᠵᠠᠰᠠᠯᠲᠠ ᠨᠢ ᠲᠣᠭᠲᠠᠭᠠᠭᠰᠠᠨ | ᠬᠦᠷᠢᠶ᠎ᠡ ᠬᠡᠪᠴᠢᠶ᠎ᠡ ᠠᠴᠠ ᠬᠡᠲᠦᠷᠡᠭᠰᠡᠨ ᠃ | ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠂ ᠴᠢᠨᠠᠷ ᠮᠠᠭᠤᠲᠠᠢ ᠮᠠᠯ ᠤᠨ ᠡᠮ ᠳᠤ | ᠲᠣᠭᠠᠴᠠᠭᠳᠠᠨ᠎ᠠ ᠄ | ︵ ᠨᠢᠭᠡ ︶ ᠪᠦᠷᠢᠯᠳᠦᠭᠦᠨ ᠤ ᠠᠭᠤᠯᠤᠭᠳᠠᠴᠠ ᠨᠢ ᠮᠠᠯ ᠤᠨ ᠡᠮ ᠤᠨ ᠤᠯᠤᠰ ᠤᠨ ᠪᠠᠷᠢᠮᠵᠢᠶ᠎ᠠ ᠳᠤ ᠨᠡᠶᠢᠴᠡᠬᠦ | ᠦᠭᠡᠢ ᠪᠤᠶᠤ ᠬᠦᠴᠦᠨ ᠲᠠᠢ ᠪᠦᠷᠢᠯᠳᠦᠭᠦᠨ ᠢ ᠲᠣᠳᠣᠷᠬᠠᠶᠢᠯᠠᠭᠰᠠᠨ ᠦᠭᠡᠢ ︔ | ︵ ᠬᠤᠶᠠᠷ ︶ ᠬᠦᠴᠦᠨ ᠲᠠᠢ ᠬᠤᠭᠤᠴᠠᠭ᠎ᠠ ᠶᠢ ᠨᠢ ᠲᠣᠳᠣᠷᠬᠠᠶᠢᠯᠠᠭᠰᠠᠨ ᠦᠭᠡᠢ ᠪᠤᠶᠤ ᠥᠭᠡᠷᠡᠴᠢᠯᠡᠭᠰᠡᠨ ᠪᠤᠶᠤ | ᠬᠦᠴᠦᠨ ᠲᠠᠢ ᠬᠤᠭᠤᠴᠠᠭ᠎ᠠ ᠠᠴᠠ ᠬᠡᠲᠦᠷᠡᠭᠰᠡᠨ ︔ | ︵ᠭᠤᠷᠪᠠ︶ ᠦᠢᠯᠡᠳᠬᠦᠨ ᠤ ᠵᠥᠪᠰᠢᠶᠡᠷᠡᠭᠰᠡᠨ ᠳ᠋ᠤᠭᠠᠷ ᠢ ᠲᠣᠳᠣᠷᠬᠠᠶᠢᠯᠠᠭᠰᠠᠨ ᠦᠭᠡᠢ ᠪᠤᠶᠤ | ᠥᠭᠡᠷᠡᠴᠢᠯᠡᠭᠰᠡᠨ ︔ | ︵ ᠳᠥᠷᠪᠡ ︶ ᠮᠠᠯ ᠤᠨ ᠡᠮ ᠤᠨ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ ᠪᠣᠯᠪᠠᠴᠤ ᠬᠠᠭᠤᠷᠮᠠᠭ | ᠮᠠᠯ ᠤᠨ ᠡᠮ ᠳᠤ ᠲᠣᠭᠠᠴᠠᠭᠳᠠᠬᠤ ᠦᠭᠡᠢ ᠪᠤᠰᠤᠳ ᠵᠦᠢᠯ᠃ | | | | |