ᠵᠢᠯ ᠤᠨ ᠠᠵᠢᠯ ᠬᠠᠪᠤᠷ ᠳᠤ ᠪᠠᠨ ᠪᠠᠶᠢᠵᠤ᠂ ᠵᠢᠯ ᠤᠨ ᠰᠠᠶᠢᠨ ᠦᠵᠡᠮᠵᠢ ᠬᠠᠪᠤᠷ ᠤᠨ ᠲᠠᠷᠢᠶᠠᠯᠠᠭ᠎ᠠ ᠳᠤ | ᠪᠠᠶᠢᠳᠠᠭ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠲᠠᠷᠢᠶᠠᠯᠠᠭ᠎ᠠ᠂ ᠲᠠᠷᠢᠶᠠᠯᠠᠩ ᠤᠨ ᠬᠡᠷᠡᠭᠰᠡᠯ ᠤᠨ ᠬᠠᠩᠭᠠᠯᠭ᠎ᠠ ᠶᠢᠨ | ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠨᠢ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ | ᠬᠤᠯᠪᠣᠭᠳᠠᠯ ᠲᠠᠢ ᠶᠤᠮ᠃ 2 ᠰᠠᠷ᠎ᠠ ᠶᠢᠨ 27 ᠤ ᠡᠳᠦᠷ ᠠᠴᠠ 3 ᠰᠠᠷ᠎ᠠ ᠶᠢᠨ 1 ᠤ ᠡᠳᠦᠷ ᠪᠣᠯᠲᠠᠯ᠎ᠠ ᠬᠤᠷᠴᠢᠨ | ᠵᠡᠭᠦᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠤᠨ ᠬᠥᠷᠥᠰᠥ | ᠰᠢᠷᠣᠢ ᠶᠢᠨ ᠪᠣᠷᠳᠣᠭᠤᠷ ᠤᠨ ᠥᠷᠲᠡᠭᠡ᠂ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ | ᠥᠷᠲᠡᠭᠡ ᠲᠠᠷᠢᠶᠠᠯᠠᠩ ᠤᠨ ᠬᠡᠷᠡᠭᠰᠡᠯ ᠵᠢᠴᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠲᠠᠷᠢᠶᠠᠯᠠᠭ᠎ᠠ ᠶᠢᠨ ᠪᠠᠶᠢᠴᠠᠭᠠᠨ | ᠰᠤᠳᠤᠯᠤᠯᠲᠠ ᠬᠢᠵᠦ ᠬᠢᠨᠠᠨ ᠵᠢᠯᠤᠭᠤᠳᠬᠤ ᠶᠢᠨ ᠬᠠᠮᠲᠤ ᠲᠠᠷᠢᠶᠠᠯᠠᠩ ᠤᠨ ᠬᠡᠷᠡᠭᠰᠡᠯ ᠤᠨ ᠡᠵᠡᠩᠨᠡᠨ ᠪᠣᠷᠣᠯᠠᠭᠤᠯᠬᠤ | ᠳᠡᠯᠭᠡᠭᠦᠷ ᠤᠨ ᠬᠠᠪᠤᠷ ᠤᠨ ᠤᠯᠠᠷᠢᠯ ᠤᠨ ᠠᠶᠤᠯᠭᠦᠢ ᠦᠢᠯᠡᠳᠪᠦᠷᠢᠯᠡᠯ ᠳᠤ ᠱᠠᠯᠠᠪᠳᠠᠨ ᠪᠠᠶᠢᠴᠠᠭᠠᠯᠲᠠ ᠬᠢᠪᠡ᠃ | | | | | | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ 3 ᠬᠥᠮᠥᠨ ᠲᠤᠬᠠᠢ ᠶᠢᠨ ᠭᠠᠵᠠᠷ ᠲᠤ ᠨᠢ ᠪᠠᠶᠢᠴᠠᠭᠠᠨ | ᠰᠤᠳᠤᠯᠤᠯᠲᠠ ᠬᠢᠭᠰᠡᠨ ᠤ ᠦᠷ᠎ᠡ ᠳ᠋ᠦᠩ ᠳᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ | ᠳᠡᠯᠭᠡᠭᠦᠷ ᠤᠨ ᠡᠯ᠎ᠡ ᠲᠥᠷᠥᠯ ᠤᠨ ᠬᠠᠪᠤᠷ ᠤᠨ ᠲᠠᠷᠢᠶᠠᠯᠠᠭ᠎ᠠ ᠶᠢᠨ ᠡᠳ᠋ ᠪᠣᠳᠠᠰ ᠤᠨ ᠲᠥᠷᠥᠯ ᠵᠦᠢᠯ ᠡᠯᠪᠡᠭ ᠪᠠᠶᠠᠯᠢᠭ᠂ | ᠨᠥᠭᠡᠴᠡ ᠭᠦᠢᠴᠡᠳ ᠪᠠᠶᠢᠨ᠎ᠠ᠃ ᠪᠠᠶᠢᠴᠠᠭᠠᠯᠲᠠ ᠶᠢᠨ ᠳᠤᠮᠳᠠ᠂ ᠠᠵᠢᠯᠲᠠᠳ ᠦᠷ᠎ᠡ᠂ ᠪᠣᠷᠳᠣᠭᠤᠷ ᠵᠡᠷᠭᠡ ᠶᠢᠨ | ᠬᠠᠳᠠᠭᠠᠯᠠᠯᠲᠠ ᠶᠢᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠳᠡᠯᠭᠡᠭᠦᠷ ᠫᠦᠰᠡ ᠶᠢᠨ ᠡᠵᠡᠩᠨᠡᠯᠲᠡ ᠶᠢᠨ ᠬᠢᠷᠢ ᠬᠡᠮ᠂ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠣᠭᠤᠳᠠᠯ ᠪᠠᠭᠯᠠᠭ᠎ᠠ ᠶᠢᠨ ᠲᠡᠮᠳᠡᠭ ᠢ ᠭᠤᠣᠯᠳᠠᠯᠭ᠎ᠠ ᠲᠠᠢ | ᠪᠠᠶᠢᠴᠠᠭᠠᠵᠤ᠂ ᠬᠤᠳᠠᠯ ᠬᠠᠭᠤᠷᠮᠠᠭ ᠴᠢᠨᠠᠷ ᠮᠠᠭᠤ᠂ ᠶᠠᠰᠤ ᠴᠢᠨᠠᠷ ᠨᠢ ᠬᠢᠷᠢ ᠲᠡᠩᠴᠡᠭᠦ ᠦᠭᠡᠢ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠪᠠᠶᠢᠬᠤ ᠡᠰᠡᠬᠦ ᠶᠢ ᠪᠠᠶᠢᠴᠠᠭᠠᠨ ᠦᠵᠡᠵᠦ᠂ ᠬᠠᠤᠯᠢ ᠪᠤᠰᠤ ᠪᠠᠷ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠲᠤ ᠣᠷᠣᠬᠤ ᠶᠢ ᠰᠡᠷᠭᠡᠶᠢᠯᠡᠪᠡ᠃ ᠡᠭᠦᠨ ᠤ ᠬᠠᠮᠲᠤ᠂ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠨ ᠪᠣᠷᠣᠯᠠᠭᠤᠯᠬᠤ ᠴᠡᠭ ᠤᠨ ᠠᠮᠤᠷ ᠲᠦᠪᠰᠢᠨ ᠤ ᠬᠡᠮ | ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ ᠃ | ᠪᠠᠶᠢᠴᠠᠭᠠᠯᠲᠠ ᠪᠠᠷ ᠳᠡᠮᠵᠢᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ | ᠡᠵᠡᠩᠨᠡᠯᠲᠡ ᠶᠢᠨ ᠣᠷᠴᠢᠨ ᠲᠣᠭᠤᠷᠢᠨ ᠢ ᠪᠦᠲᠦᠮᠵᠢᠲᠡᠶ ᠴᠡᠪᠡᠷᠰᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠡᠵᠡᠩᠨᠡᠯᠲᠡ ᠶᠢᠨ ᠡᠷᠦᠬᠡ ᠶᠢᠨ ᠬᠠᠤᠯᠢ ᠶᠣᠰᠣᠭᠠᠷ ᠳᠦᠷᠢᠮ ᠲᠣᠭᠲᠠᠭᠠᠯ ᠢ ᠰᠠᠬᠢᠬᠤ᠂ ᠬᠠᠤᠯᠢ | ᠶᠣᠰᠣᠭᠠᠷ ᠡᠵᠡᠩᠨᠡᠬᠦ ᠤᠬᠠᠮᠰᠠᠷ ᠢ ᠴᠢᠩᠭᠠᠳᠬᠠᠵᠤ᠂ ᠠᠷᠠᠳ ᠣᠯᠠᠨ ᠳᠤ ᠰᠠᠨᠠᠭ᠎ᠠ ᠠᠮᠤᠷ᠂ ᠶᠠᠰᠤ ᠴᠢᠨᠠᠷ ᠨᠢ ᠬᠢᠷᠢ | ᠲᠡᠩᠴᠡᠭᠰᠡᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠬᠤᠳᠠᠯᠳᠤᠨ ᠠᠪᠴᠤ᠂ | ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ︽ ᠬᠠᠮᠠᠭᠠᠯᠠᠭᠰᠠᠨ ︾ ᠪᠠᠶᠢᠨ᠎ᠠ᠃ | | | | | | | |