ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 17 ᠤ ᠡᠳᠦᠷ ᠤᠨ ᠮᠡᠳᠡᠭᠡ 3 ᠳ᠋ᠤᠭᠠᠷ | ᠰᠠᠷ᠎ᠠ ᠶᠢᠨ 17 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠰᠢᠨ᠎ᠡ ᠨᠢᠭᠡ | ᠬᠤᠭᠤᠴᠠᠭᠠᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠠᠩᠬᠠᠳᠤᠭᠠᠷ ᠪᠦᠭᠦᠳᠡ ᠬᠤᠷᠠᠯ ᠢ ᠬᠤᠷᠠᠯᠳᠤᠭᠤᠯᠪᠠ᠃ | ᠬᠤᠷᠠᠯ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠤᠳᠤᠷᠢᠳᠬᠤ ᠨᠥᠬᠦᠳ ᠤᠨ ᠠᠵᠢᠯ ᠤᠨ ᠬᠤᠪᠢᠶᠠᠷᠢᠯᠠᠯ ᠪᠠ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠭᠤᠯᠤᠮᠵᠢ ᠶᠢᠨ ᠲᠣᠬᠢᠷᠠᠭᠤᠯᠤᠯᠲᠠ ᠶᠢ ᠨᠡᠶᠢᠲᠡᠯᠡᠵᠦ ᠂ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠤᠨ ᠳᠦᠷᠢᠮ︾ ᠢ ᠬᠢᠨᠠᠨ ᠵᠥᠪᠯᠡᠵᠦ ᠪᠠᠲᠤᠯᠠᠭᠠᠳ᠂ | ᠵᠠᠰᠠᠭ ᠤᠨ ᠣᠷᠳᠣᠨ ᠤ ᠠᠵᠢᠯ ᠳᠤ ᠪᠠᠶᠢᠷᠢᠯᠠᠭᠤᠯᠤᠯᠲᠠ ᠬᠢᠵᠡᠢ ᠃ ᠯᠢ ᠴᠢᠶᠠᠩ ᠂ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ | ᠬᠠᠮᠠᠭᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠂ | ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ ᠠᠵᠢᠯ ᠢᠶᠠᠨ ᠥᠷᠨᠢᠭᠦᠯᠵᠦ ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯ ᠢ ᠪᠡᠶᠡᠯᠡᠭᠦᠯᠬᠦ ᠶᠢᠨ ᠲᠥᠯᠥᠭᠡ | ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ ᠃ | ᠯᠢ ᠴᠢᠶᠠᠩ ᠵᠢᠭᠠᠬᠤ ᠳᠤ ᠪᠠᠨ ᠂ ᠲᠣᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭᠠᠨ ᠤ | ᠲᠠᠪᠤᠨ ᠵᠢᠯ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ | ᠡᠬᠢᠯᠡᠯᠲᠡ ᠶᠢᠨ ᠵᠠᠩᠭᠢᠯᠠᠭ᠎ᠠ ᠶᠢᠨ ᠬᠤᠭᠤᠴᠠᠭ᠎ᠠ ᠮᠥᠨ ᠃ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠪᠣᠯ | ᠳᠠᠷᠤᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠵᠤ ᠂ | ᠰᠠᠶᠢᠲᠤᠷ ᠨᠠᠶᠢᠳᠠᠪᠤᠷᠢᠵᠢᠭᠤᠯᠬᠤ ᠶᠠᠪᠤᠳᠠᠯ ᠶᠤᠮ ᠂ ᠮᠠᠨ ᠤ ᠨᠥᠬᠦᠳ ᠨᠢᠭᠡᠪᠦᠷᠢ ᠴᠥᠮ ᠰᠠᠶᠢᠲᠤᠷ ᠭᠦᠢᠴᠡᠳᠬᠡᠭᠴᠢ᠂ | ᠠᠵᠢᠯᠯᠠᠭᠠᠴᠢ ᠂ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ ᠃ ᠭᠦᠢᠴᠡᠳᠬᠡᠭᠴᠢ ᠨᠢ ᠳᠠᠷᠤᠢ ᠨᠠᠮ ᠤᠨ ᠲᠥᠪ ᠬᠤᠷᠢᠶᠠᠨ ᠤ | ᠪᠠᠶᠢᠯᠳᠤᠬᠤ ᠪᠣᠳᠣᠯᠭ᠎ᠠ ᠶᠢᠨ ᠵᠣᠷᠢᠯᠲᠠ ᠶᠢ ᠪᠦᠬᠦ ᠲᠠᠯ᠎ᠠ ᠪᠠᠷ ᠣᠨᠣᠪᠴᠢᠲᠠᠢ ᠣᠶᠢᠯᠠᠭᠠᠨ ᠂ ᠨᠠᠮ ᠤᠨ ᠲᠥᠪ ᠬᠤᠷᠢᠶᠠᠨ ᠤ | ᠡᠯ᠎ᠡ ᠵᠦᠢᠯ ᠤᠨ ᠱᠠᠭᠠᠷᠳᠠᠯᠭ᠎ᠠ ᠨᠤᠭᠤᠳ ᠢ ᠭᠤᠶᠢᠪᠢᠰᠢ ᠦᠭᠡᠢ ᠨᠠᠶᠢᠳᠠᠪᠤᠷᠢᠵᠢᠭᠤᠯᠬᠤ ᠶᠢᠨ ᠬᠠᠮᠲᠤ ᠪᠦᠲᠦᠭᠡᠯᠴᠢ ᠪᠠᠷ | ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠪᠣᠲᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠃ ᠠᠵᠢᠯᠯᠠᠭᠠᠴᠢ ᠨᠢ ᠳᠠᠷᠤᠢ | ᠦᠢᠯᠡ ᠠᠵᠢᠯᠯᠠᠭ᠎ᠠ ᠪᠠᠷ ᠢᠶᠠᠨ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ ᠂ ᠨᠠᠮ ᠤᠨ ᠲᠥᠪ ᠬᠤᠷᠢᠶᠠᠨ ᠤ ᠤᠷᠢᠶᠠᠯᠠᠭ᠎ᠠ ᠶᠢ | ᠲᠠᠭᠠᠨ ᠂ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ ᠲᠤᠭᠤᠰᠢᠯᠠᠭᠤᠯᠵᠤ᠂ ᠡᠷᠬᠡᠪᠰᠢ ᠪᠤᠰᠢᠭᠤ ᠱᠠᠯᠠᠮᠠᠭᠠᠢ ᠪᠥᠭᠡᠳ | ᠡᠷᠡᠰ ᠰᠢᠭᠤᠷᠬᠠᠢ ᠪᠠᠶᠢᠵᠤ ᠂ ᠨᠠᠮ ᠤᠨ ᠲᠥᠪ ᠬᠤᠷᠢᠶᠠᠨ ᠤ ᠵᠠᠰᠠᠭ ᠤᠨ ᠵᠠᠷᠯᠢᠭ ᠤᠨ ᠤᠷᠤᠭᠰᠢᠲᠠᠢ ᠶᠠᠪᠤᠭᠳᠠᠬᠤ ᠂ ᠵᠠᠷᠯᠢᠭ | ᠴᠠᠭᠠᠵᠠ ᠶᠢ ᠴᠢᠩᠭ᠎ᠠ ᠲᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠪᠣᠳᠠᠲᠠᠢ ᠠᠵᠢᠯᠯᠠᠭᠴᠢ ᠨᠢ ᠳᠠᠷᠤᠢ ᠦᠨᠡᠨ ᠬᠦ | ᠠᠳᠬᠤᠨ ᠪᠣᠳᠠᠲᠠᠢ ᠬᠢᠵᠦ ᠰᠢᠷᠭᠠᠭᠤ ᠬᠠᠲᠠᠭᠤᠵᠢᠯᠲᠠᠢ ᠠᠵᠢᠯᠯᠠᠬᠤ ᠪᠠᠷ ᠦᠯᠦ ᠪᠠᠷᠠᠮ ᠴᠢᠳᠠᠮᠠᠭᠠᠢ ᠪᠠᠷ ᠬᠢᠵᠦ ᠪᠦᠲᠦᠭᠡᠨ ᠂ | ᠲᠡᠦᠬᠡ ᠂ ᠦᠢᠯᠡᠳᠦᠯᠭᠡ ᠪᠠ ᠠᠷᠠᠳ ᠲᠦᠮᠡᠨ ᠤ ᠰᠢᠯᠭᠠᠯᠲᠠ ᠶᠢ ᠳᠠᠪᠠᠵᠤ ᠳᠡᠶᠢᠯᠬᠦ ᠠᠮᠵᠢᠯᠲᠠ ᠪᠦᠲᠦᠮᠵᠢ ᠶᠢ ᠴᠢᠷᠮᠠᠶᠢᠨ | ᠡᠭᠦᠳᠬᠦ ᠬᠡᠷᠡᠭᠲᠡᠢ ᠭᠡᠵᠡᠢ᠃ | ᠯᠢ ᠴᠢᠶᠠᠩ ᠂ ᠨᠠᠮ ᠤᠨ ᠲᠥᠪ ᠬᠤᠷᠢᠶᠠᠨ ᠤ ᠡᠨᠡ ᠵᠢᠯ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ ᠂ | ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ ᠂ ᠰᠢᠨ᠎ᠡ ᠭᠠᠷᠤᠭ᠎ᠠ ᠠᠴᠠ | ᠡᠯ᠎ᠡ ᠵᠦᠢᠯ ᠤᠨ ᠠᠵᠢᠯ ᠤᠨ ᠰᠠᠶᠢᠨ ᠡᠬᠢᠯᠡᠯᠲᠡ ᠲᠠᠢ ᠪᠣᠯᠬᠤ ᠶᠢ ᠠᠬᠢᠭᠤᠯᠬᠤ ᠬᠡᠷᠡᠭᠲᠡᠢ ᠃ ᠴᠢᠨᠠᠷ ᠰᠠᠶᠢᠲᠠᠢ ᠬᠥᠭᠵᠢᠯᠲᠡ | ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠴᠢᠩᠭ᠎ᠠ ᠠᠳᠬᠤᠨ ᠂ ᠲᠣᠭᠲᠠᠭᠤᠨ ᠢ ᠲᠡᠷᠢᠭᠦᠨ ᠳᠤ ᠲᠠᠯᠪᠢᠬᠤ ᠂ | ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠨ ᠂ ᠰᠢᠨᠵᠢᠯᠡᠬᠦ ᠤᠬᠠᠭᠠᠨᠴᠢ ᠪᠥᠭᠡᠳ ᠣᠨᠣᠪᠴᠢᠲᠠᠢ ᠪᠠᠷ ᠬᠤᠷᠸ᠎ᠠ | ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠂ ᠠᠷᠭ᠎ᠠ ᠪᠣᠳᠣᠯᠭ᠎ᠠ ᠨᠤᠭᠤᠳ ᠢ ᠶᠡᠷᠦᠩᠬᠡᠶᠢᠯᠡᠨ ᠬᠡᠷᠡᠭᠵᠢᠭᠦᠯᠵᠦ ᠪᠠᠶᠢᠭᠠᠳ | ᠳᠣᠲᠣᠭᠠᠳᠤ ᠬᠡᠷᠡᠭᠴᠡᠭᠡᠨ ᠤ ᠳᠠᠯᠳᠠ ᠬᠦᠴᠦᠨ ᠢ ᠪᠠᠳᠠᠷᠠᠭᠤᠯᠤᠨ ᠂ ᠠᠵᠤ ᠠᠬᠤᠢ ᠶᠢᠨ ᠠᠵᠢᠯᠯᠠᠭᠠᠨ ᠤ ᠪᠦᠬᠦᠯᠢ | ᠴᠣᠭᠴᠠ ᠪᠠᠷ ᠢᠶᠠᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠃ ᠠᠵᠤ ᠠᠬᠤᠢ ᠶᠢ ᠬᠥᠭᠵᠢᠭᠦᠯᠬᠦ | ᠬᠦᠴᠦᠯᠡᠴᠡ ᠶᠢ ᠪᠣᠳᠠᠲᠤ ᠴᠣᠭᠴᠠᠲᠤ ᠠᠵᠤ ᠠᠬᠤᠢ ᠳᠡᠭᠡᠷ᠎ᠡ ᠲᠠᠯᠪᠢᠨ ᠂ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ | ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ ᠂ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ | ᠲᠦᠷᠭᠡᠳᠬᠡᠨ ᠪᠠᠶᠢᠭᠤᠯᠬᠤ ᠬᠡᠷᠡᠭᠲᠡᠢ ᠃ ᠥᠭᠡᠷᠡᠴᠢᠯᠡᠯᠲᠡ ᠨᠡᠭᠡᠭᠡᠯᠲᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠨ᠎ᠡ ᠨᠢᠭᠡ ᠡᠭᠡᠯᠵᠢ ᠶᠢᠨ ᠥᠭᠡᠷᠡᠴᠢᠯᠡᠯᠲᠡ ᠶᠢ ᠲᠥᠯᠥᠪᠵᠢᠭᠦᠯᠦᠨ | ᠬᠡᠷᠡᠭᠵᠢᠭᠦᠯᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ ᠂ ᠭᠠᠳᠠᠭᠠᠳᠤ | ᠠᠷᠠᠯᠵᠢᠶ᠎ᠠ ᠭᠠᠳᠠᠭᠠᠳᠤ ᠪᠡᠯᠡ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠬᠡᠷᠡᠭᠲᠡᠢ ᠃ ᠬᠦᠨᠳᠦ ᠶᠡᠭᠡ ᠠᠶᠤᠯ | ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ | ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠃ ᠲᠠᠷᠢᠶᠠᠯᠠᠩ ᠬᠥᠳᠡᠭᠡ ᠲᠣᠰᠬᠤᠨ ᠤ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠠᠳᠬᠤᠨ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠪᠥᠭᠡᠳ ᠠᠮᠤᠷ | ᠲᠦᠪᠰᠢᠨ ᠬᠠᠩᠭᠠᠯᠭ᠎ᠠ ᠶᠢ ᠦᠨᠡᠨ ᠬᠦ ᠪᠠᠲᠤᠯᠠᠵᠤ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ ᠃ ᠣᠷᠴᠢᠨ ᠲᠣᠭᠤᠷᠢᠨ ᠤ ᠪᠣᠬᠢᠷᠳᠤᠯ ᠢ ᠰᠡᠷᠭᠡᠶᠢᠯᠡᠨ ᠵᠠᠰᠠᠬᠤ ᠶᠢ | ᠭᠦᠨᠵᠡᠭᠡᠢ ᠠᠬᠢᠭᠤᠯᠤᠨ ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠠᠴᠠ ᠪᠠᠭᠤᠷᠠᠭᠤᠯᠬᠤ ᠪᠠ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠃ ᠨᠡᠶᠢᠭᠡᠮ ᠤᠨ ᠦᠢᠯᠡᠰ ᠤᠨ | ᠬᠥᠭᠵᠢᠯᠲᠡ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠡᠯ᠎ᠡ ᠲᠠᠯ᠎ᠠ ᠶᠢᠨ ᠠᠵᠢᠯ ᠤᠳ ᠢ ᠰᠠᠶᠢᠲᠤᠷ ᠬᠢᠵᠦ ᠂ | ᠠᠷᠠᠳ ᠲᠦᠮᠡᠨ ᠤ ᠬᠦᠷᠲᠡᠭᠡᠮᠵᠢ ᠶᠢᠨ ᠲᠥᠷᠥᠭᠳᠡᠯ ᠂ ᠵᠣᠯ ᠵᠢᠷᠭᠠᠯᠲᠤ ᠲᠥᠷᠥᠭᠳᠡᠯ ᠂ ᠠᠮᠤᠷ ᠲᠦᠪᠰᠢᠨ ᠤ ᠲᠥᠷᠥᠭᠳᠡᠯ ᠢ | ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠨ ᠭᠠᠷᠭᠠᠪᠠ ᠃ | ᠯᠢ ᠴᠢᠶᠠᠩ ᠴᠢᠬᠤᠯᠠᠴᠢᠯᠠᠬᠤ ᠳᠤ ᠪᠠᠨ ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ | ᠲᠠᠯ᠎ᠠ ᠪᠠᠷ ᠴᠢᠩᠭᠠᠳᠬᠠᠨ ᠂ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ ᠂ ᠪᠠᠶᠢᠴᠠᠭᠠᠨ | ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠤᠨ ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ | ᠬᠢᠨᠠᠮᠠᠭᠠᠢ ᠨᠠᠶᠢᠳᠠᠪᠤᠷᠢᠵᠢᠭᠤᠯᠵᠤ ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭ᠎ᠠ ᠪᠠᠷᠢᠮᠲᠠᠯᠠᠨ ᠂ ᠪᠦᠲᠦᠭᠡᠯᠴᠢ ᠪᠠᠷ | ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ | ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠲᠦᠷᠦ ᠶᠢᠨ ᠶᠠᠪᠤᠳᠠᠯ ᠤᠨ ᠬᠤᠷᠢᠶ᠎ᠠ ᠵᠢᠴᠢ ᠡᠯ᠎ᠡ ᠰᠠᠯᠠᠭ᠎ᠠ ᠮᠥᠴᠢᠷ ᠤᠨ | ᠤᠳᠤᠷᠢᠳᠬᠤ ᠨᠥᠬᠦᠳ ᠲᠦᠷᠦᠭᠦᠯᠡᠨ ᠤᠯᠤᠰ ᠲᠦᠷᠦ ᠶᠢ ᠡᠷᠬᠢᠮᠯᠡᠬᠦ ᠂ ᠶᠣᠰᠣ ᠳᠦᠷᠢᠮ ᠢ ᠰᠠᠬᠢᠬᠤ ᠂ ᠪᠡᠶ᠎ᠡ ᠪᠠᠨ ᠴᠢᠩᠭ᠎ᠠ | ᠱᠠᠭᠠᠷᠳᠠᠬᠤ ᠂ ᠬᠤᠪᠢ ᠶᠢᠨ ᠠᠰᠢᠭ ᠢ ᠬᠥᠭᠡᠭᠡᠴᠡᠯᠳᠦᠬᠦ ᠦᠭᠡᠢ ᠂ ᠠᠵᠢᠯᠴᠢ ᠬᠢᠴᠢᠶᠡᠩᠭᠦᠢ ᠪᠠᠷ ᠠᠵᠢᠯᠯᠠᠬᠤ ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠬᠦ ᠂ ᠰᠤᠷᠲᠠᠯ ᠴᠢᠬᠡᠴᠢ ᠣᠪᠣᠷ ᠲᠥᠪ ᠂ ᠪᠦᠯᠬᠦᠮᠳᠡᠨ ᠲᠡᠮᠡᠴᠡᠬᠦ ᠰᠠᠶᠢᠨ ᠰᠠᠶᠢᠬᠠᠨ ᠪᠠᠶᠢᠳᠠᠯ ᠢ ᠪᠤᠢ | ᠪᠣᠯᠭᠠᠬᠤ ᠬᠡᠷᠡᠭᠲᠡᠢ ᠭᠡᠵᠡᠢ ᠃ | ᠲᠦᠷᠦ ᠶᠢᠨ ᠶᠠᠪᠤᠳᠠᠯ ᠤᠨ ᠬᠤᠷᠢᠶᠠᠨ ᠤ ᠪᠦᠬᠦᠳᠡ ᠬᠤᠷᠠᠯ ᠤᠨ ᠭᠡᠰᠢᠭᠦᠳ ᠬᠤᠷᠠᠯ ᠳᠤ ᠣᠷᠣᠯᠴᠠᠪᠠ᠃ ᠲᠥᠷᠥ ᠶᠢᠨ | ᠶᠠᠪᠤᠳᠠᠯ ᠤᠨ ᠬᠤᠷᠢᠶᠠᠨ ᠤ ᠪᠤᠰᠤᠳ ᠰᠠᠯᠠᠭ᠎ᠠ ᠮᠥᠴᠢᠷ ᠂ ᠨᠢᠭᠡᠴᠢ ᠶᠢᠨ ᠬᠠᠷᠢᠭᠤᠴᠠᠯᠭᠠᠲᠠᠳ ᠬᠤᠷᠠᠯ ᠳᠤ ᠰᠤᠯᠠ | ᠣᠷᠣᠯᠴᠠᠭᠰᠠᠨ ᠪᠠᠶᠢᠨ᠎ᠠ ᠃ |