ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ 2023 ᠣᠨ ᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠤᠷᠢᠨ ᠬᠡᠷᠡᠭᠯᠡᠬᠦ ᠠᠯᠪᠠᠨ ᠵᠠᠷ
ᠨᠡᠶᠢᠲᠡᠯᠡᠭᠰᠡᠨ ᠴᠠᠭ᠄
2023/3/21
      ᠠᠵᠢᠯ ᠤᠨ ᠬᠡᠷᠡᠭᠴᠡᠭᠡ ᠪᠠ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ 2023 ᠣᠨ ᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ 74 ᠬᠦᠮᠦᠨ ᠤᠷᠢᠨ ᠬᠡᠷᠡᠭᠯᠡᠨ᠎ᠡ᠃ ᠡᠭᠦᠨ ᠳᠤ᠂ ᠬᠡᠰᠡᠭ ᠠᠵᠢᠯ ᠤᠨ ᠪᠠᠶᠢᠷᠢ ᠳᠤ ᠥᠪᠥᠷ ᠮᠣᠩᠭᠤᠯ ᠳᠤ ᠦᠢᠯᠡᠴᠢᠯᠡᠬᠦ ᠬᠤᠭᠤᠴᠠᠭ᠎ᠠ ᠨᠢ ᠳᠦᠭᠦᠷᠦᠭᠰᠡᠨ᠂ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠪᠥᠭᠡᠳ ᠲᠣᠭᠲᠠᠭᠠᠭᠰᠠᠨ ᠴᠠᠭ ᠬᠤᠭᠤᠴᠠᠭᠠᠨ ᠤ ᠳᠣᠲᠣᠷ᠎ᠠ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠤᠨ ᠠᠵᠢᠯᠲᠠᠨ᠂ ᠣᠶᠤᠲᠠᠨ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ︵ᠳᠣᠷᠣᠭᠰᠢ ︽ᠲᠥᠷᠥᠯ ᠵᠦᠢᠯ ᠤᠨ ᠠᠵᠢᠯᠲᠠᠨ︾ ᠭᠡᠵᠦ ᠲᠣᠪᠴᠢᠯᠠᠨ᠎ᠠ᠂ ᠦᠢᠯᠡᠴᠢᠯᠡᠭᠡᠨ ᠤ ᠬᠠᠮᠤᠭ ᠣᠬᠤᠷ ᠬᠤᠭᠤᠴᠠᠭ᠎ᠠ ᠨᠢ 2 ᠵᠢᠯ︶ 14 ᠬᠥᠮᠥᠨ᠂ ᠮᠣᠩᠭᠤᠯ ᠦᠭᠡ ᠬᠡᠯᠡ ᠥᠰᠥᠭ ᠪᠢᠴᠢᠭ ᠲᠤ ᠨᠡᠪᠲᠡᠷᠡᠭᠰᠡᠨ ᠠᠵᠢᠯᠲᠠᠨ 1 ᠬᠥᠮᠥᠨ ᠢ ᠬᠠᠨᠳᠤᠯᠭ᠎ᠠ ᠲᠠᠢ ᠪᠠᠷ ᠤᠷᠢᠨ ᠬᠡᠷᠡᠭᠯᠡᠨ᠎ᠡ᠃      ᠨᠢᠭᠡ ᠂ ᠨᠢᠭᠡᠴᠢ ᠶᠢᠨ ᠲᠣᠪᠴᠢ ᠲᠠᠨᠢᠯᠴᠠᠭᠤᠯᠭ᠎ᠠ      1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠠᠷᠢᠶ᠎ᠠ ᠪᠦᠬᠦᠢ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠬᠤ ᠪᠥᠭᠡᠳ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠳᠡᠳ᠋ ᠲᠢᠩᠬᠢᠮ ᠤᠨ ᠲᠡᠰ ᠲᠠᠢ ᠲᠡᠩᠴᠡᠨ᠎ᠡ ᠃ ᠠᠵᠢᠯ ᠤᠨ ᠬᠡᠷᠡᠭᠴᠡᠭᠡ ᠪᠠᠨ ᠦᠨᠳᠦᠰᠦᠯᠡᠨ ᠵᠦᠪᠰᠢᠶᠡᠷᠡᠭᠦᠯᠦᠭᠡᠳ ᠂ ᠡᠳᠦᠭᠡ ᠨᠡᠶᠢᠭᠡᠮ ᠨᠡᠶᠢᠲᠡ ᠠᠴᠠ ᠠᠵᠢᠯ ᠦᠢᠯᠡᠰ ᠤᠨ ᠣᠷᠣᠨ ᠲᠣᠭᠠᠨ ᠤ ᠠᠵᠢᠯᠲᠠᠨ ᠢ 38 ᠬᠥᠮᠥᠨ ᠢᠯᠡ ᠪᠠᠷ ᠤᠷᠢᠨ ᠬᠡᠷᠡᠭᠯᠡᠨ᠎ᠡ᠂ ᠪᠣᠳᠠᠲᠠᠢ ᠠᠭᠤᠯᠭ᠎ᠠ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ 2023 ᠣᠨ ᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠨ ᠬᠡᠷᠡᠭᠯᠡᠬᠦ ᠠᠵᠢᠯ ᠤᠨ ᠪᠠᠶᠢᠷᠢ ᠶᠢᠨ ᠬᠦᠰᠦᠨᠦᠭᠲᠦ︾ ︵ᠳᠣᠷᠣᠭᠰᠢ ︽ᠤᠷᠢᠨ ᠬᠡᠷᠡᠭᠯᠡᠬᠦ ᠠᠵᠢᠯ ᠤᠨ ᠪᠠᠶᠢᠷᠢ ᠶᠢᠨ ᠬᠦᠰᠦᠨᠦᠭᠲᠦ︾ ᠭᠡᠵᠦ ᠲᠣᠪᠴᠢᠯᠠᠨ᠎ᠠ︶ ᠳᠤ ᠨᠠᠷᠢᠪᠴᠢᠯᠠᠨ ᠦᠵᠡᠭᠡᠷᠡᠢ ᠃      2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠳᠤ ᠬᠠᠷᠢᠶᠠᠯᠠᠭᠳᠠᠬᠤ 5 ᠵᠢᠩᠬᠢᠨᠢ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠵᠦᠪᠰᠢᠶᠡᠷᠡᠭᠦᠯᠦᠭᠡᠳ ᠂ ᠣᠲᠣ ᠨᠡᠶᠢᠭᠡᠮ ᠨᠡᠶᠢᠲᠡ ᠠᠴᠠ ᠠᠵᠢᠯ ᠦᠢᠯᠡᠰ ᠤᠨ ᠣᠷᠣᠨ ᠲᠣᠭᠠᠨ ᠤ ᠠᠵᠢᠯᠲᠠᠨ ᠨᠡᠶᠢᠲᠡ 36 ᠬᠥᠮᠥᠨ ᠢ ᠢᠯᠡ ᠪᠠᠷ ᠤᠷᠢᠨ ᠬᠡᠷᠡᠭᠯᠡᠨ᠎ᠡ᠃ ᠡᠭᠦᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠲᠤ 12 ᠬᠥᠮᠥᠨ ᠢ ᠢᠯᠡ ᠪᠠᠷ ᠤᠷᠢᠨ ᠬᠡᠷᠡᠭᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠲᠤ 5 ᠬᠥᠮᠥᠨ ᠢ ᠢᠯᠡ ᠪᠠᠷ ᠤᠷᠢᠨ ᠬᠡᠷᠡᠭᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠲᠤ 12 ᠬᠥᠮᠥᠨ ᠢ ᠢᠯᠡ ᠪᠠᠷ ᠤᠷᠢᠨ ᠬᠡᠷᠡᠭᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠶᠢᠨ ᠲᠥᠪ ᠲᠤ 2 ᠬᠥᠮᠥᠨ ᠢ ᠢᠯᠡ ᠪᠠᠷ ᠤᠷᠢᠨ ᠬᠡᠷᠡᠭᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠲᠤ 5 ᠬᠥᠮᠥᠨ ᠢ ᠢᠯᠡ ᠪᠠᠷ ᠤᠷᠢᠨ ᠬᠡᠷᠡᠭᠯᠡᠨ᠎ᠡ᠂ ᠪᠣᠳᠠᠲᠠᠢ ᠠᠭᠤᠯᠭ᠎ᠠ ᠶᠢ ︽ᠤᠷᠢᠨ ᠬᠡᠷᠡᠭᠯᠡᠬᠦ ᠠᠵᠢᠯ ᠤᠨ ᠪᠠᠶᠢᠷᠢ ᠶᠢᠨ ᠬᠦᠰᠦᠨᠦᠭᠲᠦ︾  ᠳᠤ ᠨᠠᠷᠢᠪᠴᠢᠯᠠᠨ ᠦᠵᠡᠭᠡᠷᠡᠢ᠃      ᠠᠵᠢᠯᠲᠠᠨ ᠤᠷᠢᠨ ᠬᠡᠷᠡᠭᠯᠡᠬᠦ ᠨᠢᠭᠡᠴᠢ ᠶᠢᠨ ᠲᠣᠪᠴᠢ ᠲᠠᠨᠢᠯᠴᠠᠭᠤᠯᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠠᠯᠪᠠᠨ ᠰᠦᠯᠵᠢᠶ᠎ᠡ ︵http://nmt.nmg.gov.cn︶ ᠳᠤ  ᠣᠷᠤᠵᠦ ᠣᠶᠢᠯᠠᠭᠠᠨ ᠯᠠᠪᠯᠠᠵᠤ ᠪᠣᠯᠣᠨ᠎ᠠ᠃      ᠬᠤᠶᠠᠷ᠂ ᠤᠷᠢᠭᠳᠠᠭᠰᠠᠳ ᠤᠨ ᠦᠨᠳᠦᠰᠦᠨ ᠨᠥᠬᠦᠴᠡᠯ      1. ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠠᠷᠢᠶ᠎ᠠ ᠲᠠᠢ ᠪᠠᠶᠢᠬᠤ ᠬᠡᠷᠡᠭᠲᠡᠢ︔      2. ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠨ ᠰᠠᠬᠢᠵᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠨᠡᠶᠢᠭᠡᠮ ᠵᠢᠷᠤᠮᠲᠤ ᠪᠠᠶᠢᠭᠤᠯᠤᠯ ᠢ ᠬᠦᠷᠢᠶᠡᠯᠡᠬᠦ ᠬᠡᠷᠡᠭᠲᠡᠢ︔      3. ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠠᠷᠢᠮᠲᠠᠯᠠᠵᠤ᠂ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠤᠬᠠᠮᠰᠠᠷ ᠠᠴᠠ ᠪᠠᠨ ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠬᠡᠷᠡᠭᠲᠡᠢ︔      4. ᠵᠠᠩ ᠰᠤᠷᠲᠠᠯ ᠲᠥᠪ᠂ ᠨᠡᠯᠢᠶᠡᠳ ᠴᠢᠩᠭ᠎ᠠ ᠠᠵᠢᠯ ᠦᠢᠯᠡᠰᠴᠢ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠲᠠᠢ ᠪᠠᠶᠢᠬᠤ ᠬᠡᠷᠡᠭᠲᠡᠢ︔      5. ᠡᠩ ᠤᠨ ᠪᠠᠶᠢᠳᠠᠯ ᠳᠤ ᠪᠦᠬᠦᠯᠢ 18 ᠨᠠᠰᠤᠨ ᠠᠴᠠ ᠳᠡᠭᠡᠭᠰᠢ ᠂ ᠪᠦᠬᠦᠯᠢ 35 ᠨᠠᠰᠤᠨ ᠠᠴᠠ ᠳᠣᠭᠤᠭᠰᠢ ᠂ ᠲᠤᠬᠠᠶᠢᠯᠠᠪᠠᠯ 1987 ᠣᠨ ᠤ 3 ᠰᠠᠷ᠎ᠠ ᠶᠢᠨ 21 ᠤ ᠡᠳᠦᠷ ︵ ᠪᠠᠭᠲᠠᠬᠤ ᠦᠭᠡᠢ ︶ ᠠᠴᠠ 2005 ᠣᠨ ᠤ 3 ᠰᠠᠷ᠎ᠠ ᠶᠢᠨ 21 ᠤ ᠡᠳᠦᠷ ︵ ᠪᠠᠭᠲᠠᠨ᠎ᠠ ︶ ᠬᠦᠷᠲᠡᠯᠡᠬᠢ ᠬᠤᠭᠤᠴᠠᠭᠠᠨ ᠳᠤ ᠲᠦᠷᠦᠭᠰᠡᠨ ᠪᠠᠶᠢᠬᠤ ᠬᠡᠷᠡᠭᠲᠡᠢ︔      6. ᠠᠵᠢᠯ ᠤᠨ ᠪᠠᠶᠢᠷᠢ ᠳᠤ ᠱᠠᠭᠠᠷᠳᠠᠭᠳᠠᠬᠤ ᠰᠤᠷᠤᠯᠭ᠎ᠠ ᠶᠢᠨ ᠨᠠᠮᠲᠠᠷ ᠂ ᠲᠤᠰᠬᠠᠢ ᠮᠡᠷᠭᠡᠵᠢᠯ ᠪᠤᠶᠤ ᠤᠷ᠎ᠠ ᠴᠢᠳᠠᠪᠤᠷᠢ ᠶᠢᠨ ᠨᠥᠬᠦᠴᠡᠯ  ᠲᠠᠢ ᠪᠠᠶᠢᠬᠤ ᠬᠡᠷᠡᠭᠲᠡᠢ︔      7. ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠵᠣᠬᠢᠴᠠᠭᠰᠠᠨ ᠪᠡᠶ᠎ᠡ ᠮᠠᠬᠠᠪᠤᠳ ᠤᠨ ᠨᠥᠬᠦᠴᠡᠯ  ᠲᠠᠢ ᠪᠠᠶᠢᠬᠤ ᠬᠡᠷᠡᠭᠲᠡᠢ︔      8. ᠠᠵᠢᠯ ᠤᠨ ᠪᠠᠶᠢᠷᠢ ᠳᠤ ᠱᠠᠭᠠᠷᠳᠠᠭᠳᠠᠬᠤ ᠪᠤᠰᠤᠳ ᠨᠥᠬᠦᠴᠡᠯ ᠃      9. ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ ᠤᠷᠢᠵᠦ ᠬᠡᠷᠡᠭᠯᠡᠬᠦ ᠦᠭᠡᠢ᠄      ᠰᠤᠷᠤᠯᠴᠠᠵᠤ ᠪᠠᠶᠢᠭ᠎ᠠ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠲᠤᠰᠬᠠᠢ ᠮᠡᠷᠭᠡᠵᠢᠯ ᠤᠨ ᠰᠣᠷᠣᠭᠴᠢ᠂ ᠵᠢᠩᠬᠢᠨᠢ ᠠᠩᠭᠢ ᠶᠢᠨ ᠰᠣᠷᠣᠭᠴᠢ᠂ ᠠᠰᠫᠢᠷᠠᠨᠲ ︵ᠲᠣᠰ ᠵᠢᠯ ᠤᠨ 12 ᠰᠠᠷ᠎ᠠ ᠶᠢᠨ ᠰᠡᠭᠦᠯᠴᠢ ᠠᠴᠠ ᠡᠮᠦᠨ᠎ᠡ ᠲᠡᠭᠦᠰᠦᠭᠰᠡᠨ ᠲᠣᠰ ᠬᠤᠭᠤᠴᠠᠭᠠᠨ ᠤ ᠲᠡᠭᠦᠰᠬᠦ ᠰᠣᠷᠣᠭᠴᠢ ᠪᠠᠭᠲᠠᠬᠤ ᠦᠭᠡᠢ︶︔ ᠲᠤᠷᠰᠢᠨ ᠬᠡᠷᠡᠭᠯᠡᠬᠦ ᠬᠤᠭᠤᠴᠠᠭᠠᠨ ᠳᠤ ᠪᠠ ᠦᠢᠯᠡᠴᠢᠯᠡᠭᠡᠨ ᠤ ᠬᠠᠮᠤᠭ ᠣᠬᠤᠷ ᠵᠢᠯ ᠬᠤᠭᠤᠴᠠᠭ᠎ᠠ ᠨᠢ ᠳᠦᠭᠦᠷᠦᠭᠡᠳᠦᠢ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ︔ ᠶᠠᠯ᠎ᠠ ᠬᠢᠭᠰᠡᠨ ᠠᠴᠠ ᠪᠣᠯᠵᠤ ᠡᠷᠡᠭᠦᠦ ᠶᠢᠨ ᠰᠢᠢᠳᠭᠡᠯ ᠣᠯᠵᠤ ᠥᠩᠭᠡᠷᠡᠭᠰᠡᠨ ᠬᠥᠮᠥᠰ᠂ ᠠᠯᠪᠠᠨ ᠲᠤᠰᠢᠶᠠᠯ   ᠠᠴᠠ ᠪᠠᠨ ᠬᠥᠭᠡᠭᠡᠭᠳᠡᠭᠰᠡᠨ ᠬᠥᠮᠥᠰ᠂ ᠬᠠᠤᠯᠢ ᠶᠣᠰᠣᠭᠠᠷ ᠢᠲᠡᠭᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠲᠤ ᠵᠢᠭᠰᠠᠭᠠᠭᠳᠠᠭᠰᠠᠨ ᠬᠥᠮᠥᠰ︔ ᠠᠯᠪᠠᠲᠠᠨ ᠤᠷᠢᠨ ᠬᠡᠷᠡᠭᠯᠡᠬᠦ ᠰᠢᠯᠭᠠᠯᠲᠠ ᠪᠤᠶᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠤᠷᠢᠨ ᠬᠡᠷᠡᠭᠯᠡᠬᠦ ᠳᠤᠮᠳᠠ ᠬᠡᠮ ᠬᠢᠭᠰᠡᠨ ᠵᠡᠷᠭᠡ ᠡᠯᠰᠡᠨ ᠬᠡᠷᠡᠭᠯᠡᠬᠦ ︵ᠤᠷᠢᠨ ᠬᠡᠷᠡᠭᠯᠡᠬᠦ︶ ᠰᠠᠬᠢᠯᠭ᠎ᠠ ᠪᠠᠲᠤ ᠶᠢ ᠬᠦᠨᠳᠦ ᠨᠣᠴᠢᠲᠠᠢ ᠵᠥᠷᠢᠴᠡᠭᠰᠡᠨ ᠦᠶᠯᠡ ᠠᠵᠢᠯᠯᠠᠭ᠎ᠠ ᠲᠠᠢ ᠪᠥᠭᠡᠳ ᠰᠢᠯᠭᠠᠯᠲᠠ ᠶᠢ ᠴᠠᠭᠠᠵᠠᠯᠠᠬᠤ ᠬᠤᠭᠤᠴᠠᠭᠠᠨ ᠳᠤ ᠪᠠᠶᠢᠭ᠎ᠠ ᠠᠵᠢᠯᠲᠠᠨ︔ ᠵᠢᠩᠬᠢᠨᠢ ᠠᠯᠪᠠᠨ ᠤ ᠴᠡᠷᠢᠭ ︔ ᠤᠷᠢᠭᠳᠠᠭᠰᠠᠨ ᠤ ᠳᠠᠷᠠᠭ᠎ᠠ ᠳᠠᠷᠤᠢ ᠵᠠᠶᠢᠯᠠᠬᠤ ᠬᠠᠷᠢᠴᠠᠭ᠎ᠠ ᠲᠠᠢ ᠠᠵᠢᠯ ᠤᠨ ᠪᠠᠶᠢᠷᠢ ᠳᠤ ᠭᠠᠷᠤᠭᠰᠠᠨ ᠬᠥᠮᠥᠰ ︔ ᠬᠠᠤᠯᠢ ᠴᠠᠭᠠᠵᠠ ᠬᠠᠤᠯᠢ ᠲᠣᠭᠲᠠᠭᠠᠯ ᠳᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠢᠶᠠᠷ ᠤᠷᠢᠨ ᠬᠡᠷᠡᠭᠯᠡᠵᠦ ᠪᠣᠯᠬᠤ ᠦᠭᠡᠢ ᠭᠡᠵᠦ ᠲᠣᠭᠲᠠᠭᠠᠭᠰᠠᠨ ᠪᠤᠰᠤᠳ ᠪᠠᠶᠢᠳᠠᠯ ᠲᠠᠢ ᠬᠥᠮᠥᠰ᠃      ᠭᠤᠷᠪᠠ᠂ ᠤᠷᠢᠨ ᠬᠡᠷᠡᠭᠯᠡᠬᠦ ᠠᠵᠢᠯ ᠤᠨ ᠪᠠᠶᠢᠷᠢ ᠵᠢᠴᠢ ᠨᠥᠬᠦᠴᠡᠯ      1. ᠠᠵᠢᠯᠲᠠᠨ ᠡᠯᠰᠡᠬᠦ ᠠᠵᠢᠯ ᠤᠨ ᠪᠠᠶᠢᠷᠢ ᠶᠢ ︽ᠤᠷᠢᠨ ᠬᠡᠷᠡᠭᠯᠡᠬᠦ ᠠᠵᠢᠯ ᠤᠨ ᠪᠠᠶᠢᠷᠢ ᠶᠢᠨ ᠬᠦᠰᠦᠨᠦᠭᠲᠦ︾ ᠳᠤ ᠨᠠᠷᠢᠪᠴᠢᠯᠠᠨ ᠦᠵᠡᠭᠡᠷᠡᠢ᠃ ᠡᠭᠦᠨ ᠳᠤ ᠤᠷᠢᠭᠳᠠᠭᠰᠠᠳ ᠤᠨ ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠣᠯᠬᠤ ᠡᠳᠦᠷ ᠬᠤᠭᠤᠴᠠᠭ᠎ᠠ ᠨᠢ 2023 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠃ ᠪᠤᠰᠤᠳ ᠨᠥᠬᠦᠴᠡᠯ ᠤᠨ ᠣᠯᠬᠤ ᠴᠠᠭ ᠤᠨ ᠱᠠᠭᠠᠷᠳᠠᠯᠭ᠎ᠠ ᠨᠢ 2023 ᠣᠨ ᠤ 3 ᠰᠠᠷ᠎ᠠ ᠶᠢᠨ 21 ᠤ ᠡᠳᠦᠷ ᠠᠴᠠ ᠡᠮᠦᠨ᠎ᠡ ︵︽ᠤᠷᠢᠨ ᠬᠡᠷᠡᠭᠯᠡᠬᠦ ᠠᠵᠢᠯ ᠤᠨ ᠪᠠᠶᠢᠷᠢ ᠶᠢᠨ ᠬᠦᠰᠦᠨᠦᠭᠲᠦ︾ ᠳᠤ ᠱᠠᠭᠠᠷᠳᠠᠭᠰᠠᠨ ᠬᠢᠷᠢ ᠬᠡᠮ ᠤᠨ ᠨᠥᠬᠦᠴᠡᠯ ᠢ ᠪᠠᠭᠲᠠᠭᠠᠨ᠎ᠠ︶ ᠪᠣᠯᠣᠨ᠎ᠠ᠃      ︽ᠤᠷᠢᠨ ᠬᠡᠷᠡᠭᠯᠡᠬᠦ ᠠᠵᠢᠯ ᠤᠨ ᠪᠠᠶᠢᠷᠢ ᠶᠢᠨ ᠬᠦᠰᠦᠨᠦᠭᠲᠦ︾ ᠳᠤ ᠱᠠᠭᠠᠷᠳᠠᠭᠰᠠᠨ ᠲᠤᠰᠬᠠᠢ ᠮᠡᠷᠭᠡᠵᠢᠯ ᠤᠨ ᠲᠥᠷᠥᠯ ᠢᠯᠭᠠᠯ ᠪᠤᠶᠤ ᠲᠤᠰᠬᠠᠢ ᠮᠡᠷᠭᠡᠵᠢᠯ ᠵᠡᠷᠭᠡ ᠶᠢ ᠭᠤᠣᠯᠳᠠᠭᠤ ᠰᠤᠷᠭᠠᠨ ᠬᠥᠮᠦᠵᠢᠯ ᠤᠨ ᠶᠠᠮᠤᠨ ᠤ ᠲᠣᠭᠲᠠᠭᠠᠭᠰᠠᠨ ᠣᠲᠣ ᠶᠢᠨ ᠬᠡᠷᠡᠭᠵᠢᠭᠦᠯᠵᠦ ᠪᠠᠶᠢᠭ᠎ᠠ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠤᠨ ᠭᠠᠷᠴᠠᠭᠯᠠᠯ ᠤᠨ ᠲᠣᠬᠢᠷᠠᠭᠤᠯᠤᠯᠲᠠ ᠪᠠᠷ ᠯᠠᠪᠯᠠᠯᠲᠠ ᠪᠣᠯᠭᠠᠨ᠎ᠠ᠃ ᠤᠷᠢᠭᠳᠠᠭᠰᠠᠳ ᠨᠡᠷ᠎ᠡ ᠮᠡᠳᠡᠭᠦᠯᠬᠦ ᠳᠤ ᠪᠠᠨ ᠥᠪᠡᠷ ᠤᠨ ᠰᠤᠷᠤᠯᠭ᠎ᠠ ᠲᠡᠭᠦᠰᠦᠭᠰᠡᠨ ᠦᠨᠡᠮᠯᠡᠯ ᠳᠡᠭᠡᠷᠡᠬᠢ ᠲᠤᠰᠬᠠᠢ ᠮᠡᠷᠭᠡᠵᠢᠯ ᠤᠨ ᠨᠡᠷᠡᠶᠢᠳᠦᠯ ᠢᠶᠠᠨ ᠦᠨᠡᠨ ᠮᠥᠨ ᠢᠶᠠᠷ ᠨᠢ ᠲᠠᠭᠯᠠᠬᠤ ᠬᠡᠷᠡᠭᠲᠡᠢ᠃ ᠬᠤᠶᠠᠳᠤᠭᠠᠷ ᠡᠷᠳᠡᠮ ᠤᠨ ᠴᠣᠯᠠ ᠲᠠᠢ᠂ ᠬᠤᠣᠰ ᠡᠷᠳᠡᠮ ᠤᠨ ᠴᠣᠯᠠ ᠲᠠᠢ ᠂ ᠬᠠᠪᠰᠤᠷᠭᠠᠨ ᠰᠤᠷᠬᠤ ᠡᠷᠳᠡᠮ ᠤᠨ ᠴᠣᠯᠠ ᠶᠢᠨ ᠲᠤᠰᠬᠠᠢ ᠮᠡᠷᠭᠡᠵᠢᠯ ᠲᠠᠢ ᠪᠠᠶᠢᠪᠠᠯ᠂ ᠵᠣᠬᠢᠬᠤ ᠡᠷᠳᠡᠮ ᠤᠨ ᠴᠣᠯᠠ ᠶᠢᠨ ᠦᠨᠡᠮᠯᠡᠯ ᠳᠡᠭᠡᠷᠡᠬᠢ ᠲᠤᠰᠬᠠᠢ ᠮᠡᠷᠭᠡᠵᠢᠯ ᠤᠨ ᠨᠡᠷᠡᠶᠢᠳᠦᠯ ᠢ ᠦᠨᠡᠨ ᠮᠥᠨ ᠢᠶᠠᠷ ᠨᠢ ᠲᠠᠭᠯᠠᠨ ᠪᠢᠴᠢᠬᠦ ᠬᠡᠷᠡᠭᠲᠡᠢ᠃ ᠣᠲᠣ ᠶᠢᠨ ᠬᠡᠷᠡᠭᠵᠢᠭᠦᠯᠵᠦ ᠪᠠᠶᠢᠭ᠎ᠠ ᠲᠤᠰᠬᠠᠢ ᠮᠡᠷᠭᠡᠵᠢᠯ ᠤᠨ ᠭᠠᠷᠴᠠᠭᠯᠠᠯ  ᠳᠤ ᠪᠦᠷᠢᠨ ᠬᠠᠮᠤᠷᠴᠤ ᠳᠡᠶᠢᠯᠦᠭᠡᠳᠦᠢ ᠵᠠᠷᠢᠮ ᠳᠡᠭᠡᠳᠦ ᠰᠤᠷᠭᠠᠭᠤᠯᠢ ᠶᠢᠨ ᠥᠪᠡᠰᠦᠪᠡᠨ ᠪᠠᠶᠢᠭᠤᠯᠤᠭᠰᠠᠨ ᠲᠤᠰᠬᠠᠢ ᠮᠡᠷᠭᠡᠵᠢᠯ᠂ ᠰᠢᠨ᠎ᠡ ᠪᠠᠷ ᠪᠣᠶ ᠪᠣᠯᠤᠭᠰᠠᠨ ᠰᠢᠨᠵᠢᠯᠡᠭᠡᠨ ᠤ ᠰᠠᠯᠠᠭ᠎ᠠ᠂ ᠭᠠᠳᠠᠭᠠᠳᠤ ᠶᠢᠨ ᠰᠤᠷᠭᠠᠨ ᠬᠥᠮᠦᠵᠢᠯ ᠤᠨ ᠰᠢᠨᠵᠢᠯᠡᠭᠡᠨ ᠤ ᠰᠠᠯᠠᠭ᠎ᠠ ᠵᠡᠷᠭᠡ ᠶᠢ ᠤᠷᠢᠭᠳᠠᠭᠰᠠᠳ ᠴᠤ ᠦᠨᠡᠨ ᠮᠥᠨ ᠢᠶᠠᠷ ᠨᠢ ᠲᠠᠭᠯᠠᠨ ᠪᠢᠴᠢᠵᠦ᠂ ᠬᠢᠷᠢ ᠬᠡᠮ ᠢ ᠬᠢᠨᠠᠨ ᠪᠠᠶᠢᠴᠠᠭᠠᠬᠤ ᠠᠵᠢᠯᠲᠠᠨ ᠤ ᠠᠵᠢᠯ ᠤᠨ ᠪᠠᠶᠢᠷᠢ ᠶᠢᠨ ᠲᠤᠰᠬᠠᠢ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠠᠩᠬ᠎ᠠ ᠠᠯᠬᠤᠮ ᠮᠠᠭᠠᠳᠯᠠᠬᠤ ᠳᠤ ᠲᠥᠬᠦᠮ ᠦᠵᠡᠭᠦᠯᠦᠨ᠎ᠡ᠃ ᠲᠤᠰᠬᠠᠢ ᠮᠡᠷᠭᠡᠵᠢᠯ ᠵᠡᠷᠭᠡ ᠪᠤᠰᠤᠳ ᠨᠥᠬᠦᠴᠡᠯ ᠳᠤ ᠨᠡᠶᠢᠴᠡᠭᠰᠡᠨ ᠤᠷᠢᠲᠠᠯ ᠳᠣᠣᠷ᠎ᠠ᠂ ᠮᠡᠷᠭᠡᠵᠢᠯᠲᠡᠨ ᠤ ᠳᠡᠭᠡᠳᠦ ᠰᠤᠷᠭᠠᠭᠤᠯᠢ ᠶᠢᠨ ᠪᠡᠯᠡᠳᠬᠡᠯ ᠮᠠᠰᠲ᠋ᠧᠷ ︵ᠮᠠᠰᠲ᠋ᠧᠷ︶ ᠤᠨ ᠠᠩᠭᠢ ᠠᠴᠠ ᠲᠡᠭᠦᠰᠦᠭᠰᠡᠨ ᠰᠣᠷᠣᠭᠴᠢ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠨ ᠤᠷᠢᠭᠳᠠᠵᠤ ᠪᠣᠯᠣᠨ᠎ᠠ᠂ ᠳᠡᠭᠡᠳᠦ ᠵᠡᠷᠭᠡ ᠶᠢᠨ ᠠᠵᠢᠯᠴᠢᠨ ᠤ ᠠᠩᠭᠢ ᠠᠴᠠ ᠲᠡᠭᠦᠰᠦᠭᠰᠡᠨ ᠰᠣᠷᠣᠭᠴᠢ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠩᠭᠢ ᠶᠢᠨ ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠨ ᠤᠷᠢᠭᠳᠠᠵᠤ ᠪᠣᠯᠣᠨ᠎ᠠ᠃      2. ︽ᠦᠨᠳᠦᠰᠦᠨ ᠱᠠᠲᠤᠨ ᠤ ᠲᠥᠷᠥᠯ ᠵᠦᠢᠯ ᠳᠤ ᠦᠢᠯᠡᠴᠢᠯᠡᠬᠦ ᠠᠵᠢᠯᠲᠠᠨ︾ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠲᠦᠷᠦᠭᠦᠯᠡᠨ ᠵᠣᠬᠢᠶᠠᠨ ᠪᠠᠶᠢᠭᠤᠯᠤᠭᠰᠠᠨ ᠳᠡᠭᠡᠳᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠶᠢᠨ ᠠᠵᠢᠯᠲᠠᠨ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠶᠢᠨ ᠠᠵᠢᠯᠲᠠᠨ᠂ ᠳᠤᠮᠳᠠ ᠵᠢᠵᠢᠭ ᠠᠵᠤ ᠠᠬᠤᠶᠢᠯᠠᠯ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠳᠤ ᠬᠠᠨᠳᠤᠭᠤᠯᠤᠨ ᠳᠡᠭᠡᠳᠦ ᠰᠤᠷᠭᠠᠭᠤᠯᠢ ᠲᠡᠭᠦᠰᠦᠭᠰᠡᠳ ᠢ ᠰᠣᠩᠭᠤᠨ ᠨᠥᠭᠡᠴᠡᠯᠡᠬᠦ ᠲᠥᠯᠥᠪᠯᠡᠭᠡ ᠶᠢᠨ ᠠᠵᠢᠯᠲᠠᠨ︔ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠲᠦᠷᠦᠭᠦᠯᠡᠨ ᠵᠣᠬᠢᠶᠠᠨ ᠪᠠᠶᠢᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠭᠠᠭᠤᠯᠢ ᠶᠢᠨ ᠪᠠᠭᠰᠢ ᠶᠢᠨ ᠣᠨᠴᠠᠭᠠᠶ ᠠᠵᠢᠯ ᠤᠨ ᠪᠠᠶᠢᠷᠢ ᠶᠢᠨ ᠲᠥᠯᠥᠪᠯᠡᠭᠡᠨ ᠤ ᠠᠵᠢᠯᠲᠠᠨ︔ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠠᠴᠠ ᠲᠦᠷᠦᠭᠦᠯᠡᠨ ᠵᠣᠬᠢᠶᠠᠨ ᠪᠠᠶᠢᠭᠤᠯᠤᠭᠰᠠᠨ ᠣᠶᠤᠲᠠᠳ ᠤᠨ ᠰᠠᠶᠢᠨ ᠳᠤᠷ᠎ᠠ ᠠᠴᠠ ᠪᠠᠨ ᠪᠠᠷᠠᠭᠤᠨ ᠣᠷᠣᠨ ᠳᠤ ᠦᠢᠯᠡᠴᠢᠯᠡᠬᠦ ᠲᠥᠯᠥᠪᠯᠡᠭᠡᠨ ᠤ ᠠᠵᠢᠯᠲᠠᠨ ᠢ ᠵᠢᠭᠠᠵᠤ ᠪᠣᠶ ᠃      ︽ᠣᠶᠤᠲᠠᠨ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ︾ ᠭᠡᠳᠡᠭ ᠨᠢ ᠤᠯᠤᠰ ᠠᠴᠠ ᠨᠢᠭᠡᠳᠦᠯᠲᠡᠢ ᠰᠤᠷᠤᠭᠴᠢ ᠡᠯᠰᠡᠭᠰᠡᠨ ︵ ᠦᠪᠡᠰᠦᠪᠡᠨ ᠰᠤᠷᠤᠭᠴᠢ ᠡᠯᠰᠡᠬᠦ ᠪᠠ ᠪᠠᠲᠤᠯᠠᠨ ᠬᠦᠷᠭᠡᠬᠦ ᠪᠠᠭᠲᠠᠨ᠎ᠠ︶ ᠡᠩ ᠤᠨ ᠳᠡᠭᠡᠳᠦ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠩᠭᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠶᠢ ᠵᠢᠭᠠᠵᠤ ᠪᠤᠢ ᠃      ︽ᠮᠣᠩᠭᠤᠯ ᠦᠭᠡ ᠬᠡᠯᠡ ᠥᠰᠥᠭ ᠪᠢᠴᠢᠭ ᠲᠤ ᠨᠡᠪᠲᠡᠷᠡᠭᠰᠡᠨ︾ ᠠᠵᠢᠯᠲᠠᠨ ᠭᠡᠳᠡᠭ ᠨᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠪᠠ ᠮᠣᠩᠭᠤᠯ ᠦᠭᠡ ᠬᠡᠯᠡ ᠥᠰᠥᠭ ᠪᠢᠴᠢᠭ ᠢ ᠪᠣᠯᠪᠠᠰᠤᠷᠠᠩᠭᠤᠢ ᠬᠡᠷᠡᠭᠯᠡᠵᠦ ᠴᠢᠳᠠᠬᠤ ᠮᠥᠷᠲᠡᠭᠡᠨ ᠠᠯᠪᠠᠨ ᠠᠵᠢᠯ ᠥᠷᠨᠢᠭᠦᠯᠵᠦ ᠴᠢᠳᠠᠬᠤ ᠠᠵᠢᠯᠲᠠᠨ ᠢ ᠵᠢᠭᠠᠵᠤ ᠪᠣᠶ᠃      3. ︽ᠲᠥᠷᠥᠯ ᠵᠦᠢᠯ ᠤᠨ ᠠᠵᠢᠯᠲᠠᠨ︾ ᠢ ᠬᠠᠨᠳᠤᠯᠭ᠎ᠠ ᠲᠠᠢ ᠪᠠᠷ ᠤᠷᠢᠬᠤ ᠠᠵᠢᠯ ᠤᠨ ᠪᠠᠶᠢᠷᠢ ᠳᠤ᠂ ᠤᠷᠢᠭᠳᠠᠭᠰᠠᠳ ᠢ ᠡᠷᠬᠡᠪᠰᠢ 2023 ᠣᠨ ᠤ 3 ᠰᠠᠷ᠎ᠠ ᠶᠢᠨ 21 ᠤ ᠡᠳᠦᠷ ᠠᠴᠠ ᠡᠮᠦᠨ᠎ᠡ ᠦᠢᠯᠡᠴᠢᠯᠡᠭᠡᠨ ᠤ ᠬᠤᠭᠤᠴᠠᠭ᠎ᠠ ᠨᠢ ᠳᠦᠭᠦᠷᠦᠭᠰᠡᠨ ᠮᠥᠷᠲᠡᠭᠡᠨ ᠬᠢᠨᠠᠨ ᠰᠢᠯᠭᠠᠭᠠᠳ ᠬᠢᠷᠢ ᠲᠡᠩᠴᠡᠭᠰᠡᠨ ᠦᠨᠳᠦᠰᠦᠨ ᠱᠠᠲᠤᠨ ᠤ ᠲᠥᠷᠥᠯ ᠵᠦᠢᠯ ᠳᠤ ᠦᠢᠯᠡᠴᠢᠯᠡᠬᠦ ᠠᠵᠢᠯᠲᠠᠨ ᠪᠤᠶᠤ 2023 ᠣᠨ ᠤ 3 ᠰᠠᠷ᠎ᠠ ᠶᠢᠨ 21 ᠤ ᠡᠳᠦᠷ ᠠᠴᠠ ᠡᠮᠦᠨ᠎ᠡ ᠨᠢᠭᠡᠨᠲᠡ ᠴᠡᠷᠢᠭ ᠤᠨ ᠠᠯᠪᠠᠨ ᠠᠴᠠ ᠪᠠᠭᠤᠭᠰᠠᠨ ᠤᠶᠤᠲᠡᠨ ᠪᠠᠶᠢᠯᠳᠤᠭᠴᠢ  ᠪᠠᠶᠢᠬᠤ ᠬᠡᠷᠡᠭᠲᠡᠢ᠃ 2023 ᠣᠨ ᠤ 3 ᠰᠠᠷ᠎ᠠ ᠶᠢᠨ 21 ᠤ ᠡᠳᠦᠷ ᠪᠣᠯᠲᠠᠯ᠎ᠠ᠂ ︽ᠲᠥᠷᠥᠯ ᠵᠦᠢᠯ ᠤᠨ ᠠᠵᠢᠯᠲᠠᠨ︾ ᠤ ᠦᠢᠯᠡᠴᠢᠯᠡᠭᠡᠨ ᠤ ᠬᠤᠭᠤᠴᠠᠭ᠎ᠠ  ᠨᠢ ᠳᠦᠭᠦᠷᠦᠭᠰᠡᠨ ᠪᠤᠶᠤ ᠴᠡᠷᠢᠭ ᠤᠨ ᠠᠯᠪᠠᠨ ᠠᠴᠠ ᠪᠠᠭᠤᠭᠰᠠᠨ ︵ᠤᠷᠢᠳᠠᠪᠠᠷ ᠴᠡᠷᠢᠭ ᠤᠨ ᠠᠯᠪᠠᠨ ᠠᠴᠠ ᠪᠠᠭᠤᠭᠰᠠᠨ ᠤ ᠳᠠᠷᠠᠭ᠎ᠠ ᠨᠢ ᠲᠡᠭᠦᠰᠦᠭᠰᠡᠨ ᠦᠨᠡᠮᠯᠡᠯ ᠣᠯᠣᠭᠰᠠᠨ ᠪᠠᠶᠢᠪᠠᠯ᠂ ᠲᠡᠭᠦᠰᠦᠭᠰᠡᠨ ᠴᠠᠭ ᠠᠴᠠ ᠨᠢ ᠡᠬᠢᠯᠡᠵᠦ ᠪᠤᠳᠤᠨ᠎ᠠ︶ 3 ᠵᠢᠯ ᠠᠴᠠ ᠬᠡᠲᠦᠷᠡᠭᠰᠡᠨ ᠪᠤᠶᠤ ᠠᠯᠪᠠᠲᠠᠨ ︵ᠠᠯᠪᠠᠨ ᠳᠤ ᠣᠷᠣᠯᠴᠠᠭᠰᠠᠨ ᠨᠢᠭᠡᠴᠢ ᠶᠢᠨ ᠠᠵᠢᠯᠲᠠᠨ ᠪᠠᠭᠲᠠᠨ᠎ᠠ᠂ ᠳᠣᠷᠣᠭᠰᠢ ᠠᠳᠠᠯᠢ︶ ᠢᠶᠠᠷ ᠡᠯᠰᠡᠭᠳᠡᠭᠰᠡᠨ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ︵ᠣᠷᠣᠨ ᠲᠤᠭ᠎ᠠ ᠳᠤ ᠵᠢᠭᠰᠠᠭᠠᠵᠤ ᠤᠷᠢᠨ ᠬᠡᠷᠡᠭᠯᠡᠬᠦ︶ ᠢᠶᠠᠷ ᠤᠷᠢᠭᠳᠠᠭᠰᠠᠨ ᠪᠠᠶᠢᠪᠠᠯ᠂ ᠳᠠᠭᠢᠵᠤ ︽ᠲᠥᠷᠥᠯ ᠵᠦᠢᠯ ᠤᠨ ᠠᠵᠢᠯᠲᠠᠨ︾ ᠤ ᠠᠵᠢᠯ ᠤᠨ ᠪᠠᠶᠢᠷᠢ ᠳᠤ ᠤᠷᠢᠭᠳᠠᠵᠤ ᠪᠣᠯᠬᠤ ᠦᠭᠡᠢ᠂ ᠵᠥᠪᠬᠡᠨ ᠪᠤᠰᠤᠳ ᠠᠵᠢᠯ ᠤᠨ ᠪᠠᠶᠢᠷᠢ ᠳᠤ ᠤᠷᠢᠭᠳᠠᠨ᠎ᠠ᠃      4. ᠪᠦᠬᠦᠯᠢ ᠡᠳᠦᠷ ᠤᠨ ᠳᠦᠷᠢᠮᠲᠦ ᠲᠤᠰᠬᠠᠢ ᠠᠩᠭᠢ ᠂ ᠵᠢᠩᠬᠢᠨᠢ ᠠᠩᠭᠢ ᠂ ᠠᠰᠫᠢᠷᠠᠨᠲ ᠤᠨ ᠰᠤᠷᠭᠠᠭᠤᠯᠢ ᠳᠤ ᠰᠤᠷᠤᠯᠴᠠᠵᠤ ᠪᠠᠶᠢᠬᠤ ᠬᠤᠭᠤᠴᠠᠭᠠᠨ ᠳᠤ ᠪᠠᠨ ᠣᠷᠣᠯᠴᠠᠭᠰᠠᠨ ᠨᠡᠶᠢᠭᠡᠮ ᠤᠨ ᠦᠢᠯᠡᠳᠦᠯᠭᠡ ᠶᠢᠨ ᠥᠩᠭᠡᠷᠡᠯᠲᠡ ᠶᠢ ᠠᠵᠢᠯ ᠤᠨ ᠥᠩᠭᠡᠷᠡᠯᠲᠡ ᠪᠠᠷ ᠦᠵᠡᠬᠦ ᠦᠭᠡᠢ ᠃      ᠳᠥᠷᠪᠡ᠂ ᠤᠷᠢᠬᠤ ᠲᠠᠰ ᠳᠠᠷᠠᠭᠠᠯᠠᠯ      ᠲᠣᠰ ᠤᠳᠠᠭᠠᠨ ᠤ ᠢᠯᠡ ᠪᠠᠷ ᠠᠵᠢᠯᠲᠠᠨ ᠡᠯᠰᠡᠬᠦ ᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠬᠢᠷᠢ ᠬᠡᠮ ᠤᠨ ᠠᠩᠬᠠᠨ ᠤ ᠬᠢᠨᠠᠯᠲᠠ ᠵᠢᠴᠢ ᠰᠦᠢᠳᠬᠡᠯ ᠲᠤᠰᠢᠶᠠᠬᠤ᠂ ᠪᠢᠴᠢᠭ ᠤᠨ ᠰᠢᠯᠭᠠᠯᠲᠠ ᠬᠢᠬᠦ᠂ ᠬᠢᠷᠢ ᠬᠡᠮ ᠤᠨ ᠳᠠᠬᠢᠨ ᠬᠢᠨᠠᠯᠲᠠ ᠬᠢᠬᠦ᠂ ᠨᠢᠭᠤᠷᠲᠠᠨ ᠰᠢᠯᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ᠂ ᠪᠠᠶᠢᠴᠠᠭᠠᠯᠲᠠ ᠬᠢᠬᠦ᠂ ᠢᠯᠡ ᠨᠡᠶᠢᠲᠡᠯᠡᠬᠦ᠂ ᠤᠷᠢᠵᠤ ᠬᠡᠷᠡᠭᠯᠡᠬᠦ ᠵᠡᠷᠭᠡ ᠲᠠᠰ ᠳᠠᠷᠠᠭᠠᠯᠠᠯ ᠢᠶᠠᠷ ᠶᠠᠪᠤᠭᠳᠠᠭᠤᠯᠤᠨ᠎ᠠ᠃      1. ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ      ︵1︶ ᠨᠡᠷ᠎ᠡ ᠮᠡᠳᠡᠭᠦᠯᠬᠦ ᠴᠠᠭ ᠬᠤᠭᠤᠴᠠᠭ᠎ᠠ ᠄ 2023 ᠣᠨ ᠤ 3 ᠰᠠᠷ᠎ᠠ ᠶᠢᠨ 21 ᠤ ᠡᠳᠦᠷ ᠤᠨ9᠄ 00 ︱ 3 ᠰᠠᠷ᠎ᠠ ᠶᠢᠨ 27 ᠤ ᠡᠳᠦᠷ ᠤᠨ 17᠄ 00 ᠪᠣᠯᠲᠠᠯ᠎ᠠ ︔ ᠬᠢᠷᠢ ᠬᠡᠮ ᠤᠨ ᠠᠩᠬᠠᠨ ᠤ ᠬᠢᠨᠠᠯᠲᠠ ᠶᠢᠨ ᠳᠠᠭᠤᠰᠬᠤ ᠴᠠᠭ ᠨᠢ 2023 ᠣᠨ ᠤ 3 ᠰᠠᠷ᠎ᠠ ᠶᠢᠨ 28 ᠤ ᠡᠳᠦᠷ ᠤᠨ 17᠄ 00 ᠪᠣᠯᠣᠨ᠎ᠠ︔ ᠰᠦᠢᠳᠬᠡᠯ ᠲᠤᠰᠢᠶᠠᠬᠤ ᠳᠠᠭᠤᠰᠬᠤ ᠴᠠᠭ ᠨᠢ 2023 ᠣᠨ ᠤ 3 ᠰᠠᠷ᠎ᠠ ᠶᠢᠨ 28 ᠤ ᠡᠳᠦᠷ ᠤᠨ 24᠄ 00 ᠪᠣᠯᠣᠨ᠎ᠠ᠃ ᠨᠡᠷ᠎ᠡ ᠮᠡᠳᠡᠭᠦᠯᠬᠦ ᠰᠦᠢᠳᠬᠡᠯ ᠲᠤᠰᠢᠶᠠᠬᠤ ᠬᠤᠭᠤᠴᠠᠭ᠎ᠠ ᠳᠠᠭᠤᠰᠤᠭᠰᠠᠨ ᠤ ᠳᠠᠷᠠᠭ᠎ᠠ  ᠪᠢᠷ ᠤᠨ ᠰᠢᠯᠭᠠᠯᠲᠠ ᠶᠢᠨ ᠰᠢᠯᠭᠠᠯᠲᠠ ᠡᠬᠢᠯᠡᠬᠦ ᠬᠠᠷᠢᠴᠠᠯ ᠳᠤ ᠬᠦᠷᠬᠦ ᠦᠭᠡᠢ ᠪᠣᠯ ᠡᠯᠰᠡᠬᠦ ᠬᠥᠮᠥᠨ ᠤ ᠲᠤᠭ᠎ᠠ ᠶᠢ ᠵᠣᠬᠢᠴᠠᠩᠭᠤᠢ ᠪᠠᠷ ᠪᠠᠭᠠᠰᠬᠠᠬᠤ ᠪᠤᠶᠤ ᠰᠢᠯᠭᠠᠯᠲᠠ ᠡᠬᠢᠯᠡᠬᠦ ᠶᠢ ᠬᠦᠴᠦᠨ ᠦᠭᠡᠢ ᠪᠣᠯᠭᠠᠵᠤ᠂ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠨᠡᠶᠢᠲᠡᠯᠡᠨ᠎ᠡ᠃ ᠰᠢᠯᠭᠠᠯᠲᠠ ᠶᠢᠨ ᠬᠠᠷᠢᠴᠠᠯ ᠳᠤ ᠭᠦᠷᠦᠭᠰᠡᠨ ᠦᠭᠡᠢ ᠠᠴᠠ ᠪᠣᠯᠵᠤ ᠰᠢᠯᠭᠠᠯᠲᠠ ᠶᠢᠨ ᠠᠵᠢᠯ ᠤᠨ ᠪᠠᠶᠢᠷᠢ ᠪᠠᠨ ᠬᠠᠰᠤᠭᠤᠯᠤᠭᠰᠠᠨ ᠤᠷᠢᠭᠳᠠᠭᠴᠢ ᠨᠢ ᠥᠭᠡᠷᠡᠴᠢᠯᠡᠨ ᠮᠡᠳᠡᠭᠦᠯᠬᠦ ᠪᠤᠶᠤ ᠨᠡᠷ᠎ᠡ ᠮᠡᠳᠡᠭᠦᠯᠬᠦ ᠪᠠᠨ ᠪᠣᠯᠢᠵᠤ ᠪᠣᠯᠣᠨ᠎ᠠ᠂ ᠥᠭᠡᠷᠡᠴᠢᠯᠡᠨ ᠮᠡᠳᠡᠭᠦᠯᠬᠦ ᠴᠠᠭ ᠨᠢ 2023 ᠣᠨ ᠤ 3 ᠰᠠᠷ᠎ᠠ ᠶᠢᠨ 31 ᠤ ᠡᠳᠦᠷ ᠤᠨ14᠄ 00 ︱ 17᠄ 00 ᠪᠣᠯᠣᠨ᠎ᠠ᠂ ᠥᠭᠡᠷᠡᠴᠢᠯᠡᠨ ᠮᠡᠳᠡᠭᠦᠯᠬᠦ ᠴᠠᠭ ᠨᠢ 2023 ᠣᠨ ᠤ 3 ᠰᠠᠷ᠎ᠠ ᠶᠢᠨ 31 ᠤ ᠡᠳᠦᠷ ᠤᠨ 14᠄ 00 ︱ 17᠄ 00 ᠪᠣᠯᠣᠨ᠎ᠠ︔ ᠥᠭᠡᠷᠡᠴᠢᠯᠡᠨ ᠮᠡᠳᠡᠭᠦᠯᠬᠦ ᠬᠢᠷᠢ ᠬᠡᠮ ᠤᠨ ᠠᠩᠬᠠᠨ ᠤ ᠬᠢᠨᠠᠯᠲᠠ ᠶᠢᠨ ᠳᠠᠭᠤᠰᠬᠤ ᠴᠠᠭ ᠨᠢ 2023 ᠣᠨ ᠤ 3 ᠰᠠᠷ᠎ᠠ ᠶᠢᠨ 31 ᠤ ᠡᠳᠦᠷ ᠤᠨ18᠄ 00 ᠪᠣᠯᠣᠨ᠎ᠠ᠃      ︵2︶ ᠨᠡᠷ᠎ᠡ ᠮᠡᠳᠡᠭᠦᠯᠬᠦ ᠠᠷᠭ᠎ᠠ ᠮᠠᠶ᠋ᠢᠭ᠄ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠨᠡᠷ᠎ᠡ ᠮᠡᠳᠡᠭᠦᠯᠬᠦ ᠰᠦᠯᠵᠢᠶ᠎ᠡ᠄ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠰᠦᠯᠵᠢᠶ᠎ᠡ ︵ᠰᠦᠯᠵᠢᠶᠡᠨ ᠤ ᠬᠠᠶ᠋ᠢᠭ http://www.impta.com.cn︶᠃      ︵ 3 ︶ ᠤᠷᠢᠭᠳᠠᠬᠤ ᠬᠥᠮᠥᠨ ᠨᠢᠭᠡᠪᠦᠷᠢ ᠨᠢᠭᠡ ᠯᠡ ᠠᠵᠢᠯ ᠤᠨ ᠪᠠᠶᠢᠷᠢ ᠳᠤ ᠤᠷᠢᠭᠳᠠᠵᠤ ᠪᠣᠯᠣᠨ᠎ᠠ ᠃ ᠨᠡᠷ᠎ᠡ ᠮᠡᠳᠡᠭᠦᠯᠬᠦ ᠦᠶ᠎ᠡ ᠳᠤ᠂ ᠤᠷᠢᠭᠳᠠᠭᠰᠠᠳ ᠡᠷᠬᠡᠪᠰᠢ ᠤᠷᠢᠳ ᠢᠶᠠᠷ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ︽ᠰᠢᠯᠭᠠᠭᠤᠯᠤᠭᠴᠢ ᠶᠢᠨ ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ︾ ᠳᠡᠭᠡᠷ᠎ᠡ ᠭᠠᠷ ᠤᠨ ᠥᠰᠥᠭ ᠵᠢᠷᠤᠵᠤ᠂ ᠳᠠᠷᠠᠭ᠎ᠠ ᠨᠢ ᠱᠠᠭᠠᠷᠳᠠᠯᠭ᠎ᠠ ᠶᠣᠰᠣᠭᠠᠷ ︽ᠨᠡᠷ᠎ᠡ ᠮᠡᠳᠡᠭᠦᠯᠬᠦ ᠪᠦᠷᠢᠳᠬᠡᠯ ᠤᠨ ᠬᠦᠰᠦᠨᠦᠭᠲᠦ︾ ᠶᠢᠨ ᠮᠡᠳᠡᠭᠡ ᠵᠠᠩᠭᠢ ᠶᠢ ᠲᠠᠭᠯᠠᠨ ᠪᠢᠴᠢᠬᠦ ᠶᠢᠨ ᠬᠠᠮᠲᠤ ᠲᠣᠰ ᠬᠥᠮᠥᠨ ᠤ ᠣᠶᠢᠷ᠎ᠠ ᠶᠢᠨ ᠬᠤᠭᠤᠴᠠᠭᠠᠨ ᠤ ᠨᠢᠭᠤᠷ ᠲᠠᠯ᠎ᠠ ᠶᠢᠨ ᠮᠠᠯᠠᠭᠠᠢ ᠦᠭᠡᠢ 2 ᠶᠢᠨ ᠲᠤᠭᠠᠴᠢᠯᠠᠭᠰᠠᠨ ᠬᠡᠷᠡᠯ ᠵᠢᠷᠤᠭ ︵jpg ᠬᠡᠯᠪᠡᠷᠢ᠂ ᠶᠡᠭᠡ ᠪᠠᠭ᠎ᠠ ᠨᠢ 20KB ᠠᠴᠠ ᠳᠣᠷᠣᠭᠰᠢ︶ ᠢ ᠳᠡᠭᠡᠭᠰᠢ ᠳᠠᠮᠵᠢᠭᠤᠯᠬᠤ ᠬᠡᠷᠡᠭᠲᠡᠢ᠃      ︵4︶ ᠤᠷᠢᠭᠳᠠᠭᠰᠠᠳ ᠲᠣᠪᠴᠢ ᠨᠠᠮᠲᠠᠷ ᠢᠶᠠᠨ ᠲᠠᠭᠯᠠᠬᠤ ᠳᠤ ᠪᠠᠨ ᠡᠷᠬᠡᠪᠰᠢ ᠲᠤᠰᠬᠠᠢ ᠠᠩᠭᠢ ︵ᠵᠢᠩᠬᠢᠨᠢ ᠠᠩᠭᠢ︶ ᠠᠴᠠ ᠲᠡᠭᠦᠰᠦᠭᠰᠡᠨ ᠠᠴᠠ ᠣᠲᠣ ᠪᠣᠯᠲᠠᠯᠠᠬᠢ ᠪᠥᠬᠦ ᠥᠩᠭᠡᠷᠡᠯᠲᠡ ᠪᠠᠨ ᠪᠦᠷᠢᠨ ᠪᠦᠲᠦᠨ ᠲᠠᠭᠯᠠᠬᠤ ᠬᠡᠷᠡᠭᠲᠡᠢ᠂ ᠴᠠᠭ ᠬᠤᠭᠤᠴᠠᠭ᠎ᠠ ᠶᠢ ᠨᠢ ᠲᠠᠰᠤᠯᠳᠠᠭᠤᠯᠵᠤ ᠪᠣᠯᠬᠤ ᠦᠭᠡᠢ ᠪᠤᠶᠤ ᠬᠤᠭᠤᠰᠤᠨ ᠪᠠᠶᠢᠯᠭᠠᠵᠤ ᠪᠣᠯᠬᠤ ᠦᠭᠡᠢ᠂ ᠱᠠᠭᠠᠷᠳᠠᠯᠭ᠎ᠠ ᠶᠣᠰᠣᠭᠠᠷ ᠲᠠᠭᠯᠠᠵᠤ ᠪᠢᠴᠢᠬᠦ ᠦᠭᠡᠢ ᠪᠤᠶᠤ ᠴᠠᠭ ᠬᠤᠭᠤᠴᠠᠭ᠎ᠠ ᠶᠢ ᠨᠢ ᠲᠠᠰᠤᠯᠳᠠᠭᠤᠯᠤᠭᠰᠠᠨ ᠪᠣᠯ ᠬᠢᠨᠠᠨ ᠬᠠᠷᠭᠤᠭᠤᠯᠵᠤ ᠪᠠᠲᠤᠯᠠᠬᠤ ᠦᠭᠡᠢ᠃      ᠰᠤᠷᠤᠯᠴᠠᠭᠰᠠᠨ ᠥᠩᠭᠡᠷᠡᠯᠲᠡ᠄ ᠰᠤᠷᠭᠠᠭᠤᠯᠢ ᠳᠤ ᠣᠷᠣᠬᠤ ︵ᠲᠤᠰᠬᠠᠢ ᠠᠩᠭᠢ᠂ ᠵᠢᠩᠬᠢᠨᠢ ᠠᠩᠭᠢ ᠪᠠ ᠠᠰᠫᠢᠷᠠᠨᠲ︶ ᠶᠢᠨ ᠡᠬᠢᠯᠡᠯ ᠲᠡᠭᠦᠰᠬᠡᠯ ᠤᠨ ᠣᠨ ᠰᠠᠷ᠎ᠠ᠂ ᠳᠡᠭᠡᠳᠦ ᠰᠤᠷᠭᠠᠭᠤᠯᠢ᠂ ᠰᠠᠯᠪᠤᠷᠢ᠂ ᠲᠤᠰᠬᠠᠢ ᠮᠡᠷᠭᠡᠵᠢᠯ᠂ ᠡᠷᠳᠡᠮ ᠤᠨ ᠴᠣᠯᠠ ︵ᠬᠤᠶᠠᠳᠤᠭᠠᠷ ᠡᠷᠳᠡᠮ ᠤᠨ ᠴᠣᠯᠠ᠂ ᠬᠤᠣᠰ ᠡᠷᠳᠡᠮ ᠤᠨ ᠴᠣᠯᠠ᠂  ᠬᠠᠪᠰᠤᠷᠭᠠᠨ ᠰᠤᠷᠬᠤ ᠡᠷᠳᠡᠮ ᠤᠨ ᠴᠣᠯᠠ ᠵᠢᠴᠢ ᠲᠤᠰᠬᠠᠢ ᠮᠡᠷᠭᠡᠵᠢᠯ ᠪᠠᠭᠲᠠᠨ᠎ᠠ︶ ᠶᠢ ᠲᠠᠭᠯᠠᠨ ᠪᠢᠴᠢᠬᠦ ᠬᠡᠷᠡᠭᠲᠡᠢ ᠃      ᠠᠵᠢᠯ ᠤᠨ ᠲᠣᠪᠴᠢ ᠨᠠᠮᠲᠠᠷ᠄ 2023 ᠣᠨ ᠤ 3 ᠰᠠᠷ᠎ᠠ ᠶᠢᠨ 21 ᠤ ᠡᠳᠦᠷ ᠪᠣᠯᠲᠠᠯᠠᠬᠢ ᠠᠵᠢᠯ ᠤᠨ ᠥᠩᠭᠡᠷᠡᠯᠲᠡ ᠳᠤ᠂ ᠠᠵᠢᠯ ᠤᠨ ᠡᠬᠢᠯᠡᠯᠲᠡ ᠶᠢᠨ ᠣᠨ ᠰᠠᠷ᠎ᠠ᠂ ᠠᠵᠢᠯ ᠪᠤᠶᠤ ᠦᠢᠯᠡᠴᠢᠯᠡᠭᠡᠨ ᠤ ᠨᠢᠭᠡᠴᠢ᠂ ᠡᠷᠭᠢᠯᠡᠵᠦ ᠪᠠᠶᠢᠭ᠎ᠠ ᠠᠵᠢᠯ ᠢᠶᠠᠨ ᠲᠠᠭᠯᠠᠨ ᠪᠢᠴᠢᠬᠦ ᠬᠡᠷᠡᠭᠲᠡᠢ ᠃ ᠠᠵᠢᠯ ᠦᠢᠯᠡᠰ ᠤᠨ ᠨᠢᠭᠡᠴᠢ ᠶᠢᠨ ᠣᠷᠣᠨ ᠲᠤᠭ᠎ᠠ ᠶᠢ ᠨᠢᠭᠡᠨᠲᠡ ᠵᠢᠭᠰᠠᠭᠠᠵᠤ ᠤᠷᠢᠨ ᠬᠡᠷᠡᠭᠯᠡᠭᠰᠡᠨ ᠪᠠᠶᠢᠪᠠᠯ ︽ᠲᠤᠷᠰᠢᠨ ᠬᠡᠷᠡᠭᠯᠡᠬᠦ ᠬᠤᠭᠤᠴᠠᠭ᠎ᠠ ᠠᠴᠠ ᠨᠢᠭᠡᠨᠲᠡ ᠥᠩᠭᠡᠷᠡᠭᠰᠡᠨ︾ ᠭᠡᠵᠦ ᠲᠣᠳᠣᠷᠬᠠᠶᠢᠯᠠᠬᠤ ᠬᠡᠷᠡᠭᠲᠡᠢ᠃      ᠠᠵᠢᠯ ᠣᠯᠣᠭᠠᠳᠤᠢ ᠥᠩᠭᠡᠷᠡᠯᠲᠡ ᠄ ᠠᠵᠢᠯ ᠣᠯᠣᠭᠠᠳᠤᠢ ᠬᠤᠭᠤᠴᠠᠭᠠᠨ ᠳᠠᠬᠢ ᠥᠩᠭᠡᠷᠡᠯᠲᠡ ᠶᠢ ᠡᠬᠢᠯᠡᠯ ᠲᠡᠭᠦᠰᠬᠡᠯ ᠤᠨ ᠣᠨ ᠰᠠᠷ᠎ᠠ ᠶᠢ ᠲᠠᠭᠯᠠᠨ ᠪᠢᠴᠢᠬᠦ ᠶᠢᠨ ᠬᠠᠮᠲᠤ ︽ ᠠᠵᠢᠯ ᠬᠦᠯᠢᠶᠡᠭᠰᠡᠨ︾ ᠭᠡᠵᠦ ᠲᠣᠳᠣᠷᠬᠠᠶᠢᠯᠠᠨ᠎ᠠ ᠃      ︵5︶ ᠤᠷᠢᠭᠳᠠᠭᠰᠠᠳ ᠪᠢᠷ ᠤᠨ ᠰᠢᠯᠭᠠᠯᠲᠠ ᠶᠢᠨ ᠴᠡᠭ ᠢ ᠥᠪᠡᠰᠦᠪᠡᠨ ᠰᠣᠩᠭᠤᠬᠤ ᠪᠥᠭᠡᠳ ᠨᠡᠷ᠎ᠡ ᠮᠡᠳᠡᠭᠦᠯᠬᠦ ᠦᠶ᠎ᠡ ᠲᠤ ᠪᠠᠨ ᠲᠣᠳᠣᠯᠠᠨ᠎ᠠ᠃ ᠪᠢᠷ ᠤᠨ ᠰᠢᠯᠭᠠᠯᠲᠠ ᠶᠢᠨ ᠭᠠᠵᠠᠷ ᠢ ᠰᠣᠩᠭᠤᠨ ᠲᠣᠭᠲᠠᠭᠠᠭᠰᠠᠨ ᠤ ᠳᠠᠷᠠᠭ᠎ᠠ ᠬᠤᠪᠢᠷᠠᠭᠤᠯᠵᠤ ᠪᠣᠯᠬᠤ ᠦᠭᠡᠢ ᠃      ︵6︶ ᠤᠷᠢᠭᠳᠠᠭᠰᠠᠳ ᠲᠠᠭᠯᠠᠭᠰᠠᠨ ᠮᠡᠳᠡᠭᠡ ᠵᠠᠩᠭᠢ ᠨᠢᠭᠡᠪᠦᠷᠢ ᠪᠠᠨ ᠳᠠᠬᠢᠨ ᠳᠠᠪᠲᠠᠨ ᠬᠠᠷᠭᠤᠭᠤᠯᠤᠭᠰᠠᠨ ᠤ ᠳᠠᠷᠠᠭ᠎ᠠ ᠴᠥᠮ ᠵᠥᠪ ᠣᠨᠣᠪᠴᠢᠲᠠᠶ ᠲᠤᠰᠢᠶᠠᠭᠰᠠᠨ ᠤ ᠳᠠᠷᠠᠭ᠎ᠠ ᠳᠠᠷᠤᠪᠴᠢ ᠶᠢ ᠳᠠᠷᠤᠵᠤ ᠲᠤᠰᠢᠶᠠᠨ᠎ᠠ᠃ ᠮᠡᠳᠡᠭᠡ ᠵᠠᠩᠭᠢ ᠪᠠᠨ ᠲᠤᠰᠢᠶᠠᠭᠰᠠᠨ ᠤ ᠳᠠᠷᠠᠭ᠎ᠠ᠂ ᠨᠡᠷ᠎ᠡ ᠮᠡᠳᠡᠭᠦᠯᠦᠭᠴᠢ ᠶᠢᠨ ᠣᠪᠣᠭ ᠨᠡᠷ᠎ᠡ ᠪᠠ ᠪᠡᠶ᠎ᠡ ᠶᠢᠨ ᠦᠨᠡᠮᠯᠡᠯ ᠤᠨ ᠨᠣᠮᠧᠷ ᠲᠤ ᠵᠠᠰᠠᠪᠤᠷᠢ ᠣᠷᠣᠭᠤᠯᠬᠤ ᠶᠢᠨ ᠠᠷᠭ᠎ᠠ ᠦᠭᠡᠢ ᠪᠣᠯᠣᠨ᠎ᠠ᠃ ᠰᠢᠯᠭᠠᠯᠲᠠ ᠳᠤ ᠨᠡᠷ᠎ᠡ ᠮᠡᠳᠡᠭᠦᠯᠦᠭᠰᠡᠳ ᠠᠴᠠ ᠰᠦᠢᠳᠬᠡᠯ ᠲᠤᠰᠢᠶᠠᠭᠰᠠᠨ ᠤ ᠳᠠᠷᠠᠭ᠎ᠠ ᠴᠠᠭ ᠲᠤᠬᠠᠢ ᠳᠤ  ᠨᠢ ︽ᠨᠡᠷ᠎ᠡ ᠮᠡᠳᠡᠭᠦᠯᠬᠦ ᠬᠦᠰᠦᠨᠦᠭᠲᠦ︾ ᠶᠢ ᠳᠠᠷᠤᠮᠠᠯᠯᠠᠬᠤ ᠶᠢᠨ ᠬᠠᠮᠲᠤ ᠲᠣᠬᠢᠲᠠᠢ ᠬᠠᠳᠠᠭᠠᠯᠠᠬᠤ ᠬᠡᠷᠡᠭᠲᠡᠢ᠃      2.