W ᠪᠦᠷᠬᠦᠪᠴᠢ ᠪᠠᠷ ᠪᠣᠷᠣᠭᠠᠨ ᠤ ᠤᠰᠤ ᠶᠢ ᠴᠤᠭᠯᠠᠭᠤᠯᠵᠤ ᠤᠰᠤᠯᠠᠯᠲᠠ ᠶᠢ ᠨᠥᠬᠦᠪᠦᠷᠢᠯᠡᠬᠦ ᠥᠨᠳᠥᠷ ᠪᠦᠲᠦᠮᠵᠢᠲᠡᠶ ᠳᠠᠷᠢᠬᠤ ᠮᠡᠷᠭᠡᠵᠢᠯ
ᠨᠡᠶᠢᠲᠡᠯᠡᠭᠰᠡᠨ ᠴᠠᠭ᠄
2023/3/28
      W ᠪᠦᠷᠬᠦᠪᠴᠢ ᠪᠠᠷ ᠪᠣᠷᠣᠭᠠᠨ ᠤ ᠤᠰᠤ ᠶᠢ ᠬᠤᠷᠠᠮᠳᠤᠭᠤᠯᠬᠤ ᠮᠡᠷᠭᠡᠵᠢᠯ ᠢ ᠬᠡᠷᠡᠭᠯᠡᠬᠦ ᠳᠤ ᠬᠢᠯᠪᠡᠷ ᠂ ᠡᠵᠡᠮᠰᠢᠬᠦ ᠳᠤ ᠠᠮᠠᠷᠬᠠᠨ ᠪᠠᠶᠢᠳᠠᠭ᠃ ᠡᠭᠦᠨ ᠳᠤ ᠭᠤᠣᠯᠳᠠᠭᠤ ᠬᠠᠭᠤᠷᠠᠢ ᠬᠤᠳᠳᠤᠭ ᠮᠠᠯᠲᠠᠬᠤ ᠂ ᠭᠤᠤ ᠰᠤᠪᠠᠭ ᠢ ᠨᠡᠭᠡᠭᠡᠨ ᠪᠦᠷᠬᠦᠪᠴᠢ ᠶᠢ ᠳᠡᠪᠢᠰᠬᠦ ᠂ ᠬᠡᠪ ᠵᠠᠭᠪᠤᠷ ᠢᠶᠠᠷ ᠲᠠᠷᠢᠵᠤ ᠪᠣᠶᠢᠵᠢᠭᠤᠯᠬᠤ ᠵᠡᠷᠭᠡ ᠭᠤᠷᠪᠠᠨ ᠬᠡᠰᠡᠭ ᠪᠠᠭᠲᠠᠨ᠎ᠠ ᠃      ᠨᠢᠭᠡᠳᠦᠭᠡᠷ ᠠᠯᠬᠤᠮ ᠄ ᠬᠠᠭᠤᠷᠠᠢ ᠬᠤᠳᠳᠤᠭ ᠮᠠᠯᠲᠠᠬᠤ ᠃ ᠬᠠᠭᠤᠷᠠᠢ ᠬᠤᠳᠳᠤᠭ ᠢ ᠤᠯᠠᠭᠠᠨ ᠰᠢᠷᠣᠢ ᠪᠣᠯᠣᠨ ᠴᠣᠬᠤᠢ ᠶᠢᠨ ᠬᠤᠯᠢᠮᠠᠭ ᠡᠭᠡᠳᠡᠩ ᠪᠤᠶᠤ ᠼᠧᠮᠧᠨ᠋ᠲ ᠢᠶᠠᠷ ᠮᠢᠯᠢᠶᠠᠵᠤ ᠪᠣᠯᠣᠨ᠎ᠠ ᠃ ᠬᠠᠭᠤᠷᠠᠢ ᠬᠤᠳᠳᠤᠭ ᠤᠨ ᠪᠦᠲᠦᠴᠡ ᠨᠢ ᠶᠡᠷᠦ ᠳᠤ ᠪᠠᠨ ᠵᠠᠳᠠᠭᠠᠢ ᠳ᠋ᠢᠶᠠᠮᠧᠲᠷ ᠨᠢ 0.6 ᠮᠧᠲᠷ᠂ ᠢᠷᠤᠭᠠᠷ ᠤᠨ ᠳ᠋ᠢᠶᠠᠮᠧᠲᠷ ᠨᠢ 3 ᠮᠧᠲᠷ᠂ ᠭᠦᠨ ᠨᠢ 5 ᠮᠧᠲᠷ ᠪᠠᠶᠢᠵᠤ᠂ 35 ᠳᠥᠷᠪᠡᠯᠵᠢᠨ ᠮᠧᠲᠷ ᠤᠰᠤ ᠬᠠᠳᠠᠭᠠᠯᠠᠵᠤ ᠪᠣᠯᠣᠨ᠎ᠠ᠃ ᠪᠠᠷᠤᠭ ᠳᠥᠷᠪᠡ ᠲᠠᠪᠤᠨ ᠵᠠᠭᠤᠨ ᠲᠥᠭᠦᠷᠢᠭ ᠤᠨ ᠪᠡᠯᠡ ᠣᠷᠣᠭᠤᠯᠤᠨ᠎ᠠ ᠃ ᠬᠠᠭᠤᠷᠠᠢ ᠬᠤᠳᠳᠤᠭ ᠢ ᠬᠠᠮᠤᠭ ᠤᠨ ᠬᠤᠳᠤᠭᠤᠷ ᠭᠠᠵᠠᠷ ᠢ ᠰᠤᠩᠭᠤᠨ ᠂ ᠶᠡᠷᠦ ᠳᠤ ᠪᠠᠨ 1 — 3 ᠮᠦ ᠪᠦᠷᠢ ᠳᠤ ᠨᠢᠭᠡ ᠬᠠᠭᠤᠷᠠᠢ ᠬᠤᠳᠳᠤᠭ ᠮᠠᠯᠲᠠᠵᠤ ᠪᠣᠯᠣᠨ᠎ᠠ᠃ ᠬᠠᠭᠤᠷᠠᠢ ᠬᠤᠳᠳᠤᠭ ᠢ ᠶᠡᠷᠦ ᠳᠤ ᠪᠠᠨ ᠨᠠᠮᠤᠷ ᠤᠨ ᠬᠤᠷᠢᠶᠠᠯᠲᠠ ᠶᠢᠨ ᠳᠠᠷᠠᠭ᠎ᠠ ᠡᠪᠦᠯ ᠤᠨ ᠤᠯᠠᠷᠢᠯ ᠪᠣᠯᠲᠠᠯ᠎ᠠ ᠮᠠᠯᠲᠠᠵᠤ᠂ ᠲᠤᠬᠠᠢ ᠶᠢᠨ ᠵᠢᠯ ᠳᠤ ᠪᠠᠨ ᠳᠠᠷᠤᠢ ᠨᠠᠮᠤᠷ ᠡᠪᠦᠯ ᠤᠨ ᠬᠤᠷ᠎ᠠ ᠲᠤᠨᠳᠠᠰᠤ  ᠶᠢ ᠬᠤᠷᠠᠮᠳᠤᠭᠤᠯᠤᠨ ᠬᠠᠳᠠᠭᠠᠯᠠᠵᠤ᠂ ᠬᠠᠪᠤᠷ ᠤᠨ ᠭᠠᠩ ᠬᠠᠭᠤᠷᠠᠢ ᠦᠶ᠎ᠡ ᠳᠤ ᠬᠡᠷᠡᠭᠯᠡᠬᠦ ᠪᠠᠷ ᠪᠡᠯᠡᠳᠬᠡᠳᠡᠭ᠃      ᠬᠤᠶᠠᠳᠤᠭᠠᠷ ᠠᠯᠬᠤᠮ ᠄ ᠭᠤᠤ ᠰᠤᠪᠠᠭ ᠢ ᠨᠡᠭᠡᠭᠡᠨ ᠪᠦᠷᠬᠦᠪᠴᠢ ᠶᠢ ᠳᠡᠪᠢᠰᠬᠦ ᠃ ᠭᠤᠤ ᠭᠠᠷᠭᠠᠬᠤ ᠠᠴᠠ ᠪᠠᠨ ᠡᠮᠦᠨ᠎ᠡ ᠤᠷᠢᠳᠠᠪᠠᠷ ᠪᠣᠷᠳᠣᠭᠤᠷ ᠣᠷᠣᠭᠤᠯᠵᠤ ᠭᠠᠵᠠᠷ ᠲᠡᠭᠰᠢᠯᠡᠬᠦ ᠬᠡᠷᠡᠭᠲᠡᠢ ᠃ ᠪᠣᠷᠳᠣᠭᠤᠷ ᠣᠷᠣᠭᠤᠯᠤᠭᠰᠠᠨ ᠰᠠᠭᠤᠷᠢᠨ ᠳᠡᠭᠡᠷ᠎ᠡ ᠭᠠᠵᠠᠷ ᠢᠶᠠᠨ ᠲᠡᠭᠰᠢᠯᠡᠨ ᠂ ᠬᠥᠷᠥᠰᠥ ᠰᠢᠷᠣᠢ ᠶᠢ ᠵᠦᠭᠡᠯᠡᠷᠡᠬᠦᠯᠦᠨ ᠂ ᠡᠩᠬᠦᠯ ᠳᠤᠩᠬᠤᠯ ᠦᠭᠡᠢ ᠂ ᠭᠤᠤᠷᠰᠤ ᠦᠭᠡᠢ ᠂ ᠡᠰᠢ ᠰᠦᠷᠡᠯ ᠦᠭᠡᠢ ᠪᠣᠯᠭᠠᠬᠤ ᠪᠠᠷᠢᠮᠵᠢᠶ᠎ᠠ ᠳᠤ ᠬᠦᠷᠭᠡᠬᠦ ᠬᠡᠷᠡᠭᠲᠡᠢ ᠃ W ᠬᠡᠯᠪᠡᠷᠢ ᠶᠢᠨ ᠳᠠᠯᠠᠩ ᠤᠨ ᠭᠤᠤ ᠶᠢ ᠨᠡᠭᠡᠭᠡᠬᠦ ᠳᠤ ᠲᠤᠰᠬᠠᠶᠢᠯᠠᠨ ᠬᠢᠭᠰᠡᠨ ᠲᠡᠮᠦᠷ ᠨᠠᠷᠬ᠎ᠠ ᠶᠢᠨ ᠥᠷᠭᠡᠨ ᠨᠢ 82 ᠰᠠᠨᠲ᠋ᠢᠮᠧᠲᠷ ᠪᠠᠶᠢᠬᠤ ᠬᠡᠷᠡᠭᠲᠡᠢ᠃ ᠬᠡᠪ ᠤᠨ ᠨᠢᠷᠤᠭᠤᠨ ᠳᠤ 4 ᠨᠤᠮᠤ ᠶᠢᠨ ᠬᠡᠮᠵᠢᠶ᠎ᠡ ᠲᠠᠢ ᠭᠤᠷᠪᠠᠯᠵᠢᠨ ᠲᠡᠮᠦᠷ ᠰᠢᠳᠦ ᠶᠢ ᠭᠠᠩᠨᠠᠵᠤ ᠂ ᠲᠡᠮᠦᠷ ᠰᠢᠳᠦᠨ ᠤ ᠢᠷᠤᠭᠠᠷ ᠤᠨ ᠥᠷᠭᠡᠨ ᠨᠢ 12 ᠰᠠᠨᠲ᠋ᠢᠮᠧᠲᠷ ᠂ ᠥᠨᠳᠥᠷ ᠨᠢ 13 ᠰᠠᠨᠲ᠋ᠢᠮᠧᠲᠷ ᠪᠠᠶᠢᠬᠤ ᠬᠡᠷᠡᠭᠲᠡᠢ᠃ ᠳᠤᠮᠳᠠᠬᠢ ᠬᠤᠶᠠᠷ ᠲᠡᠮᠦᠷ ᠰᠢᠳᠦᠨ ᠤ ᠦᠵᠦᠭᠦᠷ ᠤᠨ ᠵᠠᠢ ᠨᠢ 36 ᠰᠠᠨᠲ᠋ᠢᠮᠧᠲᠷ᠂ ᠬᠤᠶᠠᠷ ᠲᠠᠯ᠎ᠠ ᠶᠢᠨ ᠬᠤᠶᠠᠷ ᠲᠡᠮᠦᠷ ᠰᠢᠳᠦᠨ ᠤ ᠦᠵᠦᠭᠦᠷ ᠤᠨ ᠵᠠᠢ ᠨᠢ 17 ᠰᠠᠨᠲ᠋ᠢᠮᠧᠲᠷ ᠪᠠᠶᠢᠬᠤ ᠬᠡᠷᠡᠭᠲᠡᠢ ᠃ ᠠᠳᠠᠯᠢ ᠪᠤᠰᠤ ᠲᠠᠷᠢᠮᠠᠯ ᠢ ᠲᠠᠷᠢᠬᠤ ᠳᠤ ᠮᠥᠷ ᠤᠨ ᠵᠠᠢ ᠶᠢ ᠡᠵᠡᠮᠰᠢᠬᠦ ᠱᠠᠭᠠᠷᠳᠠᠯᠭ᠎ᠠ ᠶᠢ ᠦᠨᠳᠦᠰᠦᠯᠡᠵᠦ ᠂ ᠲᠡᠮᠦᠷ ᠨᠠᠷᠬ᠎ᠠ ᠶᠢᠨ ᠬᠠᠵᠠᠭᠤ ᠳᠤ ᠲᠡᠮᠳᠡᠭ  ᠳᠠᠯᠪᠢᠵᠤ ᠪᠣᠯᠣᠨ᠎ᠠ ᠃ ᠭᠤᠤ ᠭᠠᠷᠭᠠᠵᠤ ᠪᠦᠷᠬᠦᠪᠴᠢ ᠳᠡᠪᠢᠰᠬᠦ ᠳᠤ ᠲᠦᠷᠪᠡᠨ ᠬᠥᠮᠥᠨ ᠢᠶᠠᠷ ᠨᠢᠭᠡ ᠳᠤᠭᠤᠶᠢᠯᠠᠩ ᠪᠤᠯᠭᠠᠨ᠂ ᠨᠢᠭᠡ ᠬᠥᠮᠥᠨ ᠲᠡᠮᠦᠷ ᠨᠠᠷᠬ᠎ᠠ ᠪᠠᠷ W ᠬᠡᠯᠪᠡᠷᠢ ᠶᠢᠨ ᠳᠠᠯᠠᠩ ᠤᠨ ᠭᠤᠤ ᠶᠢ ᠮᠠᠯᠲᠠᠨ᠎ᠠ ᠃ ᠡᠨᠡ ᠦᠶ᠎ᠡ ᠳᠤ ᠬᠢᠮᠢ ᠶᠢᠨ ᠪᠣᠷᠳᠣᠭᠤᠷ ᠢ ᠭᠤᠤ ᠳᠤ ᠣᠷᠣᠭᠤᠯᠵᠤ ᠂ ᠳᠠᠯᠠᠩ ᠤᠨ ᠭᠤᠤ ᠶᠢᠨ ᠭᠦᠨ ᠤ ᠬᠡᠮᠵᠢᠶ᠎ᠡ ᠨᠢ ᠶᠡᠷᠦ ᠳᠤ ᠪᠠᠨ 10 ᠰᠠᠨᠲ᠋ᠢᠮᠧᠲᠷ ᠠᠴᠠ ᠳᠡᠭᠡᠭᠰᠢ ᠪᠠᠶᠢᠳᠠᠭ ᠃ ᠪᠦᠷᠬᠦᠯᠲᠡ ᠨᠢ ᠶᠡᠷᠦ ᠳᠤ ᠪᠠᠨ 80 ᠰᠠᠨᠲ᠋ᠢᠮᠧᠲᠷ ᠥᠷᠭᠡᠨ ᠂ 0.007 - 0.01 ᠮᠢᠯᠢᠮᠧᠲᠷ ᠵᠤᠵᠠᠭᠠᠨ ᠰᠦᠯᠢᠶᠥᠦ ᠪᠦᠷᠬᠦᠪᠴᠢ ᠶᠢ ᠰᠣᠩᠭᠤᠨ ᠬᠡᠷᠡᠭᠯᠡᠨ᠎ᠡ ᠃ ᠭᠤᠷᠪᠠᠭᠤᠯᠠ ᠪᠠᠨ ᠭᠠᠵᠠᠷ ᠤᠨ ᠪᠦᠷᠬᠦᠪᠴᠢ ᠶᠢ ᠳᠡᠪᠢᠰᠴᠦ ᠂ ᠨᠢᠭᠡ ᠨᠢ ᠭᠠᠵᠠᠷ ᠤᠨ ᠪᠦᠷᠬᠦᠪᠴᠢ ᠶᠢ ᠲᠡᠭᠰᠢᠬᠡᠨ ᠲᠠᠲᠠᠵᠤ᠂ ᠨᠥᠭᠦᠭᠡ ᠬᠤᠶᠠᠷ ᠨᠢ ᠰᠢᠷᠣᠢ ᠪᠠᠷ ᠭᠠᠵᠠᠷ ᠤᠨ ᠪᠦᠷᠬᠦᠪᠴᠢ ᠶᠢ ᠳᠠᠷᠤᠳᠠᠭ᠃ ᠭᠠᠵᠠᠷ ᠤᠨ ᠪᠦᠷᠬᠦᠪᠴᠢ ᠶᠢᠨ ᠬᠤᠶᠠᠷ ᠲᠠᠯ᠎ᠠ ᠶᠢ ᠴᠢᠩᠭ᠎ᠠ ᠳᠠᠷᠤᠬᠤ ᠶᠢ ᠠᠩᠬᠠᠷᠴᠤ ᠂ ᠭᠤᠤ ᠶᠢᠨ ᠳᠡᠭᠡᠷᠡᠬᠢ ᠭᠠᠵᠠᠷ ᠤᠨ ᠪᠦᠷᠬᠦᠪᠴᠢ ᠶᠢ ᠰᠢᠷᠣᠢ ᠪᠤᠶᠤ ᠰᠢᠷᠣᠢ ᠶᠢᠨ ᠬᠡᠰᠡᠭ ᠢᠶᠠᠷ ᠳᠠᠷᠤᠭᠰᠠᠨ ᠤ ᠰᠡᠭᠦᠯᠡᠷ ᠂ ᠰᠠᠯᠬᠢ ᠣᠨᠴᠠᠭᠠᠶ ᠶᠡᠭᠡ ᠭᠠᠵᠠᠷ ᠲᠤ ᠪᠠᠰᠠ ᠳᠠᠯᠠᠩ ᠤᠨ ᠳᠡᠭᠡᠷ᠎ᠡ 2-3 ᠮᠧᠲᠷ ᠠᠯᠤᠰᠯᠠᠬᠤ ᠪᠦᠷᠢ ᠨᠢᠭᠡ ᠵᠤᠷᠪᠤᠰ ᠰᠢᠷᠣᠢ ᠶᠢᠨ ᠪᠦᠰᠡ ᠶᠢ ᠳᠠᠷᠤᠨ᠎ᠠ ᠃ ᠭᠠᠵᠠᠷ ᠤᠨ ᠪᠠᠶᠢᠴᠠ ᠶᠢᠨ ᠬᠠᠨᠳᠤᠰᠢ ᠶᠢ ᠦᠨᠳᠦᠰᠦᠯᠡᠵᠦ᠂ ᠨᠢᠭᠡ ᠵᠤᠷᠪᠤᠰ W ᠬᠡᠯᠪᠡᠷᠢ ᠶᠢᠨ ᠳᠠᠯᠠᠩ ᠤᠨ ᠭᠤᠤ ᠶᠢ ᠤᠰᠤ ᠬᠠᠳᠠᠭᠠᠯᠠᠬᠤ ᠰᠤᠪᠠᠭ ᠪᠠ ᠬᠠᠭᠤᠷᠠᠢ ᠬᠤᠳᠳᠤᠭ ᠲᠠᠢ ᠡᠭᠴᠡ ᠬᠤᠯᠪᠤᠨ᠎ᠠ ᠃ ᠰᠤᠪᠠᠭ ᠬᠤᠳᠳᠤᠭ ᠢ  ᠬᠤᠯᠪᠤᠭᠰᠠᠨ ᠭᠠᠵᠠᠷ ᠲᠤ ᠡᠯᠡᠰᠦ ᠲᠤᠩᠬᠤ ᠲᠠᠲᠠᠭᠠᠯ ᠵᠠᠰᠠᠪᠠᠯ ᠵᠣᠬᠢᠨ᠎ᠠ ᠃ ᠵᠠᠷᠢᠮ ᠲᠠᠷᠢᠮᠠᠯ ᠤᠨ ᠨᠢᠭᠲᠠᠴᠠ ᠪᠠᠷ ᠨᠡᠯᠢᠶᠡᠳ ᠪᠠᠭ᠎ᠠ ᠲᠠᠷᠢᠮᠠᠯ ᠂ ᠵᠢᠱᠢᠶᠡᠯᠡᠪᠡᠯ ᠤᠮᠠᠷᠠᠲᠤ ᠶᠢᠨ ᠬᠡᠮᠬᠡ ᠂ ᠲᠠᠷᠪᠤᠰ ᠲᠤ V ᠬᠡᠯᠪᠡᠷᠢ ᠶᠢᠨ ᠪᠦᠷᠬᠦᠯᠲᠡ ᠶᠢ ᠰᠣᠩᠭᠤᠵᠤ ᠪᠣᠯᠣᠨ᠎ᠠ ᠃ V ᠬᠡᠯᠪᠡᠷᠢ ᠶᠢᠨ ᠪᠦᠷᠬᠦᠯᠲᠡ ᠶᠢᠨ ᠠᠷᠭ᠎ᠠ ᠨᠢ W ᠬᠡᠯᠪᠡᠷᠢ ᠶᠢᠨ ᠪᠦᠷᠬᠦᠯᠲᠡ ᠲᠠᠢ ᠠᠳᠠᠯᠢ ᠂ ᠵᠥᠪᠬᠡᠨ W ᠬᠡᠯᠪᠡᠷᠢ ᠶᠢᠨ ᠨᠠᠷᠬ᠎ᠠ ᠪᠠᠷ ᠰᠡᠯᠢᠭᠰᠡᠨ ᠤ ᠳᠠᠷᠠᠭ᠎ᠠ ᠂ ᠳᠠᠬᠢᠨ ᠠᠷᠴᠢᠵᠤ V ᠬᠡᠯᠪᠡᠷᠢ ᠶᠢᠨ ᠪᠦᠷᠬᠦᠯᠲᠡ ᠶᠢ ᠬᠡᠷᠡᠭᠯᠡᠨ᠎ᠡ ᠃      ᠭᠤᠷᠪᠠᠳᠤᠭᠠᠷ ᠠᠯᠬᠤᠮ ᠄ ᠬᠡᠪ ᠵᠠᠭᠪᠤᠷ ᠢᠶᠠᠷ ᠲᠠᠷᠢᠵᠦ ᠪᠣᠶᠢᠵᠢᠭᠤᠯᠬᠤ ᠃ W ᠪᠦᠷᠬᠦᠪᠴᠢ ᠶᠢᠨ ᠬᠡᠯᠪᠡᠷᠢ ᠪᠠᠷ ᠲᠠᠷᠢᠬᠤ ᠳᠤ ᠨᠢᠭᠡ ᠨᠦᠬᠡᠯᠡᠬᠦ ᠮᠠᠰᠢᠨ ᠬᠢᠬᠦ ᠴᠢᠬᠤᠯᠠᠲᠠᠢ ᠃ ᠲᠠᠷᠢᠮᠠᠯ ᠳᠠᠷᠢᠬᠤ ᠳᠤ ᠨᠦᠬᠡᠯᠡᠵᠦ ᠰᠢᠭᠤᠳ ᠨᠡᠪᠲᠡᠷᠡᠭᠦᠯᠬᠦ ᠪᠠ ᠴᠢᠬᠢ ᠰᠢᠯᠵᠢᠭᠦᠯᠦᠨ ᠳᠠᠷᠢᠬᠤ ᠬᠤᠶᠠᠷ ᠵᠦᠢᠯ ᠤᠨ ᠠᠷᠭ᠎ᠠ ᠮᠠᠶ᠋ᠢᠭ ᠢ ᠬᠡᠷᠡᠭᠯᠡᠨ᠎ᠡ᠃ ᠰᠢᠭᠤᠳ ᠳᠠᠷᠢᠭᠰᠠᠨ ᠤ ᠳᠠᠷᠠᠭ᠎ᠠ ᠰᠢᠷᠣᠢ ᠳᠠᠷᠤᠬᠤ ᠳᠤ ᠲᠣᠬᠢᠷᠠᠮᠵᠢᠲᠠᠢ ᠪᠠᠶᠢᠬᠤ ᠬᠡᠷᠡᠭᠲᠡᠢ ᠂ ᠴᠢᠬᠢᠯᠡᠬᠦ ᠳᠤ ᠬᠦᠴᠢᠷᠳᠡᠬᠦ ᠠᠴᠠ ᠰᠡᠷᠭᠡᠶᠢᠯᠡᠬᠦ ᠬᠡᠷᠡᠭᠲᠡᠢ ᠃ ᠬᠠᠮᠤᠭ ᠰᠠᠶᠢᠨ ᠨᠢ ᠣᠷᠭᠠᠨᠢᠭ ᠪᠣᠷᠳᠣᠭᠤᠷ ᠪᠠ ᠬᠥᠷᠥᠰᠥᠨ ᠤ ᠬᠤᠯᠢᠮᠠᠭ ᠪᠣᠳᠠᠰ ᠢᠶᠠᠷ ᠪᠦᠷᠬᠦᠪᠡᠯ ᠰᠠᠶᠢᠨ ᠃ ᠴᠢᠬᠢ ᠰᠢᠯᠵᠢᠭᠦᠯᠦᠨ ᠲᠠᠷᠢᠬᠤ ᠠᠷᠭ᠎ᠠ ᠨᠢ ᠡᠩ ᠤᠨ ᠲᠠᠷᠢᠮᠠᠯ ᠤᠨ ᠬᠢ ᠲᠠᠢ ᠠᠳᠠᠯᠢ ᠪᠠᠶᠢᠳᠠᠭ ᠃      ᠣᠳᠣᠬᠠᠨ ᠳᠤ ᠦᠷᠭᠦᠯᠵᠢ ᠬᠡᠷᠡᠭᠯᠡᠵᠦ ᠪᠠᠶᠢᠭ᠎ᠠ ᠭᠤᠷᠪᠠᠨ ᠵᠦᠢᠯ ᠤᠨ ᠵᠠᠭᠪᠤᠷ ᠭᠡᠪᠡᠯ ᠄ W ᠪᠦᠷᠬᠦᠪᠴᠢ ᠳᠤ ᠪᠤᠷᠴᠠᠭ ᠳᠠᠷᠢᠬᠤ ᠂ ᠲᠥᠪᠡᠳ ᠬᠠᠰᠢ ᠳᠤ ᠴᠠᠭᠠᠨ ᠨᠣᠭᠤᠭ᠎ᠠ ᠳᠠᠪᠬᠤᠷᠯᠠᠨ ᠳᠠᠷᠢᠬᠤ ᠵᠡᠷᠭᠡ ᠵᠢᠯ ᠳᠤ ᠬᠤᠶᠠᠷ ᠡᠪᠡᠰᠦ ᠳᠠᠷᠢᠬᠤ ᠵᠠᠭᠪᠤᠷ ᠂ V ᠬᠡᠯᠪᠡᠷᠢ ᠳᠤ ᠲᠠᠷᠪᠤᠰ ᠲᠥᠮᠥᠰᠥ ᠶᠢ ᠠᠯᠠᠭᠯᠠᠨ ᠳᠠᠷᠢᠬᠤ ᠂ V ᠬᠡᠯᠪᠡᠷᠢ ᠳᠤ ᠲᠠᠷᠪᠤᠰ ᠢ ᠠᠯᠠᠭᠯᠠᠨ ᠳᠠᠷᠢᠬᠤ ᠂ W ᠪᠦᠷᠬᠦᠪᠴᠢ ᠳᠤ ᠦᠵᠦᠮ᠎ᠡ ᠪᠠ ᠲᠠᠷᠪᠤᠰ ᠢ ᠠᠯᠠᠭᠯᠠᠨ ᠳᠠᠷᠢᠬᠤ ᠵᠠᠭᠪᠤᠷ ᠂ W ᠪᠦᠷᠬᠦᠪᠴᠢ ᠳᠤ ᠲᠠᠷᠪᠤᠰ ᠢ ᠠᠯᠠᠭᠯᠠᠨ ᠳᠠᠷᠢᠬᠤ ᠵᠠᠭᠪᠤᠷ ᠂ W ᠪᠦᠷᠬᠦᠪᠴᠢ ᠳᠤ ᠢᠳᠡᠰᠢᠨ ᠨᠣᠭᠤᠭ᠎ᠠ ᠂ ᠠᠮᠤ ᠪᠤᠳᠠᠭ᠎ᠠ ᠂ ᠠᠵᠤ ᠠᠬᠤᠢ ᠶᠢᠨ ᠤᠢ ᠵᠡᠷᠭᠡ ᠶᠢ ᠲᠠᠩ ᠢᠶᠠᠷ ᠳᠠᠷᠢᠬᠤ ᠵᠠᠭᠪᠤᠷ ᠵᠡᠷᠭᠡ ᠪᠤᠢ ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号