ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ | ᠣᠶᠢᠯᠠᠭᠠᠭᠰᠠᠨ ᠢᠶᠠᠷ᠂ 2022 ᠣᠨ ᠳᠤ ᠮᠠᠨ ᠤ ᠤᠷᠤᠨ ᠤᠰᠤ ᠠᠷᠪᠢᠯᠡᠬᠤ ᠠᠵᠢᠯ ᠢ ᠶᠡᠭᠡ ᠪᠠᠷ ᠠᠬᠢᠭᠤᠯᠵᠤ᠂ | ᠨᠢᠭᠡ ᠵᠢᠯ ᠤᠨ ᠲᠤᠷᠰᠢ ᠪᠦᠬᠦ ᠤᠷᠤᠨ ᠤ ᠡᠯ᠎ᠡ ᠭᠠᠵᠠᠷ ᠤᠷᠤᠨ ᠤ ᠬᠢᠨ ᠤᠰᠤᠯᠠᠯᠲᠠ ᠶᠢᠨ ᠣᠷᠣᠨ ᠵᠢᠴᠢ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠᠷ ᠳᠠᠮᠵᠢᠨ ᠲᠠᠷᠢᠶᠠᠯᠠᠩ ᠳᠤ ᠬᠡᠷᠡᠭᠯᠡᠬᠦ ᠤᠰᠤᠨ ᠤ | ᠬᠠᠮᠢᠶᠠᠷᠤᠯᠲᠠ ᠶᠢ ᠦᠷᠭᠦᠯᠵᠢᠯᠡᠨ ᠰᠠᠶᠢᠳᠤᠷ ᠠᠳᠬᠤᠵᠤ ᠂ ᠪᠣᠷᠣᠲᠣᠬᠤᠶ ᠪᠠ ᠳ᠋ᠧᠩᠺᠧᠦ 2 ᠲᠣᠮᠣ ᠬᠡᠯᠪᠡᠷᠢ ᠶᠢᠨ | ᠤᠰᠤᠯᠠᠯᠲᠠ ᠶᠢᠨ ᠣᠷᠣᠨ ᠪᠣᠯᠤᠨ ᠰᠠᠨ ᠬᠤ᠋ ᠾᠧ᠂ ᠬᠤᠸᠠ ᠮᠥ ᠯᠠᠨ᠂ ᠵᠢᠶ ᠴᠢᠨ ᠾᠧ᠂ ᠬᠤᠩ ᠰᠢᠩ ᠵᠡᠷᠬᠡ 4 | ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ ᠶᠢᠨ ᠤᠰᠤᠯᠠᠯᠲᠠ ᠶᠢᠨ | ᠲᠠᠯᠠᠪᠠᠶ ᠶᠢ 120.05 ᠲᠦᠮᠡᠨ ᠮᠦ ᠦᠭᠡᠷᠡᠴᠢᠯᠡᠨ ᠰᠠᠶᠢᠵᠢᠷᠠᠭᠤᠯᠵᠦ ᠂ ᠤᠰᠤ ᠠᠷᠪᠢᠯᠠᠬᠤ ᠴᠢᠳᠠᠪᠤᠷᠢ ᠶᠢ | ᠰᠢᠨ᠎ᠡ ᠪᠠᠷ 5957 ᠲᠦᠮᠡᠨ ᠪᠣᠰᠤᠭ᠎ᠠ ᠳᠥᠷᠪᠡᠯᠵᠢᠨ ᠮᠧᠲᠷ ᠨᠡᠮᠡᠭᠳᠡᠭᠦᠯᠪᠡ ᠃ | ᠮᠠᠨ ᠤ ᠤᠷᠤᠨ ᠨᠢᠳᠤᠨᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ | ᠬᠡᠷᠡᠭᠯᠡᠬᠦ ᠤᠰᠤ ᠶᠢ ᠠᠷᠪᠢᠯᠠᠬᠤ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠢ ᠲᠣᠭᠲᠠᠭᠠᠵᠤ ᠂ | ᠲᠠᠷᠢᠶᠠᠯᠠᠩ ᠳᠤ ᠬᠡᠷᠡᠭᠯᠡᠬᠦ ᠤᠰᠤᠨ ᠤ ᠬᠠᠮᠢᠶᠠᠷᠤᠯᠲᠠ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ | ᠪᠦᠷᠢᠯᠳᠦᠯ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠬᠠᠮᠠᠭᠠᠯᠠᠯᠲᠠ᠂ ᠤᠰᠤ ᠠᠷᠪᠢᠯᠠᠭᠰᠠᠨ | ᠱᠠᠩᠨᠠᠯ ᠪᠠ ᠨᠠᠷᠢᠯᠢᠭ ᠤᠨᠤᠴᠠᠳᠠᠢ ᠨᠥᠬᠦᠪᠥᠷᠢ ᠵᠡᠷᠭᠡ 4 ᠵᠦᠢᠯ ᠤᠨ ᠲᠣᠭᠲᠠᠴᠠ ᠶᠢ ᠲᠦᠷᠭᠡᠳᠭᠡᠨ ᠪᠠᠶᠢᠭᠤᠯᠪᠠ ᠃ | ᠪᠠᠰᠠ ᠤᠯᠤᠰ ᠤᠨ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠪᠠᠯᠠ ᠮᠦᠩᠭᠦ ᠶᠢ ᠬᠡᠷᠡᠭᠯᠡᠬᠦ ᠱᠠᠭᠠᠷᠳᠠᠯᠭ᠎ᠠ ᠶᠣᠰᠣᠭᠠᠷ᠂ ᠤᠯᠤᠰ ᠤᠨ ᠬᠠᠲᠤᠨ ᠭᠤᠤᠯ ᠤᠨ | ᠰᠠᠪᠠ ᠭᠠᠵᠠᠷ ᠤᠨ ᠤᠰᠤ ᠠᠷᠪᠢᠯᠠᠵᠤ ᠬᠢᠵᠠᠭᠠᠷᠯᠠᠬᠤ᠂ ᠪᠠᠷᠠᠭᠤᠨ ᠯᠢᠶᠣᠤ ᠾᠧ ᠭᠤᠤᠯ ᠤᠨ ︽ᠤᠰᠤᠨ ᠤ | ᠪᠠᠶᠢᠳᠠᠯ ᠢᠶᠠᠷ ᠪᠤᠳᠠᠳᠠᠢ ᠠᠵᠢᠯᠯᠠᠵᠤ ᠬᠡᠷᠡᠭᠴᠡᠭᠡ ᠪᠠᠨ ᠲᠤᠭᠲᠠᠭᠠᠬᠤ︾ ᠱᠠᠭᠠᠷᠳᠠᠯᠭ᠎ᠠ ᠲᠠᠢ ᠤᠶᠠᠯᠳᠤᠭᠤᠯᠵᠤ | ᠪᠠᠶᠢᠭᠠᠳ 2022 ᠣᠨ ᠤ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠪᠠᠯᠠ ᠮᠦᠩᠭᠦ ᠶᠢ 7428 ᠲᠦᠮᠡᠨ ᠲᠥᠭᠦᠷᠢᠭ ᠪᠠᠭᠤᠯᠭᠠᠵᠤ᠂ ᠬᠠᠲᠤᠨ ᠭᠤᠤᠯ ᠤᠨ ᠰᠠᠪᠠ | ᠭᠠᠵᠠᠷ ᠤᠨ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠳᠤ | ᠭᠤᠤᠯᠳᠠᠯᠭ᠎ᠠ ᠲᠠᠢ ᠬᠡᠷᠡᠭᠯᠡᠭᠦᠯᠬᠦ ᠶᠢᠨ ᠬᠠᠮᠲᠤ ᠪᠤᠰᠤᠳ ᠰᠠᠪᠠ ᠭᠠᠵᠠᠷ ᠤᠨ ᠥᠩᠭᠡᠨ ᠲᠠᠯ᠎ᠠ ᠶᠢᠨ ᠲᠠᠷᠢᠶᠠᠯᠠᠩ ᠳᠤ | ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠬᠠᠮᠲᠤ ᠳᠤᠨᠢ | ᠬᠠᠷᠠᠭᠠᠯᠵᠠᠵᠤ᠂ ᠪᠦᠬᠦ ᠵᠢᠯ ᠳᠤ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠨᠭ᠍ᠰᠢ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠡᠭᠦᠷᠭᠡ ᠶᠢ ᠠᠬᠢᠭᠤᠯᠤᠭᠰᠠᠨ ᠲᠠᠯᠠᠪᠠᠶ 473 ᠲᠦᠮᠡᠨ ᠮᠥ ᠳᠤ ᠬᠦᠷᠦᠭᠰᠡᠨ ᠪᠠᠶᠢᠨ᠎ᠠ ᠃ | |