ᠬᠢᠷᠢ ᠬᠡᠮ ᠤᠨ ᠠᠩᠬᠠᠨ ᠤ ᠬᠢᠨᠠᠯᠲᠠ ᠵᠢᠴᠢ ᠰᠦᠢᠳᠬᠡᠯ ᠲᠤᠰᠢᠶᠠᠬᠤ      ︵1︶ ᠬᠢᠷᠢ ᠬᠡᠮ ᠤᠨ ᠠᠩᠬᠠᠨ ᠤ ᠬᠢᠨᠠᠯᠲᠠ ᠶᠢ ᠠᠵᠢᠯᠲᠠᠨ ᠤᠷᠢᠨ ᠬᠡᠷᠡᠭᠯᠡᠬᠦ ᠨᠢᠭᠡᠴᠢ ᠠᠴᠠ ᠬᠠᠷᠢᠭᠤᠴᠠᠵᠤ᠂ ᠰᠦᠯᠵᠢᠶᠡᠨ ᠳᠡᠭᠡᠷ᠎ᠡ ᠬᠢᠨ᠎ᠡ᠃ ᠤᠷᠢᠨ ᠬᠡᠷᠡᠭᠯᠡᠬᠦ ᠨᠢᠭᠡᠴᠢ  ᠨᠢ ᠤᠷᠢᠭᠳᠠᠭᠰᠠᠳ ᠨᠡᠷ᠎ᠡ ᠮᠡᠳᠡᠭᠦᠯᠦᠭᠰᠡᠨ ᠤ ᠳᠠᠷᠠᠭ᠎ᠠ 2 ᠡᠳᠦᠷ ᠤᠨ ᠳᠣᠲᠣᠷ᠎ᠠ ᠬᠢᠨᠠᠨ ᠪᠠᠶᠢᠴᠠᠭᠠᠭᠰᠠᠨ ᠰᠠᠨᠠᠯ ᠢᠶᠠᠨ ᠳᠤᠷᠠᠳᠬᠤ ᠬᠡᠷᠡᠭᠲᠡᠢ᠃ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠬᠢᠷᠢ ᠬᠡᠮ ᠢ ᠬᠢᠨᠠᠨ ᠬᠠᠷᠭᠤᠭᠤᠯᠬᠤ ᠬᠦᠰᠦᠨᠦᠭ ᠲᠤ ᠤᠴᠢᠷ ᠰᠢᠯᠲᠠᠭᠠᠨ ᠢᠶᠠᠨ ᠲᠥᠬᠦᠮ ᠲᠣᠳᠣᠷᠬᠠᠶᠢᠯᠠᠬᠤ ᠬᠡᠷᠡᠭᠲᠡᠢ︔ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ ᠨᠢ ᠪᠦᠷᠢᠨ ᠪᠤᠰᠤ ᠪᠤᠶᠤ ᠮᠠᠳᠠᠭ ᠲᠠᠢ ᠪᠠᠶᠢᠪᠠᠯ᠂ ᠴᠠᠭ ᠲᠤᠬᠠᠢ ᠳᠤ  ᠨᠢ ᠤᠷᠢᠭᠳᠠᠭᠰᠠᠳ ᠲᠤ ᠪᠤᠴᠠᠭᠠᠨ ᠥᠭᠴᠦ ᠨᠥᠬᠦᠪᠦᠷᠢᠯᠡᠭᠦᠯᠬᠦ ᠪᠤᠶᠤ ᠲᠣᠳᠣᠷᠬᠠᠶᠢᠯᠠᠭᠤᠯᠬᠤ ᠬᠡᠷᠡᠭᠲᠡᠢ᠃      ︵2︶ ︽ ᠤᠷᠢᠨ ᠬᠡᠷᠡᠭᠯᠡᠬᠦ ᠠᠵᠢᠯ ᠤᠨ ᠪᠠᠶᠢᠷᠢ ᠶᠢᠨ ᠬᠦᠰᠦᠨᠦᠭᠲᠦ︾ ᠳᠤ ᠬᠤᠯᠪᠣᠭᠳᠠᠬᠤ ᠰᠤᠷᠤᠯᠭ᠎ᠠ ᠶᠢᠨ ᠨᠠᠮᠲᠠᠷ᠂ ᠰᠢᠨᠵᠢᠯᠡᠭᠡᠨ ᠤ ᠰᠠᠯᠠᠭ᠎ᠠ᠂ ᠲᠤᠰᠬᠠᠢ ᠮᠡᠷᠭᠡᠵᠢᠯ ᠵᠡᠷᠭᠡ ᠬᠢᠷᠢ ᠬᠡᠮ ᠤᠨ ᠨᠥᠬᠦᠴᠡᠯ ᠤᠨ ᠲᠠᠯ᠎ᠠ ᠶᠢᠨ ᠠᠰᠠᠭᠤᠳᠠᠯ ᠢ ᠠᠵᠢᠯᠲᠠᠨ ᠤᠷᠢᠨ ᠬᠡᠷᠡᠭᠯᠡᠬᠦ ᠨᠢᠭᠡᠴᠢ ᠠᠴᠠ ᠬᠠᠷᠢᠭᠤᠴᠠᠨ ᠲᠠᠶᠢᠯᠪᠤᠷᠢᠯᠠᠨ᠎ᠠ᠃      ︵3︶ ᠤᠷᠢᠭᠳᠠᠭᠰᠠᠳ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠪᠠᠨ ᠠᠮᠵᠢᠯᠲᠠ ᠲᠠᠢ ᠲᠤᠰᠢᠶᠠᠭᠰᠠᠨ ᠤ ᠳᠠᠷᠠᠭ᠎ᠠ᠂ ᠠᠩᠬᠠᠨ ᠤ ᠬᠢᠨᠠᠯᠲᠠ ᠶᠢᠨ ᠦᠷ᠎ᠡ ᠳ᠋ᠦᠩ ᠢ ᠴᠠᠭ ᠲᠤᠬᠠᠢ ᠳᠤ  ᠨᠢ ᠪᠠᠶᠢᠴᠠᠭᠠᠨ ᠯᠠᠪᠯᠠᠬᠤ ᠬᠡᠷᠡᠭᠲᠡᠢ᠃ ᠠᠩᠬᠠᠨ ᠤ ᠬᠢᠨᠠᠯᠲᠠ ᠳᠤ ᠪᠠᠲᠤᠯᠠᠭᠰᠠᠨ ᠪᠠᠶᠢᠪᠠᠯ᠂ ᠪᠤᠰᠤᠳ ᠠᠵᠢᠯ ᠤᠨ ᠪᠠᠶᠢᠷᠢ ᠳᠤ ᠳᠠᠭᠢᠵᠤ ᠮᠡᠳᠡᠭᠦᠯᠵᠦ ᠪᠣᠯᠬᠤ ᠦᠭᠡᠢ᠃      ︵ 4 ︶ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠬᠥᠮᠥᠨ ᠡᠷᠬᠡᠪᠰᠢ ᠱᠠᠭᠠᠷᠳᠠᠯᠭ᠎ᠠ ᠶᠣᠰᠣᠭᠠᠷ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠬᠡᠷᠡᠭᠲᠡᠢ ᠃ ᠰᠦᠢᠳᠬᠡᠯ ᠲᠤᠰᠢᠶᠠᠭᠰᠠᠨ ᠤ ᠳᠠᠷᠠᠭ᠎ᠠ ᠨᠡᠷ᠎ᠡ ᠮᠡᠳᠡᠭᠦᠯᠦᠭᠡᠳ ᠠᠮᠵᠢᠯᠲᠠ ᠣᠯᠣᠭᠰᠠᠨ ᠢ ᠨᠤᠲᠠᠯᠠᠨ᠎ᠠ᠃ ᠰᠢᠯᠭᠠᠯᠲᠠ ᠶᠢᠨ ᠰᠦᠢᠳᠬᠡᠯ  ᠨᠢ 120 ᠲᠥᠭᠦᠷᠢᠭ ︵ᠬᠥᠮᠥᠨ ᠪᠦᠷᠢ ᠬᠢᠴᠢᠶᠡᠯ ᠲᠥᠷᠥᠯ ᠪᠦᠷᠢ ᠳᠤ 50 ᠲᠥᠭᠦᠷᠢᠭ᠂ ᠨᠡᠷ᠎ᠡ ᠮᠡᠳᠡᠭᠦᠯᠬᠦ ᠰᠦᠢᠳᠬᠡᠯ  ᠨᠢ 20 ᠲᠥᠭᠦᠷᠢᠭ︶ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠬᠦᠷᠢᠶᠡᠯᠡᠩ ᠳᠤ ᠨᠠᠶᠢᠳᠠᠵᠤ ᠥᠪᠡᠷᠲᠡᠭᠡᠨ ᠵᠠᠰᠠᠬᠤ ᠣᠷᠣᠨ ᠤ ᠣᠲᠣ ᠶᠢᠨ ᠬᠡᠷᠡᠭᠵᠢᠭᠦᠯᠵᠦ ᠪᠠᠶᠢᠭ᠎ᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠰᠦᠢᠳᠬᠡᠯ ᠲᠤᠰᠢᠶᠠᠬᠤ ᠳᠠᠭᠤᠰᠬᠤ ᠴᠠᠭ ᠠᠴᠠ ᠡᠮᠦᠨ᠎ᠡ ᠰᠦᠢᠳᠬᠡᠯ ᠲᠤᠰᠢᠶᠠᠵᠤ ᠳᠠᠭᠤᠰᠬᠠᠭᠰᠠᠨ ᠦᠭᠡᠢ ᠪᠠᠶᠢᠪᠠᠯ ᠰᠢᠯᠭᠠᠯᠲᠠ ᠳᠤ ᠨᠡᠷ᠎ᠡ ᠮᠡᠳᠡᠭᠦᠯᠬᠦ ᠪᠠᠨ ᠪᠣᠯᠢᠭᠰᠠᠨ ᠢᠶᠠᠷ ᠦᠵᠡᠵᠦ᠂ ᠪᠢᠷ ᠤᠨ ᠰᠢᠯᠭᠠᠯᠲᠠ ᠳᠤ ᠰᠠᠭᠠᠲᠠᠭᠰᠠᠨ ᠪᠠᠶᠢᠪᠠᠯ ᠰᠦᠢᠳᠬᠡᠯ   ᠢ ᠪᠤᠴᠠᠭᠠᠬᠤ ᠦᠭᠡᠢ᠃      2023 ᠣᠨ ᠳᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠲᠣᠰ ᠬᠤᠭᠤᠴᠠᠭᠠᠨ ᠤ ᠲᠡᠭᠦᠰᠬᠦ ᠰᠣᠷᠣᠭᠴᠢ ︵ᠲᠤᠰᠬᠠᠢ ᠠᠩᠭᠢ᠂ ᠵᠢᠩᠬᠢᠨᠢ ᠠᠩᠭᠢ᠂ ᠠᠰᠫᠢᠷᠠᠨᠲ ᠪᠠᠭᠲᠠᠨ᠎ᠠ︶  ᠨᠢ ᠰᠢᠯᠭᠠᠯᠲᠠ ᠳᠤ ᠨᠡᠷ᠎ᠡ ᠮᠡᠳᠡᠭᠦᠯᠬᠦ ᠰᠦᠢᠳᠬᠡᠯ ᠲᠤᠰᠢᠶᠠᠬᠤ ᠦᠭᠡᠢ ᠪᠠᠶᠢᠵᠤ ᠪᠣᠯᠣᠨ᠎ᠠ᠂ 2022 ᠣᠨ ᠳᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠲᠡᠭᠦᠰᠬᠦ ᠰᠣᠷᠣᠭᠴᠢ ︵ᠲᠤᠰᠬᠠᠢ ᠠᠩᠭᠢ᠂ ᠵᠢᠩᠬᠢᠨᠢ ᠠᠩᠭᠢ᠂ ᠠᠰᠫᠢᠷᠠᠨᠲ ᠪᠠᠭᠲᠠᠨ᠎ᠠ︶ ᠠᠴᠠ ᠬᠠᠭᠠᠰ ᠢᠶᠠᠷ ᠬᠠᠰᠤᠵᠤ ᠬᠤᠷᠢᠶᠠᠨ᠎ᠠ᠂ ᠡᠨᠡ ᠬᠤᠶᠠᠷ ᠲᠥᠷᠥᠯ ᠤᠨ ᠤᠷᠢᠭᠳᠠᠭᠰᠠᠳ ᠤᠨ ᠰᠢᠯᠭᠠᠯᠲᠠ ᠳᠤ ᠨᠡᠷ᠎ᠡ ᠮᠡᠳᠡᠭᠦᠯᠬᠦ ᠰᠦᠢᠳᠬᠡᠯ ᠢ ᠬᠠᠰᠤᠵᠤ ᠬᠡᠯᠲᠦᠷᠢᠭᠦᠯᠬᠦ ᠳᠤ ᠤᠷᠢᠳ ᠢᠶᠠᠷ ᠲᠤᠰᠢᠶᠠᠵᠤ ᠳᠠᠷᠠᠭ᠎ᠠ ᠨᠢ ᠪᠤᠴᠠᠭᠠᠬᠤ ᠠᠷᠭ᠎ᠠ ᠮᠠᠶ᠋ᠢᠭ ᠢ ᠬᠡᠷᠡᠭᠯᠡᠨ᠎ᠡ᠃ ᠰᠢᠯᠭᠠᠯᠲᠠ ᠳᠤ ᠣᠷᠣᠯᠴᠠᠭᠰᠠᠳ ᠪᠢᠷ ᠤᠨ ᠰᠢᠯᠭᠠᠯᠲᠠ ᠳᠠᠭᠤᠰᠤᠭᠰᠠᠨ ᠤ ᠳᠠᠷᠠᠭᠠᠬᠢ 20 ᠡᠳᠦᠷ ᠤᠨ ᠳᠣᠲᠣᠷ᠎ᠠ᠂ ᠨᠡᠷ᠎ᠡ ᠮᠡᠳᠡᠭᠦᠯᠬᠦ ᠰᠦᠯᠵᠢᠶᠡᠨ ᠥᠷᠲᠡᠭᠡᠨ ᠠᠴᠠ ︽ᠨᠡᠷ᠎ᠡ ᠮᠡᠳᠡᠭᠦᠯᠬᠦ ᠰᠦᠢᠳᠬᠡᠯ ᠢ ᠬᠠᠰᠤᠵᠤ ᠬᠡᠯᠲᠦᠷᠢᠭᠦᠯᠬᠦ ᠭᠤᠶᠤᠴᠢᠯᠠᠯ ᠤᠨ ᠬᠦᠰᠦᠨᠦᠭᠲᠦ︾ ᠶᠢ ᠪᠠᠭᠤᠯᠭᠠᠨ ᠲᠠᠭᠯᠠᠵᠤ᠂ ᠡᠭᠦᠨ ᠤ ᠬᠠᠮᠲᠤ ᠲᠣᠰ ᠬᠥᠮᠥᠨ ᠤ ᠪᠡᠶ᠎ᠡ ᠶᠢᠨ ᠦᠨᠡᠮᠯᠡᠯ ᠪᠠ ᠰᠤᠷᠭᠠᠭᠤᠯᠢ ᠲᠡᠭᠦᠰᠦᠭᠰᠡᠨ ᠦᠨᠡᠮᠯᠡᠯ ︵2023 ᠣᠨ ᠳᠤ ᠲᠣᠰ ᠬᠤᠭᠤᠴᠠᠭᠠᠨ ᠤ ᠰᠤᠷᠭᠠᠭᠤᠯᠢ ᠲᠡᠭᠦᠰᠦᠭᠰᠡᠨ ᠰᠣᠷᠣᠭᠴᠢ ᠰᠤᠷᠭᠠᠭᠤᠯᠢ ᠲᠡᠭᠦᠰᠦᠭᠰᠡᠨ ᠦᠨᠡᠮᠯᠡᠯ ᠣᠯᠣᠭᠰᠠᠨ ᠦᠭᠡᠢ ᠪᠠᠶᠢᠪᠠᠯ᠂ ᠪᠠᠶᠢᠭ᠎ᠠ ᠳᠡᠭᠡᠳᠦ ᠰᠤᠷᠭᠠᠭᠤᠯᠢ ︿ᠰᠠᠯᠪᠤᠷᠢ﹀ ᠪᠠ ᠰᠤᠷᠭᠠᠭᠤᠯᠢ ᠶᠢᠨ ᠬᠢᠴᠢᠶᠡᠯ ᠬᠥᠮᠦᠵᠢᠯ ᠤᠨ ᠭᠠᠵᠠᠷ ︿ᠠᠰᠫᠢᠷᠠᠨᠲ ᠤᠨ ᠬᠦᠷᠢᠶᠡᠯᠡᠩ᠂ ᠭᠠᠵᠠᠷ﹀ ᠤᠨ ᠠᠯᠪᠠᠨ ᠲᠠᠮᠠᠭ᠎ᠠ ᠶᠢ ᠳᠠᠷᠤᠭᠰᠠᠨ ᠭᠡᠷᠡᠴᠢ︶ ᠶᠢᠨ ᠤᠭ ᠮᠠᠲ᠋ᠧᠷᠢᠶᠠᠯ ᠵᠢᠴᠢ ᠬᠠᠭᠤᠯᠪᠤᠷᠢ ᠮᠠᠲ᠋ᠧᠷᠢᠶᠠᠯ ︵ᠨᠡᠷ᠎ᠡ ᠮᠡᠳᠡᠭᠦᠯᠦᠭᠰᠡᠨ ᠳ᠋ᠤᠭᠠᠷ ᠪᠠ ᠬᠠᠷᠢᠯᠴᠠᠬᠤ ᠤᠲᠠᠰᠤ ᠶᠢ ᠲᠣᠳᠣᠷᠬᠠᠶᠢᠯᠠᠨ᠎ᠠ︶ ᠢᠶᠠᠨ ᠠᠪᠴᠤ᠂ ᠠᠵᠢᠯ ᠤᠨ ᠡᠳᠦᠷ ᠲᠤ ᠣᠶᠢᠷ᠎ᠠ ᠬᠠᠪᠢ ᠶᠢᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠪᠠᠶᠢᠭᠤᠯᠤᠮᠵᠢ ᠳᠤ ᠬᠦᠷᠴᠦ ᠬᠢᠨᠠᠨ ᠬᠠᠷᠭᠤᠭᠤᠯᠵᠤ ᠨᠤᠲᠠᠯᠠᠭᠠᠳ ᠰᠦᠢᠳᠬᠡᠯ ᠪᠤᠴᠠᠭᠠᠬᠤ ᠭᠠᠷᠳᠠᠮ ᠭᠦᠢᠴᠡᠳᠬᠡᠨ᠎ᠡ᠃ ᠵᠠᠷᠤᠳᠠᠯ ᠢ ᠬᠠᠰᠤᠵᠤ ᠬᠡᠯᠲᠦᠷᠢᠭᠦᠯᠦᠭᠰᠡᠨ ᠤᠷᠢᠭᠳᠠᠭᠰᠠᠳ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠬᠦᠷᠢᠶᠡᠯᠡᠩ ᠠᠴᠠ ᠰᠦᠯᠵᠢᠶᠡᠨ ᠳᠡᠭᠡᠷᠡᠬᠢ ᠪᠠᠩᠬᠢ ᠪᠠᠷ ᠳᠡᠮᠵᠢᠨ ᠲᠤᠰᠢᠶᠠᠭᠰᠠᠨ ᠵᠠᠷᠤᠳᠠᠯ ᠢ ᠤᠷᠢᠭᠳᠠᠭᠰᠠᠳ ᠤᠨ ᠵᠠᠷᠤᠳᠠᠯ ᠲᠤᠰᠢᠶᠠᠭᠰᠠᠨ ᠪᠠᠩᠬᠢ ᠶᠢᠨ ᠲᠠᠩᠰᠠᠨ ᠡᠷᠦᠬᠡ ᠳᠤ ᠠᠶᠠᠨᠳᠠᠭᠠᠨ ᠪᠤᠴᠠᠭᠠᠨ᠎ᠠ᠃      ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ︵ᠲᠥᠷᠥ ᠶᠢᠨ ᠪᠣᠳᠣᠯᠭ᠎ᠠ ᠶᠢ  ᠬᠦᠷᠲᠡᠭᠡᠬᠦ ︶ ᠪᠠ ᠬᠢᠨᠠᠨ ᠰᠢᠯᠭᠠᠬᠤ ᠡᠷᠦᠬᠡ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠦᠷᠲᠡᠵᠦ ᠪᠠᠶᠢᠭ᠎ᠠ ᠭᠡᠷ ᠪᠦᠯᠢ ᠶᠢᠨ ᠤᠷᠢᠭᠳᠠᠭᠰᠠᠳ ᠲᠤ ᠰᠢᠯᠭᠠᠯᠲᠠ ᠳᠤ ᠨᠡᠷ᠎ᠡ ᠮᠡᠳᠡᠭᠦᠯᠬᠦ ᠰᠦᠢᠳᠬᠡᠯ ᠲᠤᠰᠢᠶᠠᠬᠤ ᠠᠴᠠ ᠬᠡᠯᠲᠦᠷᠢᠭᠦᠯᠵᠦ ᠪᠣᠯᠣᠨ᠎ᠠ᠃ ᠡᠨᠡ ᠬᠤᠶᠠᠷ ᠲᠥᠷᠥᠯ ᠤᠨ ᠤᠷᠢᠭᠳᠠᠭᠰᠠᠳ ᠤᠨ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠭᠠᠷᠭᠠᠭᠰᠠᠨ ᠶᠠᠳᠠᠭᠤ ᠠᠴᠠ ᠠᠩᠭᠢᠵᠢᠷᠠᠭᠤᠯᠬᠤ ︵ᠲᠥᠷᠥ ᠶᠢᠨ ᠪᠣᠳᠣᠯᠭ᠎ᠠ  ᠶᠢ ᠬᠦᠷᠲᠡᠭᠡᠬᠦ ︶ ᠪᠠ ᠬᠢᠨᠠᠨ ᠰᠢᠯᠭᠠᠬᠤ ᠡᠷᠦᠬᠡ ᠶᠢᠨ ᠭᠡᠷᠡᠴᠢ᠂ ᠶᠠᠳᠠᠭᠤ ᠠᠴᠠ ᠠᠩᠭᠢᠵᠢᠷᠠᠭᠤᠯᠬᠤ ︵ᠲᠥᠷᠥ ᠶᠢᠨ ᠪᠣᠳᠣᠯᠭ᠎ᠠ  ᠶᠢ  ᠬᠦᠷᠲᠡᠭᠡᠬᠦ ︶ ᠪᠠ ᠬᠢᠨᠠᠨ ᠰᠢᠯᠭᠠᠬᠤ ᠡᠷᠦᠬᠡ ᠶᠢᠨ ᠭᠡᠷ ᠪᠦᠯᠢ ᠶᠢᠨ ᠦᠨᠳᠦᠰᠦᠨ ᠪᠠᠶᠢᠳᠠᠯ ᠤᠨ ᠲᠠᠩᠰᠠ ᠡᠪᠬᠡᠮᠡᠯ ᠤᠨ ᠺᠠᠷᠲ ᠤᠨ ᠬᠠᠭᠤᠯᠪᠤᠷᠢ᠂ ᠪᠠᠶᠢᠭ᠎ᠠ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠭᠠᠷᠭᠠᠭᠰᠠᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷᠡᠴᠢ ᠪᠤᠶᠤ ᠳᠣᠣᠷ᠎ᠠ ᠪᠠᠲᠤᠯᠠᠭ᠎ᠠ ᠶᠢᠨ ᠬᠠᠭᠤᠯᠪᠤᠷᠢ ᠶᠢ ᠤᠷᠢᠭᠳᠠᠭᠰᠠᠳ ᠤᠨ ᠪᠡᠶ᠎ᠡ ᠶᠢᠨ ᠦᠨᠡᠮᠯᠡᠯ ᠤᠨ ᠬᠠᠭᠤᠯᠪᠤᠷᠢ ︵ᠨᠡᠷ᠎ᠡ ᠮᠡᠳᠡᠭᠦᠯᠬᠦ ᠳ᠋ᠤᠭᠠᠷ ᠪᠠ ᠬᠠᠷᠢᠯᠴᠠᠬᠤ ᠤᠲᠠᠰᠤ ᠶᠢ ᠲᠣᠳᠣᠷᠬᠠᠶᠢᠯᠠᠨ᠎ᠠ︶ ᠲᠠᠢ ᠬᠠᠮᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠬᠦᠷᠢᠶᠡᠯᠡᠩ ︵ᠡᠯᠧᠺᠲᠷᠣᠨ ᠢᠮᠧᠯ ᠄ imptasybtf@126.com︶ ᠳᠤ ᠶᠠᠪᠤᠭᠤᠯᠵᠤ᠂ 2023 ᠣᠨ ᠤ 3 ᠰᠠᠷ᠎ᠠ ᠶᠢᠨ 28 ᠤ ᠡᠳᠦᠷ ᠤᠨ 24᠄ 00 ᠴᠠᠭ ᠪᠣᠯᠲᠠᠯ᠎ᠠ ᠶᠠᠪᠤᠭᠤᠯᠵᠤ᠂ ᠬᠢᠨᠠᠨ ᠬᠠᠷᠭᠤᠭᠤᠯᠵᠤ ᠨᠤᠲᠠᠯᠠᠭᠰᠠᠨ ᠤ ᠳᠠᠷᠠᠭ᠎ᠠ᠂ ᠨᠡᠷ᠎ᠡ ᠮᠡᠳᠡᠭᠦᠯᠬᠦ ᠰᠦᠢᠳᠬᠡᠯ ᠲᠤᠰᠢᠶᠠᠬᠤ ᠦᠭᠡᠢ ᠪᠠᠶᠢᠵᠤ ᠪᠣᠯᠣᠨ᠎ᠠ᠃      ︵5︶ ᠨᠡᠷ᠎ᠡ ᠮᠡᠳᠡᠭᠦᠯᠵᠦ ᠲᠡᠶᠢᠯᠦᠭᠰᠡᠨ ᠤᠷᠢᠭᠳᠠᠭᠰᠠᠳ ᠨᠡᠷ᠎ᠡ ᠮᠡᠳᠡᠭᠦᠯᠬᠦ ᠰᠦᠯᠵᠢᠶᠡᠨ ᠳᠤ ᠭᠠᠷᠴᠤ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠢ ᠥᠪᠡᠰᠦᠪᠡᠨ ᠪᠠᠭᠤᠯᠭᠠᠨ ᠠᠪᠴᠤ ᠳᠠᠷᠤᠮᠠᠯᠯᠠᠨ᠎ᠠ᠂ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠢ ᠳᠠᠷᠤᠮᠠᠯᠯᠠᠬᠤ ᠴᠠᠭ ᠬᠤᠭᠤᠴᠠᠭ᠎ᠠ  ᠨᠢ 2023 ᠣᠨ ᠤ 5 ᠰᠠᠷ᠎ᠠ ᠶᠢᠨ 4 ᠤ ᠡᠳᠦᠷ ᠤᠨ 10᠄ 00 ︱ 2023 ᠣᠨ ᠤ 5 ᠰᠠᠷ᠎ᠠ ᠶᠢᠨ 7 ᠤ ᠡᠳᠦᠷ ᠤᠨ 9᠄ 00 ᠪᠣᠯᠲᠠᠯ᠎ᠠ ᠃      3. ᠪᠢᠷ ᠤᠨ ᠰᠢᠯᠭᠠᠯᠲᠠ      ︵1︶ ᠪᠢᠷ ᠤᠨ ᠰᠢᠯᠭᠠᠯᠲᠠ ᠶᠢᠨ ᠰᠢᠯᠭᠠᠯᠲᠠ ᠡᠬᠢᠯᠡᠬᠦ ᠬᠠᠷᠢᠴᠠᠯ ︵ᠰᠦᠢᠳᠬᠡᠯ ᠲᠤᠰᠢᠶᠠᠬᠤ ᠬᠥᠮᠥᠨ ᠤ ᠲᠤᠭ᠎ᠠ ᠬᠢᠭᠡᠳ ᠠᠵᠢᠯ ᠤᠨ ᠪᠠᠶᠢᠷᠢ ᠶᠢᠨ ᠠᠵᠢᠯᠲᠠᠨ ᠡᠯᠰᠡᠬᠦ ᠲᠥᠯᠥᠪᠯᠡᠭᠡ ᠶᠢᠨ ᠲᠣᠭᠠᠨ ᠤ ᠬᠠᠷᠢᠴᠠᠯ︶ ᠨᠢ 3᠄ 1 ᠪᠣᠯᠣᠨ᠎ᠠ᠃      ︵2︶ ᠪᠢᠷ ᠤᠨ ᠰᠢᠯᠭᠠᠯᠲᠠ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠢᠯᠭᠠᠯᠲᠠ ᠶᠢᠨ ᠬᠠᠭᠤᠳᠠᠰᠤ ᠶᠢ ᠰᠣᠩᠭᠤᠭᠰᠠᠨ ᠤᠷᠢᠭᠳᠠᠭᠰᠠᠳ ᠡᠷᠬᠡᠪᠰᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠬᠠᠷᠢᠭᠤᠯᠲᠠ ᠬᠢᠵᠦ᠂ ᠮᠣᠩᠭᠤᠯ ᠦᠭᠡ ᠬᠡᠯᠡ ᠥᠰᠥᠭ ᠪᠢᠴᠢᠭ ᠤᠨ ᠰᠢᠯᠭᠠᠯᠲᠠ ᠶᠢᠨ ᠬᠠᠭᠤᠳᠠᠰᠤ ︵ᠬᠡᠰᠡᠭ ᠠᠭᠤᠯᠭ᠎ᠠ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠬᠠᠳᠠᠨ᠎ᠠ︶ ᠶᠢ ᠰᠣᠩᠭᠤᠭᠰᠠᠨ ᠪᠠᠶᠢᠪᠠᠯ ᠡᠷᠬᠡᠪᠰᠢ ᠮᠣᠩᠭᠤᠯ ᠦᠭᠡ ᠬᠡᠯᠡ ᠥᠰᠥᠭ ᠪᠢᠴᠢᠭ ᠢᠶᠠᠷ ᠬᠠᠷᠢᠭᠤᠯᠲᠠ ᠬᠢᠬᠦ ᠬᠡᠷᠡᠭᠲᠡᠢ᠃ ᠠᠳᠠᠯᠢ ᠨᠢᠭᠡᠨ ᠰᠠᠯᠠᠭᠠᠨ ᠤ ᠰᠢᠯᠭᠠᠯᠲᠠ ᠶᠢᠨ ᠬᠠᠭᠤᠳᠠᠰᠤ ᠶᠢ ᠬᠤᠶᠠᠷ ᠪᠤᠶᠤ ᠬᠤᠶᠠᠷ ᠠᠴᠠ ᠳᠡᠭᠡᠭᠰᠢ ᠦᠰᠦᠭ ᠢᠶᠠᠷ ᠬᠠᠷᠢᠭᠤᠯᠤᠭᠰᠠᠨ ᠪᠠᠶᠢᠪᠠᠯ ᠂ ᠲᠡᠭ ᠬᠤᠪᠢ ᠪᠠᠷ ᠰᠢᠢᠳᠪᠦᠷᠢᠯᠡᠨ᠎ᠡ ︔ ︽ᠮᠣᠩᠭᠤᠯ ᠦᠭᠡ ᠬᠡᠯᠡ ᠥᠰᠥᠭ ᠪᠢᠴᠢᠭ ᠲᠤ ᠨᠡᠪᠲᠡᠷᠡᠭᠰᠡᠨ︾ ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠭᠰᠡᠨ ᠤᠷᠢᠭᠳᠠᠭᠰᠠᠳ  ᠨᠢ ᠡᠷᠬᠡᠪᠰᠢ ᠲᠣᠭᠲᠠᠭᠠᠭᠰᠠᠨ ᠥᠰᠥᠭ ᠪᠢᠴᠢᠭ ᠢᠶᠠᠷ ᠬᠠᠷᠢᠭᠤᠯᠬᠤ ᠬᠡᠷᠡᠭᠲᠡᠢ᠂ ᠲᠣᠭᠲᠠᠭᠠᠭᠰᠠᠨ ᠥᠰᠥᠭ ᠪᠢᠴᠢᠭ ᠢᠶᠠᠷ ᠬᠠᠷᠢᠭᠤᠯᠬᠤ ᠦᠭᠡᠢ ᠪᠣᠯ ᠲᠡᠭ ᠬᠤᠪᠢ ᠪᠠᠷ ᠰᠢᠢᠳᠪᠦᠷᠢᠯᠡᠨ᠎ᠡ᠃      ︵3︶ ᠪᠢᠷ ᠤᠨ ᠰᠢᠯᠭᠠᠯᠲᠠ ᠶᠢᠨ ᠴᠠᠭ ᠪᠠ ᠬᠢᠴᠢᠶᠡᠯ ᠲᠥᠷᠥᠯ᠄ 2023 ᠣᠨ ᠤ 5 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ      08᠄ 30 ︱ 10᠄ 00 ︽ᠠᠵᠢᠯ ᠮᠡᠷᠭᠡᠵᠢᠯ ᠤᠨ ᠴᠢᠳᠠᠪᠤᠷᠢ ᠶᠢᠨ ᠬᠡᠯᠪᠡᠷᠢᠯ ᠤᠨ ᠰᠢᠯᠭᠠᠯᠲᠠ ︾      10᠄ 00 ︱ 12᠄ 00 ︽ᠶᠡᠷᠦᠩᠬᠡᠶᠢᠯᠡᠭᠰᠡᠨ ᠬᠡᠷᠡᠭᠯᠡᠭᠡᠨ ᠤ ᠴᠢᠳᠠᠪᠤᠷᠢ︾      ᠰᠢᠯᠭᠠᠯᠲᠠ ᠶᠢᠨ ᠬᠢᠴᠢᠶᠡᠯ ᠲᠥᠷᠥᠯ ᠨᠢ ︽ᠠᠵᠢᠯ ᠮᠡᠷᠭᠡᠵᠢᠯ ᠤᠨ ᠴᠢᠳᠠᠪᠤᠷᠢ ᠶᠢᠨ ᠬᠡᠯᠪᠡᠷᠢᠯ ᠤᠨ ᠰᠢᠯᠭᠠᠯᠲᠠ︾ ᠪᠠ ︽ᠶᠡᠷᠦᠩᠬᠡᠶᠢᠯᠡᠭᠰᠡᠨ ᠬᠡᠷᠡᠭᠯᠡᠭᠡᠨ ᠤ ᠴᠢᠳᠠᠪᠤᠷᠢ︾ ᠭᠡᠬᠦ ᠬᠤᠶᠠᠷ ᠬᠢᠴᠢᠶᠡᠯ ᠪᠠᠶᠢᠵᠤ᠂ ᠰᠢᠯᠭᠠᠯᠲᠠ ᠶᠢᠨ ᠬᠠᠭᠤᠳᠠᠰᠤ ᠨᠢ ᠬᠤᠶᠠᠷ ᠰᠢᠯᠭᠠᠯᠲᠠ ᠶᠢᠨ ᠬᠢᠴᠢᠶᠡᠯ ᠤᠨ ᠨᠡᠶᠢᠯᠡᠭᠦᠯᠦᠭᠰᠡᠨ ᠳᠡᠪᠲᠡᠷ ᠪᠠᠶᠢᠵᠤ᠂ ᠪᠦᠷᠢᠨ ᠬᠤᠪᠢ ᠨᠢ ᠲᠣᠰ ᠲᠣᠰ 150 ᠬᠤᠪᠢ ᠪᠣᠯᠣᠨ᠎ᠠ᠃ ᠰᠢᠯᠭᠠᠯᠲᠠ ᠶᠢᠨ ᠲᠥᠷᠥᠯ ᠵᠦᠢᠯ ᠢ ︽ ᠤᠷᠢᠨ ᠬᠡᠷᠡᠭᠯᠡᠬᠦ ᠠᠵᠢᠯ ᠤᠨ ᠪᠠᠶᠢᠷᠢ ᠶᠢᠨ ᠬᠦᠰᠦᠨᠦᠭᠲᠦ︾ ᠳᠤ ᠨᠠᠷᠢᠪᠴᠢᠯᠠᠨ ᠦᠵᠡᠭᠡᠷᠡᠢ᠃ ᠪᠣᠶ ᠪᠦᠬᠦᠢ ᠤᠷᠢᠭᠳᠠᠭᠰᠠᠳ ᠴᠥᠮ ᠵᠣᠬᠢᠬᠤ ᠲᠥᠷᠥᠯ ᠢᠯᠭᠠᠯ ᠤᠨ ᠬᠤᠶᠠᠷ ᠲᠥᠷᠥᠯ ᠤᠨ ᠰᠢᠯᠭᠠᠯᠲᠠ ᠳᠤ ᠣᠷᠤᠯᠴᠠᠬᠤ ᠬᠡᠷᠡᠭᠲᠡᠢ᠂ ᠰᠢᠯᠭᠠᠯᠲᠠ ᠶᠢᠨ ᠬᠡᠪᠴᠢᠶ᠎ᠡ ᠶᠢ ︽ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠬᠤ ᠲᠥᠷᠥᠯ ᠬᠤᠪᠢᠶᠠᠭᠰᠠᠨ ᠰᠢᠯᠭᠠᠯᠲᠠ ᠶᠢᠨ ᠣᠯᠠᠨ ᠨᠡᠶᠢᠲᠡ ᠶᠢᠨ ᠬᠢᠴᠢᠶᠡᠯ ᠲᠥᠷᠥᠯ ᠤᠨ ᠪᠢᠷ ᠤᠨ ᠰᠢᠯᠭᠠᠯᠲᠠ ᠶᠢᠨ ᠬᠥᠲᠥᠯᠪᠦᠷᠢ︾ ︵2022 ᠣᠨ ᠤ ᠬᠡᠪᠯᠡᠯ︶ ᠪᠠᠷ ᠪᠠᠷᠢᠮᠵᠢᠶ᠎ᠠ ᠪᠣᠯᠭᠠᠨ᠎ᠠ᠃      ︵ 4 ︶ ᠪᠢᠷ ᠤᠨ ᠰᠢᠯᠭᠠᠯᠲᠠ ᠶᠢᠨ ᠭᠠᠵᠠᠷ ᠄ ᠪᠣᠳᠠᠲᠠᠢ ᠭᠠᠵᠠᠷ ᠢ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠳᠤ ᠦᠵᠡᠭᠡᠷᠡᠢ᠃ ᠪᠥᠬᠦ ᠣᠷᠣᠨ ᠳᠤ 12 ᠰᠢᠯᠭᠠᠯᠲᠠ ᠶᠢᠨ ᠲᠣᠭᠤᠷᠢᠭ ᠪᠠᠶᠢᠭᠤᠯᠤᠨ᠎ᠠ᠄ ᠣᠷᠣᠨ ᠤ ᠰᠢᠭᠤᠳ ᠬᠠᠷᠢᠶ᠎ᠠ ︵ᠬᠥᠬᠡᠬᠤᠲᠠ︶᠂ ᠪᠤᠭᠤᠲᠤ ᠬᠤᠲᠠ᠂ ᠬᠥᠯᠥᠨ ᠪᠤᠶᠢᠷ ᠬᠤᠲᠠ ︵ᠮᠠᠨᠵᠤᠤᠷ ᠬᠤᠲᠠ ᠪᠠᠭᠲᠠᠨ᠎ᠠ︶᠂ ᠬᠢᠩᠭᠠᠨ ᠠᠶᠢᠮᠠᠭ᠂ ᠲᠦᠩᠯᠢᠶᠣᠣ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ ︵ᠡᠷᠢᠶᠡᠨ ᠬᠤᠲᠠ ᠪᠠᠭᠲᠠᠨ᠎ᠠ︶᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ᠂ ᠦᠬᠠᠢ ᠬᠤᠲᠠ ᠪᠠ ᠠᠯᠠᠱᠠ ᠠᠶᠢᠮᠠᠭ ᠤᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ᠃      ︵5︶ ᠤᠷᠢᠭᠳᠠᠭᠰᠠᠳ ᠡᠷᠬᠡᠪᠰᠢ ᠦᠪᠡᠷ ᠤᠨ ᠬᠦᠴᠦᠨ ᠪᠦᠬᠦᠢ ᠪᠡᠶ᠎ᠡ ᠶᠢᠨ ᠦᠨᠡᠮᠯᠡᠯ ︵ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠲᠦᠷ ᠴᠠᠭ ᠤᠨ ᠪᠡᠶ᠎ᠡ ᠶᠢᠨ ᠦᠨᠡᠮᠯᠡᠯ᠂ ᠫᠠᠰᠫᠣᠷᠲ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ︶ ᠪᠣᠯᠣᠨ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠢᠶᠠᠷ ᠢᠶᠠᠨ ᠰᠢᠯᠭᠠᠯᠲᠠ ᠳᠤ ᠣᠷᠤᠯᠴᠠᠬᠤ ᠬᠡᠷᠡᠭᠲᠡᠢ᠃      ︵6︶ ᠪᠢᠷ ᠤᠨ ᠰᠢᠯᠭᠠᠯᠲᠠ ᠶᠢᠨ ᠬᠢᠷᠢ ᠪᠦᠲᠦᠮᠵᠢ = ︵︽ᠠᠵᠢᠯ ᠮᠡᠷᠭᠡᠵᠢᠯ ᠤᠨ ᠴᠢᠳᠠᠪᠤᠷᠢ ᠶᠢᠨ ᠬᠡᠯᠪᠡᠷᠢᠯ ᠤᠨ ᠰᠢᠯᠭᠠᠯᠲᠠ ︾ ᠶᠢᠨ ᠬᠢᠷᠢ ᠪᠦᠲᠦᠮᠵᠢ + ︽ᠶᠡᠷᠦᠩᠬᠡᠶᠢᠯᠡᠨ ᠬᠡᠷᠡᠭᠯᠡᠬᠦ ᠴᠢᠳᠠᠪᠤᠷᠢ︾ ᠶᠢᠨ ᠬᠢᠷᠢ ᠪᠦᠲᠦᠮᠵᠢ︶ ÷3 + ᠲᠥᠷᠥ ᠶᠢᠨ ᠪᠣᠳᠣᠯᠭ᠎ᠠ ᠶᠢᠨ ᠨᠡᠮᠡᠬᠦ ᠬᠤᠪᠢ᠃      ︵7︶ ᠮᠣᠩᠭᠤᠯ ᠦᠨᠳᠦᠰᠦᠲᠡᠨ᠂ ᠳᠠᠭᠤᠷ ᠦᠨᠳᠦᠰᠦᠲᠡᠨ᠂ ᠣᠷᠴᠣᠨ ᠦᠨᠳᠦᠰᠦᠲᠡᠨ᠂ ᠡᠸᠡᠩᠬᠢ ᠦᠨᠳᠦᠰᠦᠲᠡᠨ ᠤ ᠤᠷᠢᠭᠳᠠᠭᠰᠠᠳ ᠲᠤ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠳᠤ ᠡᠷᠬᠡ ᠨᠡᠮᠡᠭᠰᠡᠨ ᠤ ᠳᠠᠷᠠᠭ᠎ᠠ 2.5 ᠬᠤᠪᠢ ᠨᠡᠮᠡᠨ᠎ᠡ᠃      ︵8︶ ᠪᠢᠷ ᠤᠨ ᠰᠢᠯᠭᠠᠯᠲᠠ ᠳᠠᠭᠤᠰᠤᠭᠰᠠᠨ ᠤ ᠳᠠᠷᠠᠭ᠎ᠠ᠂ ᠪᠢᠷ ᠤᠨ ᠰᠢᠯᠭᠠᠯᠲᠠ ᠶᠢᠨ ᠬᠠᠮᠤᠭ ᠤᠨ ᠳᠣᠣᠷ᠎ᠠ ᠬᠢᠷᠢ ᠲᠡᠩᠴᠡᠭᠦ ᠬᠤᠪᠢ ᠶᠢᠨ ᠱᠤᠭᠤᠮ ᠢ ᠡᠯ᠎ᠡ ᠠᠵᠢᠯᠲᠠᠨ ᠤᠷᠢᠨ ᠬᠡᠷᠡᠭᠯᠡᠬᠦ ᠨᠢᠭᠡᠴᠢ ᠠᠴᠠ ᠰᠤᠳᠤᠯᠤᠨ ᠲᠣᠭᠲᠠᠭᠠᠨ᠎ᠠ᠃ ᠤᠷᠢᠭᠳᠠᠭᠰᠠᠳ ᠤᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ᠂ ᠪᠢᠷ ᠤᠨ ᠰᠢᠯᠭᠠᠯᠲᠠ ᠶᠢᠨ ᠬᠠᠮᠤᠭ ᠤᠨ ᠳᠣᠣᠷ᠎ᠠ ᠬᠢᠷᠢ ᠲᠡᠩᠴᠡᠭᠦ ᠬᠤᠪᠢ ᠶᠢᠨ ᠱᠤᠭᠤᠮ ᠢ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠨᠡᠶᠢᠲᠡᠯᠡᠨ᠎ᠡ᠃      4.ᠬᠢᠷᠢ ᠬᠡᠮ ᠤᠨ ᠳᠠᠬᠢᠨ ᠬᠢᠨᠠᠯᠲᠠ      ︵1︶ ᠬᠢᠷᠢ ᠬᠡᠮ ᠤᠨ ᠳᠠᠬᠢᠨ ᠬᠢᠨᠠᠯᠲᠠ ᠶᠢ ᠠᠵᠢᠯᠲᠠᠨ ᠤᠷᠢᠨ ᠬᠡᠷᠡᠭᠯᠡᠬᠦ ᠨᠢᠭᠡᠴᠢ ᠠᠴᠠ ᠪᠡᠶᠡᠯᠡᠭᠦᠯᠦᠨ᠎ᠡ᠃ ᠬᠢᠷᠢ ᠬᠡᠮ ᠤᠨ ᠳᠠᠬᠢᠨ ᠬᠢᠨᠠᠯᠲᠠ ᠪᠠ ᠨᠢᠭᠤᠷᠲᠠᠨ ᠰᠢᠯᠭᠠᠯᠲᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠡᠷᠬᠡᠪᠰᠢ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠤᠷᠢᠳᠴᠢᠯᠠᠨ ᠵᠠᠷᠯᠠᠬᠤ ᠬᠡᠷᠡᠭᠲᠡᠢ᠃      ︵2︶ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠠᠴᠠ ᠬᠠᠮᠤᠭ ᠤᠨ ᠳᠣᠣᠷ᠎ᠠ ᠬᠢᠷᠢ ᠲᠡᠩᠴᠡᠭᠦ ᠬᠤᠪᠢ ᠶᠢᠨ ᠱᠤᠭᠤᠮ ᠳᠤ ᠭᠦᠷᠦᠭᠰᠡᠨ ᠤᠷᠢᠭᠳᠠᠭᠰᠠᠳ ᠤᠨ ᠳᠣᠲᠣᠷ᠎ᠠ᠂ ᠠᠵᠢᠯ ᠤᠨ ᠪᠠᠶᠢᠷᠢ ᠨᠢᠭᠡᠪᠦᠷᠢ ᠶᠢᠨ ᠤᠷᠢᠭᠳᠠᠭᠰᠠᠳ ᠤᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠠᠴᠠ ᠳᠣᠣᠷ᠎ᠠ ᠪᠣᠯᠬᠤ ᠲᠠᠰ ᠳᠠᠷᠠᠭᠠᠯᠠᠯ ᠪᠠ 3᠄ 1 ᠶᠢᠨ ᠬᠠᠷᠢᠴᠠᠯ ᠢᠶᠠᠷ ᠬᠢᠷᠢ ᠬᠡᠮ ᠤᠨ ᠳᠠᠬᠢᠨ ᠬᠢᠨᠠᠯᠲᠠ ᠶᠢᠨ ᠬᠡᠪᠴᠢᠶᠡᠨ ᠳᠤ ᠣᠷᠣᠭᠰᠠᠨ ᠬᠥᠮᠥᠰ ᠢ ᠲᠣᠭᠲᠠᠭᠠᠨ᠎ᠠ᠃ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠨᠢ ᠵᠡᠷᠭᠡᠴᠡᠭᠰᠡᠨ ᠪᠥᠭᠡᠳ 3᠄ 1 ᠶᠢ ᠳᠠᠪᠠᠭᠰᠠᠨ ᠪᠠᠶᠢᠪᠠᠯ᠂ ᠬᠢᠷᠢ ᠬᠡᠮ ᠤᠨ ᠳᠠᠬᠢᠨ ᠬᠢᠨᠠᠯᠲᠠ ᠶᠢᠨ ᠬᠡᠪᠴᠢᠶᠡᠨ ᠳᠤ ᠬᠠᠮᠲᠤ ᠳᠤ  ᠨᠢ ᠣᠷᠣᠭᠤᠯᠤᠨ᠎ᠠ᠂ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠬᠠᠮᠤᠭ ᠤᠨ ᠳᠣᠣᠷ᠎ᠠ ᠬᠢᠷᠢ ᠲᠡᠩᠴᠡᠭᠦ ᠬᠤᠪᠢ ᠶᠢᠨ ᠱᠤᠭᠤᠮ ᠳᠡᠭᠡᠷᠡᠬᠢ ᠬᠥᠮᠥᠨ ᠤ ᠲᠤᠭ᠎ᠠ ᠨᠢ 3᠄ 1 ᠳᠤ ᠬᠦᠷᠬᠦ ᠦᠭᠡᠢ ᠪᠠᠶᠢᠪᠠᠯ᠂ ᠪᠣᠳᠠᠲᠠᠢ ᠬᠥᠮᠥᠨ ᠤ ᠲᠤᠭ᠎ᠠ ᠪᠠᠷ ᠬᠢᠷᠢ ᠬᠡᠮ ᠤᠨ ᠳᠠᠬᠢᠨ ᠬᠢᠨᠠᠯᠲᠠ ᠶᠢᠨ ᠠᠵᠢᠯᠲᠠᠨ ᠤ ᠬᠡᠪᠴᠢᠶ᠎ᠡ ᠶᠢ ᠲᠣᠭᠲᠠᠭᠠᠨ᠎ᠠ᠃ ᠤᠷᠢᠨ ᠬᠡᠷᠡᠭᠯᠡᠬᠦ ᠲᠥᠯᠥᠪᠯᠡᠭᠡ ᠳᠤ ᠲᠣᠬᠢᠷᠠᠭᠤᠯᠤᠯᠲᠠ ᠬᠢᠭᠰᠡᠨ ᠪᠤᠶᠤ ᠨᠡᠷ᠎ᠡ ᠮᠡᠳᠡᠭᠦᠯᠬᠦ ᠬᠥᠮᠥᠨ ᠦᠭᠡᠢ ᠠᠴᠠ ᠪᠣᠯᠵᠤ ᠬᠠᠰᠤᠭᠰᠠᠨ ᠠᠵᠢᠯ ᠤᠨ ᠪᠠᠶᠢᠷᠢ ᠶᠢ ᠡᠷᠬᠡᠪᠰᠢ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠨᠡᠶᠢᠲᠡᠯᠡᠬᠦ ᠬᠡᠷᠡᠭᠲᠡᠢ᠃      ︵3︶ ᠬᠢᠷᠢ ᠬᠡᠮ ᠤᠨ ᠳᠠᠬᠢᠨ ᠬᠢᠨᠠᠯᠲᠠ ᠶᠢᠨ ᠤᠷᠢᠭᠳᠠᠭᠰᠠᠳ ᠤᠨ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ ᠶᠢᠨ ᠦᠨᠡᠨ ᠪᠣᠳᠠᠲᠠᠢ ᠣᠨᠣᠪᠴᠢᠲᠠᠶ ᠪᠠᠶᠢᠬᠤ ᠡᠰᠡᠬᠦ᠂ ᠤᠷᠢᠭᠳᠠᠭᠰᠠᠳ ᠤᠨ ᠠᠵᠢᠯ ᠤᠨ ᠪᠠᠶᠢᠷᠢ ᠶᠢᠨ ᠵᠣᠬᠢᠴᠠᠩᠭᠤᠢ ᠬᠢᠷᠢ ᠬᠡᠮ ᠤᠨ ᠨᠥᠬᠦᠴᠡᠯ ᠳᠤ ᠨᠡᠶᠢᠴᠡᠬᠦ ᠡᠰᠡᠬᠦ ᠶᠢ ᠭᠤᠣᠯᠳᠠᠯᠭ᠎ᠠ ᠲᠠᠢ ᠪᠠᠷ ᠬᠢᠨᠠᠨ ᠬᠠᠷᠭᠤᠭᠤᠯᠤᠨ᠎ᠠ᠃ ᠤᠷᠢᠭᠳᠠᠬᠤ ᠨᠥᠬᠦᠴᠡᠯ ᠳᠤ ᠨᠡᠶᠢᠴᠡᠬᠦ ᠦᠭᠡᠢ᠂ ᠬᠤᠪᠢ ᠬᠥᠮᠥᠨ ᠦᠨᠳᠦᠰᠦᠲᠡᠨ ᠤ ᠮᠡᠳᠡᠭᠡ ᠵᠠᠩᠭᠢ ᠶᠢ ᠪᠤᠷᠤᠭᠤ ᠲᠠᠭᠯᠠᠭᠰᠠᠨ ᠠᠴᠠ ᠪᠣᠯᠵᠤ ᠬᠤᠪᠢ ᠨᠡᠮᠡᠬᠦ᠂ ᠲᠠᠭᠯᠠᠨ ᠮᠡᠳᠡᠭᠦᠯᠦᠭᠰᠡᠨ ᠬᠤᠪᠢ ᠬᠥᠮᠥᠨ ᠤ ᠮᠡᠳᠡᠭᠡ ᠵᠠᠩᠭᠢ ᠨᠢ ᠭᠡᠷᠡᠴᠢ ᠦᠨᠡᠮᠯᠡᠯ ᠲᠠᠢ ᠪᠠᠨ ᠨᠡᠶᠢᠴᠡᠬᠦ ᠦᠭᠡᠢ ᠵᠢᠴᠢ ᠴᠢᠬᠤᠯᠠ ᠮᠡᠳᠡᠭᠡ ᠵᠠᠩᠭᠢ ᠶᠢ ᠨᠢᠭᠤᠨ ᠳᠠᠯᠳᠠᠯᠠᠭᠰᠠᠨ ᠪᠤᠶᠤ ᠬᠤᠳᠠᠯ ᠬᠠᠭᠤᠷᠮᠠᠭ ᠭᠡᠷᠡᠴᠢᠯᠡᠬᠦ ᠮᠠᠲ᠋ᠧᠷᠢᠶᠠᠯ ᠬᠠᠩᠭᠠᠵᠤ᠂ ᠦᠶᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠨᠢᠭᠤᠷᠲᠠᠨ ᠰᠢᠯᠭᠠᠬᠤ ᠬᠢᠷᠢ ᠬᠡᠮ ᠢ ᠨᠢ ᠴᠥᠮ ᠬᠦᠴᠦᠨ ᠦᠭᠡᠢ ᠪᠣᠯᠭᠠᠨ᠎ᠠ᠃      ︵ 4 ︶ ᠬᠢᠷᠢ ᠬᠡᠮ ᠤᠨ ᠳᠠᠬᠢᠨ ᠬᠢᠨᠠᠯᠲᠠ ᠶᠢᠨ ᠬᠡᠪᠴᠢᠶᠡᠨ ᠳᠤ ᠣᠷᠣᠭᠰᠠᠨ ᠤᠷᠢᠭᠳᠠᠭᠰᠠᠳ ᠲᠣᠭᠲᠠᠭᠰᠠᠨ ᠴᠠᠭ ᠪᠠ ᠭᠠᠵᠠᠷ ᠤᠨ ᠶᠣᠰᠣᠭᠠᠷ ᠬᠢᠷᠢ ᠬᠡᠮ ᠤᠨ ᠳᠠᠬᠢᠨ ᠬᠢᠨᠠᠯᠲᠠ ᠳᠤ ᠣᠷᠣᠯᠴᠠᠨ᠎ᠠ ᠃ ᠲᠣᠭᠲᠠᠭᠰᠠᠨ ᠴᠠᠭ ᠳᠠᠭᠤᠰᠬᠤ ᠠᠴᠠ ᠡᠮᠦᠨ᠎ᠡ ᠬᠢᠷᠢ ᠬᠡᠮ ᠤᠨ ᠳᠠᠬᠢᠨ ᠬᠢᠨᠠᠯᠲᠠ ᠳᠤ ᠣᠷᠣᠯᠴᠠᠭᠰᠠᠨ ᠦᠭᠡᠢ ᠪᠠᠶᠢᠪᠠᠯ᠂ ᠨᠢᠭᠤᠷᠲᠠᠨ ᠰᠢᠯᠭᠠᠬᠤ ᠬᠢᠷᠢ ᠬᠡᠮ ᠢ ᠨᠢ ᠬᠠᠰᠤᠨ᠎ᠠ᠃      5. ᠨᠢᠭᠤᠷᠲᠠᠨ ᠰᠢᠯᠭᠠᠯᠲᠠ      ︵1︶ ᠨᠢᠭᠤᠷᠲᠠᠨ ᠰᠢᠯᠭᠠᠯᠲᠠ ᠶᠢᠨ ᠪᠦᠷᠢᠨ ᠬᠤᠪᠢ ᠨᠢ 100 ᠬᠤᠪᠢ ᠪᠠᠶᠢᠵᠤ᠂  ᠪᠦᠳᠦᠴᠡᠴᠢᠯᠡᠭᠰᠡᠨ ᠨᠢᠭᠤᠷᠲᠠᠨ ᠰᠢᠯᠭᠠᠬᠤ ᠠᠷᠭ᠎ᠠ ᠶᠢ ᠬᠡᠷᠡᠭᠯᠡᠨ᠎ᠡ᠃      ︵ 2 ︶ ︽ᠮᠣᠩᠭᠤᠯ ᠦᠭᠡ ᠬᠡᠯᠡ ᠦᠰᠦᠭ ᠪᠢᠴᠢᠭ ᠲᠤ ᠨᠡᠪᠲᠡᠷᠡᠭᠰᠡᠨ︾ ᠠᠵᠢᠯ ᠤᠨ ᠪᠠᠶᠢᠷᠢ ᠳᠤ ᠤᠷᠢᠭᠳᠠᠵᠤ᠂ ᠨᠢᠭᠤᠷᠲᠠᠨ ᠰᠢᠯᠭᠠᠬᠤ ᠭᠤᠭᠴᠤᠭ᠎ᠠ ᠠᠴᠠ ᠡᠮᠦᠨ᠎ᠡ ᠮᠣᠩᠭᠤᠯ ᠦᠭᠡ ᠬᠡᠯᠡ ᠥᠰᠥᠭ ᠪᠢᠴᠢᠭ ᠤᠨ ᠣᠷᠴᠢᠭᠤᠯᠭ᠎ᠠ ᠶᠢᠨ ᠬᠢᠷᠢ ᠲᠦᠪᠰᠢᠨ ᠤ ᠨᠡᠮᠡᠯᠲᠡ ᠰᠢᠯᠭᠠᠯᠲᠠ ᠬᠢᠵᠦ᠂ ᠰᠢᠯᠭᠠᠭᠤᠯᠤᠭᠴᠢ ᠲᠤᠬᠠᠢ ᠶᠢᠨ ᠲᠠᠯᠠᠪᠤᠷ ᠲᠤ ᠵᠢᠭᠠᠨ ᠲᠣᠭᠲᠠᠭᠠᠭᠰᠠᠨ ᠤᠯᠤᠰ ᠤᠨ ᠨᠡᠶᠢᠳᠡᠮ ᠬᠡᠷᠡᠭᠯᠡᠬᠦ ᠬᠡᠯᠡᠨ ᠤ ᠮᠠᠲ᠋ᠧᠷᠢᠶᠠᠯ ᠢ ᠮᠣᠩᠭᠤᠯ ᠬᠡᠯᠡ ᠪᠠᠷ ᠣᠷᠴᠢᠭᠤᠯᠵᠤ᠂ ᠬᠢᠷᠢ ᠲᠡᠩᠴᠡᠪᠡᠯ ᠨᠢᠭᠤᠷᠲᠠᠨ ᠰᠢᠯᠭᠠᠬᠤ ᠭᠤᠭᠴᠤᠭ᠎ᠠ ᠳᠤ ᠣᠷᠣᠭᠤᠯᠵᠤ᠂ ᠬᠢᠷᠢ ᠲᠡᠩᠴᠡᠭᠦ ᠦᠭᠡᠢ ᠪᠣᠯ ᠲᠣᠰ ᠠᠵᠢᠯ ᠤᠨ ᠪᠠᠶᠢᠷᠢ ᠳᠤ ᠤᠷᠢᠭᠳᠠᠭᠰᠠᠳ ᠤᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠠᠴᠠ ᠳᠣᠣᠷ᠎ᠠ ᠪᠣᠯᠬᠤ ᠲᠠᠰ ᠳᠠᠷᠠᠭᠠᠯᠠᠯ ᠢᠶᠠᠷ ᠨᠥᠬᠦᠵᠦ᠂ ᠨᠢᠭᠡ ᠯᠡ ᠤᠳᠠᠭ᠎ᠠ ᠨᠥᠬᠦᠵᠦ ᠪᠣᠯᠣᠨ᠎ᠠ᠃ ᠦᠭᠡ ᠬᠡᠯᠡᠨ ᠤ ᠨᠡᠮᠡᠯᠲᠡ ᠰᠢᠯᠭᠠᠯᠲᠠ ᠪᠠᠷ ᠳᠡᠮᠵᠢᠨ᠂ ︽ᠮᠣᠩᠭᠤᠯ ᠦᠭᠡ ᠬᠡᠯᠡ ᠥᠰᠥᠭ ᠪᠢᠴᠢᠭ ᠲᠤ ᠨᠡᠪᠲᠡᠷᠡᠭᠰᠡᠨ︾ ᠠᠵᠢᠯ ᠤᠨ ᠪᠠᠶᠢᠷᠢ ᠳᠤ ᠤᠷᠢᠭᠳᠠᠭᠰᠠᠨ ᠰᠢᠯᠭᠠᠭᠤᠯᠤᠭᠴᠢ ᠨᠢᠭᠤᠷᠲᠠᠨ ᠰᠢᠯᠭᠠᠯᠲᠠ ᠶᠢᠨ ᠭᠤᠭᠴᠤᠭ᠎ᠠ ᠳᠤ ᠵᠥᠪᠬᠡᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ ᠰᠡᠳᠦᠪ ᠬᠠᠷᠢᠭᠤᠯᠬᠤ ᠬᠡᠷᠡᠭᠲᠡᠢ ᠃      ᠪᠤᠰᠤᠳ ᠠᠵᠢᠯ ᠤᠨ ᠪᠠᠶᠢᠷᠢ ᠳᠤ ᠤᠷᠢᠭᠳᠠᠪᠠᠯ᠂ ᠨᠢᠭᠤᠷᠲᠠᠨ ᠰᠢᠯᠭᠠᠯᠲᠠ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ ᠬᠠᠷᠢᠭᠤᠯᠵᠤ ᠪᠣᠯᠣᠨ᠎ᠠ᠂ ᠪᠠᠰᠠ ᠮᠣᠩᠭᠤᠯ ᠬᠡᠯᠡ ᠪᠠᠷ ᠬᠠᠷᠢᠭᠤᠯᠵᠤ ᠪᠣᠯᠣᠨ᠎ᠠ ︵ᠤᠷᠢᠭᠳᠠᠭᠰᠠᠳ ᠡᠷᠬᠡᠪᠰᠢ ᠬᠢᠷᠢ ᠬᠡᠮ ᠤᠨ ᠳᠠᠬᠢᠨ ᠬᠢᠨᠠᠯᠲᠠ ᠶᠢᠨ ᠦᠶ᠎ᠡ ᠳᠤ ᠠᠵᠢᠯᠲᠠᠳ ᠲᠤ ᠪᠠᠨ ᠲᠣᠳᠣᠷᠬᠠᠶᠢᠯᠠᠬᠤ ᠶᠢᠨ ᠬᠠᠮᠲᠤ ᠨᠢᠭᠤᠷᠲᠠᠨ ᠰᠢᠯᠭᠠᠬᠤ ᠮᠡᠳᠡᠭᠳᠡᠯ ᠤᠨ ᠪᠢᠴᠢᠭ ᠳᠡᠭᠡᠷ᠎ᠡ ᠲᠣᠳᠣᠷᠬᠠᠶᠢᠯᠠᠬᠤ ᠬᠡᠷᠡᠭᠲᠡᠢ︶᠂ ᠭᠡᠪᠡᠴᠦ ᠨᠢᠭᠡ ᠯᠡ ᠵᠦᠢᠯ ᠤᠨ ᠦᠭᠡ ᠬᠡᠯᠡ ᠪᠠᠷ ᠬᠠᠷᠢᠭᠤᠯᠵᠤ ᠪᠣᠯᠬᠤ ᠠᠴᠠ ᠪᠢᠰᠢ᠂ ᠬᠤᠳᠬᠤᠯᠳᠤᠭᠤᠯᠤᠨ ᠬᠡᠷᠡᠭᠯᠡᠵᠦ ᠪᠣᠯᠬᠤ ᠦᠭᠡᠢ᠃ ᠱᠠᠭᠠᠷᠳᠠᠯᠭ᠎ᠠ ᠶᠣᠰᠣᠭᠠᠷ ᠬᠠᠷᠢᠭᠤᠯᠬᠤ ᠦᠭᠡᠢ ᠪᠠᠶᠢᠪᠠᠯ ᠂ ᠲᠡᠭ ᠬᠤᠪᠢ ᠪᠠᠷ ᠰᠢᠢᠳᠪᠦᠷᠢᠯᠡᠨ᠎ᠡ ᠃      ︵3︶ ᠪᠦᠳᠦᠴᠡᠴᠢᠯᠡᠭᠰᠡᠨ ᠨᠢᠭᠤᠷᠲᠠᠨ ᠰᠢᠯᠭᠠᠯᠲᠠ ᠶᠢᠨ ᠦᠶ᠎ᠡ ᠳᠤ᠂ ᠪᠣᠳᠠᠲᠠᠢ ᠣᠷᠣᠯᠴᠠᠭᠰᠠᠨ ᠬᠥᠮᠥᠨ ᠤ ᠲᠤᠭ᠎ᠠ ᠨᠢ ᠲᠣᠰ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠬᠥᠮᠥᠨ ᠤ ᠲᠤᠭ᠎ᠠ ᠲᠠᠢ ᠲᠡᠩᠴᠡᠭᠰᠡᠨ ᠪᠤᠶᠤ ᠲᠡᠭᠦᠨ ᠠᠴᠠ ᠳᠤᠲᠠᠭᠤ ᠪᠠᠶᠢᠪᠠᠯ᠂ ᠲᠣᠰ ᠠᠵᠢᠯ ᠤᠨ ᠪᠠᠶᠢᠷᠢ ᠶᠢᠨ ᠰᠢᠯᠭᠠᠭᠤᠯᠤᠭᠴᠢ ᠶᠢᠨ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠨᠢ ᠡᠷᠬᠡᠪᠰᠢ ᠲᠣᠰ ᠬᠥᠮᠥᠨ ᠤ ᠨᠢᠭᠤᠷᠲᠠᠨ ᠰᠢᠯᠭᠠᠯᠲᠠ ᠶᠢᠨ ᠪᠠᠶᠢᠭ᠎ᠠ ᠰᠢᠯᠭᠠᠯᠲᠠ ᠶᠢᠨ ᠲᠠᠯᠠᠪᠤᠷ ︵ᠠᠳᠠᠯᠢ ᠰᠢᠯᠭᠠᠯᠲᠠ ᠶᠢᠨ ᠰᠡᠳᠦᠪ᠂ ᠠᠳᠠᠯᠢ ᠰᠢᠯᠭᠠᠭᠴᠢ ᠶᠢᠨ ᠳᠤᠭᠤᠶᠢᠯᠠᠩ︶ ᠤᠨ ᠪᠣᠶ ᠪᠦᠬᠦᠢ ᠰᠢᠯᠭᠠᠭᠤᠯᠤᠭᠴᠢ ᠶᠢᠨ ᠨᠢᠭᠤᠷᠲᠠᠨ ᠰᠢᠯᠭᠠᠯᠲᠠ ᠶᠢᠨ ᠳᠤᠮᠳᠠᠴᠢ ᠬᠢᠷᠢ ᠪᠦᠲᠦᠮᠵᠢ ᠳᠤ ᠭᠦᠷᠪᠡᠯ ᠰᠠᠶ᠋ᠢ ᠲᠠᠷᠠᠭᠠᠴᠢ ᠶᠢᠨ ᠭᠤᠭᠴᠤᠭ᠎ᠠ ᠳᠤ ᠣᠷᠣᠵᠤ ᠪᠣᠯᠣᠨ᠎ᠠ᠃      ︵4︶ ᠤᠷᠢᠭᠳᠠᠭᠰᠠᠳ ᠤᠨ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠶᠢ ᠪᠤᠳᠤᠬᠤ ᠲᠣᠮᠢᠶ᠎ᠠ ᠨᠢ᠄ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ = ᠪᠢᠷ ᠤᠨ ᠰᠢᠯᠭᠠᠯᠲᠠ ᠶᠢᠨ ᠬᠢᠷᠢ ᠪᠦᠲᠦᠮᠵᠢ × 60% + ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ × 40% ᠪᠣᠯᠣᠨ᠎ᠠ᠃ ᠤᠷᠢᠭᠳᠠᠭᠰᠠᠳ ᠤᠨ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠪᠠ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠶᠢ ᠡᠷᠬᠡᠪᠰᠢ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠨᠡᠶᠢᠲᠡᠯᠡᠬᠦ ᠬᠡᠷᠡᠭᠲᠡᠢ᠃      6. ᠪᠡᠶ᠎ᠡ ᠶᠢᠨ ᠪᠠᠶᠢᠴᠠᠭᠠᠯᠲᠠ ᠪᠠ ᠰᠢᠯᠭᠠᠨ ᠪᠠᠶᠢᠴᠠᠭᠠᠯᠲᠠ      ᠠᠵᠢᠯ ᠤᠨ ᠪᠠᠶᠢᠷᠢ ᠨᠢᠭᠡᠪᠦᠷᠢ ᠶᠢᠨ ᠤᠷᠢᠭᠳᠠᠭᠰᠠᠳ ᠤᠨ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠶᠢᠨ ᠥᠨᠳᠥᠷ ᠠᠴᠠ ᠳᠣᠣᠷ᠎ᠠ ᠪᠣᠯᠬᠤ ᠲᠠᠰ ᠳᠠᠷᠠᠭᠠᠯᠠᠯ ᠪᠠ ᠲᠣᠰ ᠠᠵᠢᠯ ᠤᠨ ᠪᠠᠶᠢᠷᠢ ᠶᠢᠨ ᠪᠣᠳᠠᠲᠠᠢ ᠤᠷᠢᠬᠤ ᠲᠥᠯᠥᠪᠯᠡᠭᠡ ᠶᠢᠨ ᠲᠤᠭ᠎ᠠ ᠶᠢ ᠦᠨᠳᠦᠰᠦᠯᠡᠨ᠂ ᠪᠡᠶ᠎ᠡ ᠶᠢᠨ ᠪᠠᠶᠢᠴᠠᠭᠠᠯᠲᠠ ᠪᠠ ᠰᠢᠯᠭᠠᠨ ᠪᠠᠶᠢᠴᠠᠭᠠᠬᠤ ᠬᠡᠪᠴᠢᠶᠡᠨ ᠳᠤ ᠣᠷᠣᠬᠤ ᠵᠢᠱᠢᠭᠳᠡᠭᠴᠢ ᠶᠢ ᠠᠳᠠᠯᠢ ᠲᠤᠭ᠎ᠠ ᠪᠠᠷ ᠲᠣᠭᠲᠠᠭᠠᠨ᠎ᠠ᠃ ᠠᠳᠠᠯᠢ ᠨᠢᠭᠡᠨ ᠠᠵᠢᠯ ᠤᠨ ᠪᠠᠶᠢᠷᠢ ᠶᠢᠨ ᠪᠡᠶ᠎ᠡ ᠶᠢᠨ ᠪᠠᠶᠢᠴᠠᠭᠠᠯᠲᠠ ᠶᠢᠨ ᠬᠡᠪᠴᠢᠶᠡᠨ ᠳᠤ ᠣᠷᠣᠭᠰᠠᠨ ᠵᠢᠱᠢᠭᠳᠡᠭᠴᠢ ᠶᠢᠨ ᠬᠠᠮᠤᠭ ᠰᠡᠭᠦᠯᠴᠢ ᠶᠢᠨ ᠨᠢᠭᠡ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠨᠢ ᠵᠡᠷᠭᠡᠴᠡᠭᠰᠡᠨ ᠪᠥᠭᠡᠳ ᠲᠣᠰ ᠠᠵᠢᠯ ᠤᠨ ᠪᠠᠶᠢᠷᠢ ᠶᠢᠨ ᠪᠣᠳᠠᠲᠠᠢ ᠤᠷᠢᠨ ᠬᠡᠷᠡᠭᠯᠡᠬᠦ ᠲᠥᠯᠥᠪᠯᠡᠭᠡ ᠶᠢᠨ ᠲᠤᠭ᠎ᠠ ᠠᠴᠠ ᠳᠠᠪᠠᠭᠰᠠᠨ ᠪᠠᠶᠢᠪᠠᠯ᠂ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠪᠣᠭᠤᠨᠢ ᠪᠠᠷ ᠵᠢᠭᠰᠠᠭᠠᠵᠤ᠂ ᠪᠡᠶ᠎ᠡ ᠶᠢᠨ ᠪᠠᠶᠢᠴᠠᠭᠠᠯᠲᠠ ᠪᠠ ᠰᠢᠯᠭᠠᠨ ᠪᠠᠶᠢᠴᠠᠭᠠᠯᠲᠠ ᠶᠢᠨ ᠬᠡᠪᠴᠢᠶᠡᠨ ᠳᠤ ᠣᠷᠣᠭᠰᠠᠨ ᠵᠢᠱᠢᠭᠳᠡᠭᠴᠢ ᠶᠢ ᠠᠳᠠᠯᠢ ᠲᠤᠭ᠎ᠠ ᠪᠠᠷ ᠲᠣᠭᠲᠠᠭᠠᠨ᠎ᠠ︔ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠨᠢ ᠴᠦ ᠠᠳᠠᠯᠢ ᠪᠠᠶᠢᠪᠠᠯ᠂ ᠠᠵᠢᠯᠲᠠᠨ ᠤᠷᠢᠨ ᠬᠡᠷᠡᠭᠯᠡᠬᠦ ᠨᠢᠭᠡᠴᠢ ᠠᠴᠠ ᠵᠣᠬᠢᠶᠠᠨ ᠪᠠᠶᠢᠭᠤᠯᠵᠤ ᠨᠡᠮᠡᠵᠦ ᠰᠢᠯᠭᠠᠨ᠎ᠠ ︵ᠨᠡᠮᠡᠵᠦ ᠰᠢᠯᠭᠠᠬᠤ ᠬᠡᠯᠪᠡᠷᠢ ᠶᠢ ᠠᠵᠢᠯᠲᠠᠨ ᠤᠷᠢᠨ ᠬᠡᠷᠡᠭᠯᠡᠬᠦ ᠨᠢᠭᠡᠴᠢ ᠠᠴᠠ ᠪᠣᠳᠠᠲᠠᠢ ᠪᠠᠶᠢᠳᠠᠯ ᠢ ᠦᠨᠳᠦᠰᠦᠯᠡᠨ ᠲᠣᠭᠲᠠᠭᠠᠨ᠎ᠠ︶᠂ ᠪᠡᠶ᠎ᠡ ᠶᠢᠨ ᠪᠠᠶᠢᠴᠠᠭᠠᠯᠲᠠ ᠪᠠ ᠰᠢᠯᠭᠠᠨ ᠪᠠᠶᠢᠴᠠᠭᠠᠯᠲᠠ ᠶᠢᠨ ᠬᠡᠪᠴᠢᠶᠡᠨ ᠳᠤ ᠣᠷᠣᠬᠤ ᠵᠢᠱᠢᠭᠳᠡᠭᠴᠢ ᠶᠢ ᠠᠳᠠᠯᠢ ᠲᠤᠭ᠎ᠠ ᠪᠠᠷ ᠲᠣᠭᠲᠠᠭᠠᠨ᠎ᠠ᠃      ︵1︶ ᠪᠡᠶ᠎ᠡ ᠶᠢᠨ ᠪᠠᠶᠢᠴᠠᠭᠠᠯᠲᠠ      ᠪᠡᠶ᠎ᠡ ᠶᠢᠨ ᠪᠠᠶᠢᠴᠠᠭᠠᠯᠲᠠ ᠶᠢ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠨ ᠬᠠᠮᠢᠶᠠᠷᠬᠤ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠡᠮᠴᠢᠯᠡᠭᠡᠨ ᠤ ᠪᠡᠶ᠎ᠡ ᠶᠢᠨ ᠪᠠᠶᠢᠴᠠᠭᠠᠯᠲᠠ ᠶᠢᠨ ᠪᠠᠶᠢᠭᠤᠯᠤᠮᠵᠢ ᠳᠤ ᠬᠢᠵᠦ᠂ ᠤᠷᠢᠨ ᠬᠡᠷᠡᠭᠯᠡᠬᠦ ᠨᠢᠭᠡᠴᠢ ᠠᠴᠠ ᠬᠠᠷᠢᠭᠤᠴᠠᠨ ᠵᠣᠬᠢᠶᠠᠨ ᠪᠠᠶᠢᠭᠤᠯᠵᠦ ᠶᠠᠪᠤᠭᠳᠠᠭᠤᠯᠬᠤ ᠬᠡᠷᠡᠭᠲᠡᠢ᠃ ᠪᠡᠶ᠎ᠡ ᠶᠢᠨ ᠪᠠᠶᠢᠴᠠᠭᠠᠯᠲᠠ ᠶᠢ ᠠᠯᠪᠠᠲᠠᠨ ᠡᠯᠰᠡᠨ ᠬᠡᠷᠡᠭᠯᠡᠬᠦ ᠪᠡᠶ᠎ᠡ ᠶᠢᠨ ᠪᠠᠶᠢᠴᠠᠭᠠᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠵᠤ ᠭᠦᠢᠴᠡᠳᠭᠡᠬᠦ ᠬᠡᠷᠡᠭᠲᠡᠢ᠃ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠭᠰᠡᠨ ᠤ ᠳᠠᠷᠠᠭ᠎ᠠ ᠨᠢᠭᠡ ᠰᠠᠷ᠎ᠠ ᠶᠢᠨ ᠳᠣᠲᠣᠷ᠎ᠠ ᠬᠢᠵᠦ ᠳᠠᠭᠤᠰᠬᠠᠬᠤ ᠬᠡᠷᠡᠭᠲᠡᠢ ᠃ ᠤᠷᠢᠭᠳᠠᠭᠰᠠᠳ ᠤᠨ ᠪᠡᠶ᠎ᠡ ᠶᠢᠨ ᠪᠠᠶᠢᠴᠠᠭᠠᠯᠲᠠ ᠨᠢ ᠬᠢᠷᠢ ᠲᠡᠩᠴᠡᠭᠰᠡᠨ ᠦᠭᠡᠢ ᠪᠤᠶᠤ ᠪᠡᠶ᠎ᠡ ᠶᠢᠨ ᠪᠠᠶᠢᠴᠠᠭᠠᠯᠲᠠ ᠶᠢᠨ ᠶᠠᠪᠤᠴᠠ ᠳᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ᠂ ᠴᠢᠬᠤᠯᠠ ᠡᠪᠡᠳᠴᠢᠨ ᠤ ᠲᠡᠦᠬᠡ ᠪᠠᠨ ᠨᠢᠭᠤᠨ ᠳᠠᠯᠳᠠᠯᠠᠭᠰᠠᠨ ᠠᠴᠠ ᠪᠣᠯᠵᠤ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠨᠢ ᠦᠨᠡᠨ ᠪᠣᠳᠠᠲᠠᠢ ᠪᠢᠰᠢ ᠪᠣᠯᠤᠭᠰᠠᠨ ᠪᠠᠶᠢᠪᠠᠯ᠂ ᠤᠷᠢᠨ ᠬᠡᠷᠡᠭᠯᠡᠬᠦ ᠬᠢᠷᠢ ᠬᠡᠮ ᠢ ᠨᠢ ᠬᠠᠰᠤᠨ᠎ᠠ᠃      ︵ 2 ︶ ᠰᠢᠯᠭᠠᠨ ᠪᠠᠶᠢᠴᠠᠭᠠᠯᠲᠠ      ᠤᠷᠢᠨ ᠬᠡᠷᠡᠭᠯᠡᠬᠦ ᠨᠢᠭᠡᠴᠢ  ᠨᠢ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠬᠥᠮᠥᠰ ᠲᠤ ᠰᠢᠯᠭᠠᠨ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠵᠤ᠂ 2 ᠠᠴᠠ ᠳᠡᠭᠡᠭᠰᠢ ᠬᠥᠮᠥᠨ ᠢᠶᠠᠷ ᠪᠦᠷᠢᠯᠳᠦᠭᠰᠡᠨ ᠪᠠᠶᠢᠴᠠᠭᠠᠨ ᠦᠵᠡᠬᠦ ᠳᠤᠭᠤᠶᠢᠯᠠᠩ ᠪᠠᠶᠢᠭᠤᠯᠬᠤ ᠬᠡᠷᠡᠭᠲᠡᠢ᠃ ᠰᠢᠯᠭᠠᠨ ᠪᠠᠶᠢᠴᠠᠭᠠᠬᠤ ᠠᠵᠢᠯ ᠳᠤ ᠤᠯᠤᠰ ᠲᠥᠷᠥ ᠶᠢᠨ ᠪᠠᠷᠢᠮᠵᠢᠶ᠎ᠠ ᠶᠢ ᠳᠣᠪᠤᠶᠢᠯᠭᠠᠵᠤ᠂ ᠰᠢᠯᠭᠠᠨ ᠪᠠᠶᠢᠴᠠᠭᠠᠬᠤ ᠠᠭᠤᠯᠭ᠎ᠠ ᠳᠤ ᠭᠤᠣᠯᠳᠠᠭᠤ ᠤᠷᠢᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ ᠶᠢᠨ ᠢᠯᠡᠷᠡᠯ᠂ ᠶᠣᠰᠣ ᠮᠣᠷᠠᠯ ᠵᠠᠩ ᠰᠤᠷᠲᠠᠯ᠂ ᠴᠢᠳᠠᠪᠤᠷᠢ ᠬᠡᠪ ᠴᠢᠨᠠᠷ᠂ ᠰᠤᠷᠤᠯᠴᠠᠯᠭ᠎ᠠ ᠪᠠ ᠠᠵᠢᠯ ᠤᠨ ᠢᠯᠡᠷᠡᠯ᠂ ᠬᠠᠤᠯᠢ ᠰᠠᠬᠢᠯᠭ᠎ᠠ ᠶᠢ ᠵᠢᠷᠤᠮᠯᠠᠨ ᠰᠠᠬᠢᠬᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠵᠢᠴᠢ ᠵᠠᠶᠢᠯᠠᠬᠤ ᠴᠢᠬᠤᠯᠠᠲᠠᠢ ᠡᠰᠡᠬᠦ ᠵᠡᠷᠭᠡ ᠲᠠᠯ᠎ᠠ ᠶᠢᠨ ᠪᠠᠶᠢᠳᠠᠯ ᠢ ᠪᠠᠭᠲᠠᠭᠠᠨ᠎ᠠ ᠂ ᠡᠩ ᠤᠨ ᠪᠠᠶᠢᠳᠠᠯ ᠳᠤ ᠲᠤᠰᠬᠠᠢ ᠶᠠᠷᠢᠯᠴᠠᠬᠤ᠂ ᠲᠤᠬᠠᠢ ᠶᠢᠨ ᠭᠠᠵᠠᠷ ᠲᠤ  ᠨᠢ ᠰᠤᠷᠪᠤᠯᠵᠢᠯᠠᠬᠤ᠂ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠢ ᠬᠢᠨᠠᠨ ᠬᠠᠷᠭᠤᠭᠤᠯᠬᠤ᠂ ᠨᠡᠶᠢᠭᠡᠮ ᠤᠨ ᠢᠲᠡᠭᠡᠮᠵᠢ ᠶᠢᠨ ᠲᠡᠮᠳᠡᠭᠯᠡᠯ ᠢ ᠪᠠᠶᠢᠴᠠᠭᠠᠨ ᠯᠠᠪᠯᠠᠬᠤ᠂ ᠰᠢᠯᠭᠠᠨ ᠪᠠᠶᠢᠴᠠᠭᠠᠭᠴᠢ ᠲᠠᠢ ᠨᠢᠭᠤᠷᠲᠠᠨ ᠶᠠᠷᠢᠯᠴᠠᠬᠤ ᠵᠡᠷᠭᠡ ᠠᠷᠭ᠎ᠠ ᠮᠠᠶ᠋ᠢᠭ ᠢ ᠠᠪᠴᠤ᠂ ᠪᠣᠳᠠᠲᠠᠢ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠪᠣᠶ ᠪᠣᠯᠭᠠᠨ᠎ᠠ᠃ ᠪᠣᠳᠠᠲᠠᠢ ᠰᠢᠯᠭᠠᠨ ᠪᠠᠶᠢᠴᠠᠭᠠᠬᠤ ᠴᠠᠭ᠂ ᠠᠷᠭ᠎ᠠ ᠮᠠᠶ᠋ᠢᠭ ᠵᠡᠷᠭᠡ ᠶᠢ ᠤᠷᠢᠨ ᠬᠡᠷᠡᠭᠯᠡᠬᠦ ᠨᠢᠭᠡᠴᠢ ᠠᠴᠠ ᠲᠣᠭᠲᠠᠭᠠᠨ᠎ᠠ᠃ ᠤᠷᠢᠭᠳᠠᠭᠰᠠᠳ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠤᠷᠢᠭᠳᠠᠭᠰᠠᠨ ᠨᠢᠭᠡᠴᠢ  ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶  ᠠᠴᠠ ᠰᠤᠳᠤᠯᠤᠨ ᠲᠣᠭᠲᠠᠭᠠᠭᠰᠠᠨ ᠤ ᠳᠠᠷᠠᠭ᠎ᠠ᠂ ᠲᠡᠭᠦᠨ ᠤ ᠤᠷᠢᠨ ᠬᠡᠷᠡᠭᠯᠡᠬᠦ ᠬᠢᠷᠢ ᠬᠡᠮ ᠢ ᠬᠠᠰᠤᠵᠤ ᠪᠣᠯᠣᠨ᠎ᠠ᠃      7. ᠢᠯᠡ ᠨᠡᠶᠢᠲᠡᠯᠡᠬᠦ      ᠤᠷᠢᠨ ᠬᠡᠷᠡᠭᠯᠡᠬᠦ ᠨᠢᠭᠡᠴᠢ  ᠨᠢ ᠤᠷᠢᠭᠳᠠᠭᠰᠠᠳ ᠤᠨ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠵᠢᠴᠢ ᠪᠡᠶ᠎ᠡ ᠶᠢᠨ ᠪᠠᠶᠢᠴᠠᠭᠠᠯᠲᠠ ᠪᠠ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠤᠷᠢᠨ ᠬᠡᠷᠡᠭᠯᠡᠬᠦ ᠪᠠᠷ ᠪᠠᠶᠢᠭ᠎ᠠ ᠬᠥᠮᠥᠰ ᠢ ᠲᠣᠭᠲᠠᠭᠠᠨ᠎ᠠ᠃ ᠤᠷᠢᠨ ᠬᠡᠷᠡᠭᠯᠡᠬᠦ ᠪᠠᠷ ᠪᠠᠶᠢᠭ᠎ᠠ ᠬᠥᠮᠥᠰ ᠤᠨ ᠨᠡᠷᠡᠰ ᠢ ᠤᠷᠢᠨ ᠬᠡᠷᠡᠭᠯᠡᠬᠦ ᠨᠢᠭᠡᠴᠢ  ᠠᠴᠠ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠢᠯᠡ ᠨᠡᠶᠢᠲᠡᠯᠡᠨ᠎ᠡ᠂ ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠪᠣᠯᠣᠨ᠎ᠠ᠃      8.ᠤᠷᠢᠨ ᠬᠡᠷᠡᠭᠯᠡᠬᠦ      ᠢᠯᠡ ᠨᠡᠶᠢᠲᠡᠯᠡᠬᠦ ᠬᠤᠭᠤᠴᠠᠭ᠎ᠠ ᠳᠠᠭᠤᠰᠲᠠᠯ᠎ᠠ ᠣᠨᠳᠣᠣ ᠰᠠᠨᠠᠯ ᠦᠭᠡᠢ ᠪᠠᠶᠢᠪᠠᠯ ᠂ ᠲᠣᠭᠲᠠᠭᠠᠯ ᠶᠣᠰᠣᠭᠠᠷ ᠤᠷᠢᠨ ᠬᠡᠷᠡᠭᠯᠡᠬᠦ ᠭᠠᠷ ᠭᠦᠢᠴᠡᠳᠬᠡᠯ ᠬᠢᠨ᠎ᠡ ᠃ ᠤᠷᠢᠨ ᠬᠡᠷᠡᠭᠯᠡᠬᠦ ᠨᠢᠭᠡᠴᠢ ᠨᠢ ᠤᠷᠢᠭᠳᠠᠭᠰᠠᠳ ᠲᠠᠢ ᠤᠷᠢᠨ ᠬᠡᠷᠡᠭᠯᠡᠬᠦ ᠭᠡᠷ᠎ᠡ ᠲᠣᠭᠲᠠᠭᠠᠨ᠎ᠠ ᠃ ᠤᠷᠢᠨ ᠬᠡᠷᠡᠭᠯᠡᠬᠦ ᠭᠡᠷ᠎ᠡ ᠳᠤ ᠂ ᠤᠷᠢᠨ ᠬᠡᠷᠡᠭᠯᠡᠬᠦ ᠨᠢᠭᠡᠴᠢ ᠨᠢ ᠤᠷᠢᠨ ᠬᠡᠷᠡᠭᠯᠡᠬᠦ ᠬᠥᠮᠥᠨ ᠲᠠᠢ ᠲᠤᠷᠰᠢᠨ ᠬᠡᠷᠡᠭᠯᠡᠬᠦ ᠬᠤᠭᠤᠴᠠᠭ᠎ᠠ ᠶᠢ ᠪᠣᠯᠵᠣᠨ ᠲᠣᠭᠲᠠᠭᠠᠬᠤ ᠬᠡᠷᠡᠭᠲᠡᠢ ᠃ ᠤᠷᠢᠨ ᠬᠡᠷᠡᠭᠯᠡᠬᠦ ᠨᠢᠭᠡᠴᠢ ᠶᠢᠨ ᠠᠩᠬ᠎ᠠ ᠤᠳᠠᠭ᠎ᠠ ᠠᠵᠢᠯ ᠣᠯᠣᠭᠰᠠᠨ ᠰᠢᠨ᠎ᠡ ᠪᠠᠷ ᠤᠷᠢᠨ ᠬᠡᠷᠡᠭᠯᠡᠬᠦ ᠬᠥᠮᠥᠰ ᠲᠠᠢ ᠲᠣᠭᠲᠠᠭᠠᠭᠰᠠᠨ ᠤᠷᠢᠨ ᠬᠡᠷᠡᠭᠯᠡᠬᠦ ᠭᠡᠷ᠎ᠡ ᠶᠢᠨ ᠬᠤᠭᠤᠴᠠᠭ᠎ᠠ ᠨᠢ 3 ᠵᠢᠯ ᠠᠴᠠ ᠳᠡᠭᠡᠭᠰᠢ ᠪᠠᠶᠢᠪᠠᠯ ᠂ ᠲᠤᠷᠰᠢᠨ ᠬᠡᠷᠡᠭᠯᠡᠬᠦ ᠬᠤᠭᠤᠴᠠᠭ᠎ᠠ ᠨᠢ 12 ᠰᠠᠷ᠎ᠠ ᠪᠣᠯᠣᠨ᠎ᠠ ᠃ ᠲᠤᠷᠰᠢᠨ ᠬᠡᠷᠡᠭᠯᠡᠬᠦ ᠬᠤᠭᠤᠴᠠᠭ᠎ᠠ ᠶᠢ ᠤᠷᠢᠨ ᠬᠡᠷᠡᠭᠯᠡᠬᠦ ᠭᠡᠷ᠎ᠡ ᠶᠢᠨ ᠬᠤᠭᠤᠴᠠᠭᠠᠨ ᠳᠤ ᠪᠠᠭᠲᠠᠭᠠᠨ᠎ᠠ ᠂ ᠲᠤᠷᠰᠢᠨ ᠬᠡᠷᠡᠭᠯᠡᠬᠦ ᠬᠤᠭᠤᠴᠠᠭ᠎ᠠ ᠨᠢ ᠳᠦᠭᠦᠷᠦᠭᠡᠳ ᠬᠢᠷᠢ ᠲᠡᠩᠴᠡᠭᠰᠡᠨ ᠪᠠᠶᠢᠪᠠᠯ ᠵᠢᠩᠬᠢᠨᠢ ᠪᠠᠷ ᠤᠷᠢᠨ ᠬᠡᠷᠡᠭᠯᠡᠨ᠎ᠡ ᠃      ᠤᠷᠢᠭᠳᠠᠭᠰᠠᠳ ᠤᠨ ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠬᠤ ᠪᠥᠬᠦ ᠶᠠᠪᠤᠴᠠ ᠳᠤ ᠲᠤᠭᠤᠰᠢᠯᠠᠭᠤᠯᠤᠨ᠎ᠠ ᠃ ᠤᠷᠢᠭᠳᠠᠬᠤ ᠪᠠᠷ ᠪᠠᠶᠢᠭ᠎ᠠ ᠬᠥᠮᠥᠰ ᠲᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠂ ᠤᠷᠢᠨ ᠬᠡᠷᠡᠭᠯᠡᠬᠦ ᠬᠢᠷᠢ ᠬᠡᠮ ᠢ ᠨᠢ ᠬᠠᠰᠤᠨ᠎ᠠ ᠄      ︵ 1 ︶ ᠲᠤᠰ ᠬᠤᠭᠤᠴᠠᠭᠠᠨ ᠤ ᠰᠤᠷᠭᠠᠭᠤᠯᠢ ᠲᠡᠭᠦᠰᠬᠦ ᠰᠤᠷᠤᠭᠴᠢᠳ ᠲᠡᠭᠦᠰᠦᠭᠰᠡᠨ ᠦᠨᠡᠮᠯᠡᠯ ᠂ ᠡᠷᠳᠡᠮ ᠤᠨ ᠴᠣᠯᠠ ᠶᠢᠨ ᠦᠨᠡᠮᠯᠡᠯ ᠢ ᠲᠣᠭᠲᠠᠭᠰᠠᠨ ᠬᠤᠭᠤᠴᠠᠭᠠᠨ ᠳᠤ ᠪᠠᠨ ᠣᠯᠵᠤ ᠳᠡᠶᠢᠯᠦᠭᠰᠡᠨ ᠦᠭᠡᠢ ︔      ︵2︶ ᠤᠷᠢᠭᠳᠠᠭᠰᠠᠳ ᠨᠢ ᠲᠣᠰ ᠤᠳᠠᠭᠠᠨ ᠤ ᠢᠯᠡ ᠪᠠᠷ ᠤᠷᠢᠨ ᠬᠡᠷᠡᠭᠯᠡᠬᠦ ᠳᠤ ᠤᠷᠢᠨ ᠬᠡᠷᠡᠭᠯᠡᠬᠦ ᠶᠢ ᠳᠠᠩᠰᠠᠯᠠᠭᠤᠯᠬᠤ ᠭᠠᠷᠳᠠᠮ ᠭᠦᠢᠴᠡᠳᠬᠡᠬᠦ ᠠᠴᠠ ᠡᠮᠦᠨ᠎ᠡ ᠪᠤᠰᠤᠳ ᠠᠵᠢᠯ ᠦᠢᠯᠡᠰ ᠤᠨ ᠨᠢᠭᠡᠴᠢ ᠳᠤ ᠤᠷᠢᠨ ᠬᠡᠷᠡᠭᠯᠡᠭᠳᠡᠭᠰᠡᠨ ᠪᠥᠭᠡᠳ ᠲᠤᠷᠰᠢᠨ ᠬᠡᠷᠡᠭᠯᠡᠬᠦ ᠬᠤᠭᠤᠴᠠᠭ᠎ᠠ ᠨᠢ ᠳᠦᠭᠦᠷᠦᠭᠡᠳᠦᠢ ᠪᠠᠶᠢᠪᠠᠯ ︵ᠣᠷᠣᠨ ᠲᠤᠭ᠎ᠠ ᠪᠠᠷ ᠤᠷᠢᠨ ᠬᠡᠷᠡᠭᠯᠡᠬᠦ ᠳᠤ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠭᠤᠯᠭᠠᠭᠰᠠᠨ ᠳᠠᠩᠰᠠᠯᠠᠯᠲᠠ ᠪᠤᠶᠤ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠨ᠎ᠠ︶᠂ ᠡᠰᠡᠬᠦᠯ᠎ᠡ ᠠᠯᠪᠠᠲᠠᠨ ᠡᠯᠰᠡᠬᠦ ᠰᠢᠯᠭᠠᠯᠲᠠ ᠳᠤ ᠰᠢᠨ᠎ᠡ ᠪᠠᠷ ᠡᠯᠰᠡᠭᠳᠡᠭᠰᠡᠨ ᠪᠠᠶᠢᠪᠠᠯ ︵ᠤᠷᠢᠨ ᠬᠡᠷᠡᠭᠯᠡᠬᠦ ᠶᠢ ᠡᠷᠭᠢᠯᠡᠨ ᠬᠠᠮᠢᠶᠠᠷᠬᠤ ᠪᠠᠶᠢᠭᠤᠯᠭ᠎ᠠ ᠶᠢᠨ ᠪᠠᠭᠤᠯᠭᠠᠭᠰᠠᠨ ᠤᠷᠢᠨ ᠬᠡᠷᠡᠭᠯᠡᠬᠦ ᠳᠠᠩᠰᠠᠯᠠᠯᠲᠠ ᠪᠤᠶᠤ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠨ᠎ᠠ︶ ᠲᠣᠰ ᠤᠳᠠᠭᠠᠨ ᠤ ᠤᠷᠢᠨ ᠬᠡᠷᠡᠭᠯᠡᠬᠦ ᠬᠢᠷᠢ ᠬᠡᠮ ᠢ ᠨᠢ ᠬᠠᠰᠤᠨ᠎ᠠ︔      ︵ 3 ︶ ᠲᠤᠷᠰᠢᠨ ᠬᠡᠷᠡᠭᠯᠡᠬᠦ ᠬᠤᠭᠤᠴᠠᠭᠠᠨ ᠳᠤ ᠪᠤᠶᠤ ᠬᠤᠭᠤᠴᠠᠭ᠎ᠠ ᠨᠢ ᠳᠦᠭᠦᠷᠦᠭᠰᠡᠨ ᠪᠠᠶᠢᠲᠠᠯ᠎ᠠ ᠬᠢᠨᠠᠨ ᠰᠢᠯᠭᠠᠭᠠᠳ ᠬᠢᠷᠢ ᠲᠡᠩᠴᠡᠭᠰᠡᠨ ᠦᠭᠡᠢ ︔      ︵4︶ ᠢᠯᠡ ᠪᠠᠷ ᠤᠷᠢᠨ ᠬᠡᠷᠡᠭᠯᠡᠬᠦ ᠶᠠᠪᠤᠴᠠ ᠳᠤ ᠮᠡᠳᠡᠭᠡ ᠵᠠᠩᠭᠢ ᠨᠢ ᠦᠨᠡᠨ ᠪᠣᠳᠠᠲᠠᠢ ᠪᠢᠰᠢ᠂ ᠨᠥᠬᠦᠴᠡᠯ  ᠨᠢ ᠨᠡᠶᠢᠴᠡᠬᠦ ᠦᠭᠡᠢ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠵᠡᠷᠭᠡ ᠨᠢ ᠤᠷᠢᠨ ᠬᠡᠷᠡᠭᠯᠡᠬᠦ ᠶᠢ ᠨᠥᠯᠥᠭᠡᠯᠡᠭᠰᠡᠨ ᠪᠠᠶᠢᠳᠠᠯ ᠢ ᠪᠠᠭᠲᠠᠭᠠᠨ᠎ᠠ ᠃      ᠲᠠᠪᠤ ᠂ ᠪᠤᠰᠤᠳ ᠱᠠᠭᠠᠷᠳᠠᠯᠭ᠎ᠠ      1. ᠲᠣᠰ ᠤᠳᠠᠭᠠᠨ ᠤ ᠤᠷᠢᠨ ᠬᠡᠷᠡᠭᠯᠡᠬᠦ ᠶᠢᠨ ᠡᠯ᠎ᠡ ᠭᠤᠭᠴᠤᠭ᠎ᠠ ᠳᠤ ᠣᠷᠣᠨ ᠲᠤᠭ᠎ᠠ ᠳᠤᠲᠠᠭᠳᠠᠬᠤ ᠪᠠᠶᠢᠳᠠᠯ ᠭᠠᠷᠪᠠᠯ᠂ ᠳᠠᠷᠠᠭᠠᠯᠠᠨ ᠨᠥᠬᠦᠵᠦ᠂ ᠵᠥᠪᠬᠡᠨ ᠨᠢᠭᠡ ᠯᠡ ᠤᠳᠠᠭ᠎ᠠ ᠨᠥᠬᠦᠵᠦ᠂ ᠤᠲᠠᠰᠤ ᠪᠠᠷ ᠰᠢᠯᠭᠠᠭᠤᠯᠤᠭᠴᠢ ᠳᠤ ᠮᠡᠳᠡᠭᠳᠡᠨ᠎ᠡ᠃ ᠤᠷᠢᠨ ᠬᠡᠷᠡᠭᠯᠡᠬᠦ ᠶᠢ ᠳᠠᠩᠰᠠᠯᠠᠭᠤᠯᠬᠤ ᠭᠠᠷᠳᠠᠮ ᠢ ᠭᠦᠢᠴᠡᠳᠬᠡᠭᠰᠡᠨ ᠤ ᠳᠠᠷᠠᠭ᠎ᠠ᠂ ᠤᠷᠢᠨ ᠬᠡᠷᠡᠭᠯᠡᠬᠦ ᠪᠠᠨ ᠪᠣᠯᠢᠭᠰᠠᠨ ᠪᠤᠶᠤ ᠬᠦᠴᠦᠨ ᠦᠭᠡᠢ ᠪᠣᠯᠭᠠᠭᠰᠠᠨ ᠠᠴᠠ ᠪᠤᠯᠤᠭᠰᠠᠨ ᠠᠵᠢᠯ ᠤᠨ ᠪᠠᠶᠢᠷᠢ ᠶᠢᠨ ᠬᠤᠭᠤᠰᠤᠨ ᠣᠷᠣ ᠶᠢ ᠳᠠᠭᠢᠵᠤ ᠨᠥᠬᠦᠵᠦ ᠥᠭᠬᠦ ᠦᠭᠡᠢ᠃      2. ᠤᠷᠢᠭᠳᠠᠭᠰᠠᠳ ᠢᠯᠡ ᠪᠠᠷ ᠤᠷᠢᠨ ᠬᠡᠷᠡᠭᠯᠡᠬᠦ ᠳᠤ ᠪᠠᠨ ᠰᠠᠬᠢᠯᠭ᠎ᠠ ᠪᠠᠲᠤ ᠳᠦᠷᠢᠮ ᠲᠣᠭᠲᠠᠭᠠᠯ ᠢ ᠵᠥᠷᠢᠴᠡᠭᠰᠡᠨ ᠪᠠᠶᠢᠪᠠᠯ᠂ ︽ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠨ ᠬᠡᠷᠡᠭᠯᠡᠬᠦ ᠶᠢᠨ ᠰᠠᠬᠢᠯᠭ᠎ᠠ ᠪᠠᠲᠤ ᠳᠦᠷᠢᠮ ᠲᠣᠭᠲᠠᠭᠠᠯ ᠢ ᠵᠥᠷᠢᠴᠡᠭᠰᠡᠨ ᠦᠶᠯᠡ ᠠᠵᠢᠯᠯᠠᠭ᠎ᠠ ᠶᠢ ᠰᠢᠢᠳᠪᠦᠷᠢᠯᠡᠬᠦ ᠲᠣᠭᠲᠠᠭᠠᠯ︾ ᠤᠨ ᠬᠤᠯᠪᠣᠭᠳᠠᠯ ᠪᠦᠬᠦᠢ ᠵᠦᠢᠯ ᠵᠤᠷᠪᠤᠰ ᠤᠨ ᠲᠣᠭᠲᠠᠭᠠᠯ ᠶᠣᠰᠣᠭᠠᠷ᠂ ᠤᠷᠢᠭᠳᠠᠭᠰᠠᠳ ᠤᠨ ᠢᠲᠡᠭᠡᠮᠵᠢ ᠶᠢᠨ ᠲᠠᠩᠰᠠ ᠡᠪᠬᠡᠮᠡᠯ ᠳᠤ ᠲᠡᠮᠳᠡᠭᠯᠡᠨ ᠣᠷᠣᠭᠤᠯᠤᠨ᠎ᠠ᠃      3. ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠵᠠᠶᠢᠯᠠᠬᠤ ᠳᠦᠷᠢᠮ ᠢ ᠬᠡᠷᠡᠭᠵᠢᠭᠦᠯᠦᠨ᠎ᠡ᠃      4. ᠲᠣᠰ ᠤᠳᠠᠭᠠᠨ ᠤ ᠢᠯᠡ ᠪᠠᠷ ᠠᠵᠢᠯᠲᠠᠨ ᠤᠷᠢᠨ ᠬᠡᠷᠡᠭᠯᠡᠬᠦ ᠠᠯᠪᠠᠨ ᠵᠠᠷ ᠲᠤ ᠰᠢᠢᠳᠪᠦᠷᠢᠯᠡᠵᠦ ᠳᠠᠭᠤᠰᠤᠭᠠᠳᠤᠢ ᠤᠴᠢᠷ ᠶᠠᠪᠤᠳᠠᠯ ᠵᠢᠴᠢ ᠬᠤᠯᠪᠣᠭᠳᠠᠯ ᠪᠦᠬᠦᠢ ᠮᠡᠳᠡᠭᠡ ᠵᠠᠩᠭᠢ ᠶᠢ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠰᠦᠯᠵᠢᠶᠡᠨ ᠳᠡᠭᠡᠷ᠎ᠡ ᠴᠠᠭ ᠲᠤᠬᠠᠢ ᠳᠤ  ᠨᠢ ᠨᠡᠶᠢᠲᠡᠯᠡᠨ᠎ᠡ᠂ ᠠᠩᠬᠠᠷᠤᠯ ᠳᠤ ᠪᠠᠨ ᠠᠪᠤᠭᠠᠷᠠᠢ᠃      ᠵᠢᠷᠭᠤᠭ᠎ᠠ᠂ ᠬᠠᠷᠢᠯᠴᠠᠬᠤ ᠠᠷᠭ᠎ᠠ      ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0471-6651073 ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶      ᠲᠥᠷᠥ ᠶᠢᠨ ᠪᠣᠳᠣᠯᠭ᠎ᠠ ᠶᠢᠨ ᠯᠠᠪᠯᠠᠭ᠎ᠠ ᠶᠢᠨ ᠤᠲᠠᠰᠤ᠄ 0471 ︱ 6652151 ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶      ᠰᠦᠯᠵᠢᠶ᠎ᠡ ᠪᠠᠷ ᠮᠡᠳᠡᠭᠦᠯᠬᠦ ᠮᠡᠷᠭᠡᠵᠢᠯ ᠤᠨ ᠯᠠᠪᠯᠠᠭ᠎ᠠ ᠶᠢᠨ ᠤᠲᠠᠰᠤ᠄ 0471 ︱ 6601168᠂ 6600198 ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠬᠦᠷᠢᠶᠡᠯᠡᠩ︶      ᠲᠣᠰ ᠠᠯᠪᠠᠨ ᠵᠠᠷ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ ᠲᠠᠶᠢᠯᠪᠤᠷᠢᠯᠠᠨ᠎ᠠ᠃      ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ 2023 ᠣᠨ ᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠤᠷᠢᠨ ᠬᠡᠷᠡᠭᠯᠡᠬᠦ ᠠᠵᠢᠯ ᠤᠨ ᠪᠠᠶᠢᠷᠢ ᠶᠢᠨ ᠬᠦᠰᠦᠨᠦᠭᠲᠦ                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                        ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                                2023 ᠣᠨ ᠤ 3 ᠰᠠᠷ᠎ᠠ ᠶᠢᠨ 17 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号