2023 ᠣᠨ ᠤ ᠪᠥᠬᠦ ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠶᠢᠨ ᠥᠪᠥᠷ ᠮᠣᠩᠭᠤᠯ ᠤᠨ ᠰᠢᠯᠭᠠᠯᠲᠠ ᠶᠢᠨ ᠲᠣᠭᠤᠷᠢᠭ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/3/3
      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠪᠠ ︽ᠪᠥᠬᠦ ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠶᠢᠨ ᠺᠣᠮᠢᠰ ᠤᠨ ᠠᠯᠪᠠᠨ ᠵᠠᠷ︾ ︵ᠲᠠᠷᠢᠶᠠᠯᠠᠩ ᠡᠮᠨᠡᠯᠭᠡ ᠰᠢᠯᠭᠠᠯᠲᠠ ᠠᠯᠪᠠᠨ ᠵᠠᠷ ︵ 31 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ 2023 ᠣᠨ ᠤ ᠪᠥᠬᠦ ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠶᠢᠨ ᠥᠪᠥᠷ ᠮᠣᠩᠭᠤᠯ ᠤᠨ ᠰᠢᠯᠭᠠᠯᠲᠠ ᠶᠢᠨ ᠲᠣᠭᠤᠷᠢᠭ ᠤᠨ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠪᠠ ᠃     ᠨᠢᠭᠡ᠂ ᠰᠢᠯᠭᠠᠯᠲᠠ ᠶᠢᠨ ᠲᠥᠷᠥᠯ ᠵᠦᠢᠯ     ᠮᠠᠯ ᠡᠮᠨᠡᠯᠭᠡ ᠶᠢᠨ ᠶᠡᠷᠦᠩᠬᠡᠢ ᠰᠠᠯᠠᠭᠠᠨ ᠤ ᠲᠥᠷᠥᠯ᠂ ᠤᠰᠤᠨ ᠤ ᠠᠮᠢᠲᠠᠨ ᠤ ᠲᠥᠷᠥᠯ᠃     ᠬᠤᠶᠠᠷ᠂ ᠨᠡᠷ᠎ᠡ ᠮᠡᠳᠡᠭᠦᠯᠬᠦ ᠨᠥᠬᠦᠴᠡᠯ     ︵ᠨᠢᠭᠡ︶ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠩᠭᠢ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠠᠵᠢᠯᠲᠠᠨ ᠪᠤᠶᠤ ᠪᠦᠬᠦᠯᠢ ᠡᠳᠦᠷ ᠤᠨ ᠳᠦᠷᠢᠮᠲᠦ ᠳᠡᠭᠡᠳᠦ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠲᠤᠰᠬᠠᠢ ᠮᠡᠷᠭᠡᠵᠢᠯ ᠨᠢ ᠮᠠᠯ ᠡᠮᠨᠡᠯᠭᠡ ᠶᠢᠨ ᠶᠡᠷᠦᠩᠬᠡᠢ ᠰᠠᠯᠠᠭ᠎ᠠ ᠶᠢᠨ ᠲᠥᠷᠥᠯ ᠤᠨ ᠨᠡᠷ᠎ᠡ ᠮᠡᠳᠡᠭᠦᠯᠬᠦ ᠲᠤᠰᠬᠠᠢ ᠮᠡᠷᠭᠡᠵᠢᠯ ᠤᠨ ᠭᠠᠷᠴᠠᠭᠯᠠᠯ ︵ᠳᠠᠭᠠᠯᠳᠤᠭᠤᠯᠤᠯ 1︶  ᠳᠤ ᠨᠡᠶᠢᠴᠡᠪᠡᠯ᠂ ᠮᠠᠯ ᠡᠮᠨᠡᠯᠭᠡ ᠶᠢᠨ ᠶᠡᠷᠦᠩᠬᠡᠢ ᠰᠠᠯᠠᠭ᠎ᠠ ᠶᠢᠨ ᠲᠥᠷᠥᠯ ᠤᠨ ᠰᠢᠯᠭᠠᠯᠲᠠ ᠳᠤ ᠨᠡᠷ᠎ᠡ ᠮᠡᠳᠡᠭᠦᠯᠵᠦ ᠣᠷᠣᠯᠴᠠᠵᠤ ᠪᠣᠯᠣᠨ᠎ᠠ᠃     ︵ᠬᠤᠶᠠᠷ︶ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠩᠭᠢ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠠᠵᠢᠯᠲᠠᠨ ᠪᠤᠶᠤ ᠪᠦᠬᠦᠯᠢ ᠡᠳᠦᠷ ᠤᠨ ᠳᠦᠷᠢᠮᠲᠦ ᠳᠡᠭᠡᠳᠦ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠲᠤᠰᠬᠠᠢ ᠮᠡᠷᠭᠡᠵᠢᠯ ᠨᠢ ᠤᠰᠤᠨ ᠤ ᠠᠮᠢᠲᠠᠨ ᠤ ᠲᠥᠷᠥᠯ ᠤᠨ ᠨᠡᠷ᠎ᠡ ᠮᠡᠳᠡᠭᠦᠯᠬᠦ ᠲᠤᠰᠬᠠᠢ ᠮᠡᠷᠭᠡᠵᠢᠯ ᠤᠨ ᠭᠠᠷᠴᠠᠭᠯᠠᠯ ︵ᠳᠠᠭᠠᠯᠳᠤᠭᠤᠯᠤᠯ 2︶  ᠳᠤ ᠨᠡᠶᠢᠴᠡᠪᠡᠯ᠂ ᠤᠰᠤᠨ ᠤ ᠠᠮᠢᠲᠠᠨ ᠤ ᠲᠥᠷᠥᠯ ᠤᠨ ᠰᠢᠯᠭᠠᠯᠲᠠ ᠳᠤ ᠨᠡᠷ᠎ᠡ ᠮᠡᠳᠡᠭᠦᠯᠵᠦ ᠣᠷᠣᠯᠴᠠᠵᠤ ᠪᠣᠯᠣᠨ᠎ᠠ᠃     ︵ ᠭᠤᠷᠪᠠ ︶ 2009 ᠣᠨ ᠤ 1 ᠰᠠᠷ᠎ᠠ ᠶᠢᠨ 1 ᠤ ᠡᠳᠦᠷ ᠠᠴᠠ ᠡᠮᠦᠨ᠎ᠡ ᠮᠠᠯ ᠤᠨ ᠡᠮᠴᠢ ᠠᠴᠠ ᠳᠡᠭᠡᠭᠰᠢᠬᠢ ᠲᠤᠰᠬᠠᠢ ᠮᠡᠷᠭᠡᠵᠢᠯ ᠤᠨ ᠴᠣᠯᠠ ᠲᠠᠢ ᠬᠥᠮᠥᠰ ᠮᠠᠯ ᠡᠮᠨᠡᠯᠭᠡ ᠶᠢᠨ ᠶᠡᠷᠦᠩᠬᠡᠢ ᠰᠠᠯᠠᠭ᠎ᠠ ᠶᠢᠨ ᠲᠦᠷᠦᠯ ᠤᠨ ᠰᠢᠯᠭᠠᠯᠲᠠ ᠳᠤ ᠨᠡᠷ᠎ᠡ ᠮᠡᠳᠡᠭᠦᠯᠵᠦ ᠣᠷᠣᠯᠴᠠᠵᠤ ᠪᠣᠯᠣᠨ᠎ᠠ ᠃     ︵ᠳᠥᠷᠪᠡ︶ ᠬᠠᠤᠯᠢ ᠶᠣᠰᠣᠭᠠᠷ ᠳᠠᠩᠰᠠᠯᠠᠭᠤᠯᠤᠭᠰᠠᠨ ᠪᠤᠶᠤ ᠳᠠᠩᠰᠠᠯᠠᠭᠤᠯᠤᠭᠰᠠᠨ ᠴᠠᠭ ᠨᠢ 2013 ᠣᠨ  ᠠᠴᠠ ᠡᠮᠦᠨ᠎ᠡ ︵2013 ᠣᠨ ᠪᠠᠭᠲᠠᠨ᠎ᠠ︶ ᠮᠥᠷᠲᠡᠭᠡᠨ ᠠᠮᠢᠲᠠᠨ ᠢ ᠣᠨᠣᠰᠢᠯᠠᠨ ᠡᠮᠨᠡᠬᠦ ᠠᠵᠢᠯᠯᠠᠭ᠎ᠠ ᠶᠢ ᠠᠷᠪᠠᠨ ᠵᠢᠯ ᠠᠴᠠ ᠳᠡᠭᠡᠭᠰᠢ ᠬᠢᠭᠰᠡᠨ ᠬᠥᠳᠡᠭᠡ ᠲᠣᠰᠬᠤᠨ ᠤ ᠮᠠᠯ ᠤᠨ ᠡᠮᠴᠢ ᠨᠢ ᠮᠠᠯ ᠡᠮᠨᠡᠯᠭᠡ ᠶᠢᠨ ᠶᠡᠷᠦᠩᠬᠡᠢ ᠰᠠᠯᠠᠭ᠎ᠠ ᠶᠢᠨ ᠲᠥᠷᠥᠯ ᠪᠤᠶᠤ ᠤᠰᠤᠨ ᠤ ᠠᠮᠢᠲᠠᠨ ᠤ ᠲᠥᠷᠥᠯ ᠤᠨ ᠰᠢᠯᠭᠠᠯᠲᠠ ᠳᠤ ᠨᠡᠷ᠎ᠡ ᠮᠡᠳᠡᠭᠦᠯᠵᠦ ᠣᠷᠣᠯᠴᠠᠵᠤ ᠪᠣᠯᠣᠨ᠎ᠠ᠃     ᠭᠤᠷᠪᠠ᠂ ᠰᠢᠯᠭᠠᠯᠲᠠ ᠳᠤ ᠨᠡᠷ᠎ᠡ ᠮᠡᠳᠡᠭᠦᠯᠬᠦ ᠠᠷᠭ᠎ᠠ ᠬᠡᠯᠪᠡᠷᠢ ᠪᠣᠯᠣᠨ ᠴᠠᠭ ᠬᠤᠭᠤᠴᠠᠭ᠎ᠠ     ᠪᠥᠬᠦ ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠶᠢ ᠰᠠᠭᠤᠷᠢ ᠮᠡᠳᠡᠯᠭᠡ ᠂ ᠤᠷᠢᠳᠴᠢᠯᠠᠨ ᠰᠡᠷᠭᠡᠶᠢᠯᠡᠯᠲᠡ ᠂ ᠡᠮᠴᠢᠯᠡᠭᠡ ᠪᠠ ᠶᠡᠷᠦᠩᠬᠡᠶᠢᠯᠡᠨ ᠬᠡᠷᠡᠭᠯᠡᠭᠡ ᠵᠡᠷᠭᠡ 4 ᠲᠥᠷᠥᠯ ᠤᠨ ᠬᠢᠴᠢᠶᠡᠯ ᠲᠥᠷᠥᠯ ᠳᠤ ᠬᠤᠪᠢᠶᠠᠵᠤ᠂ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯᠲᠠᠨ ᠪᠦᠬᠦᠨ ᠢᠶᠠᠷ ᠢᠶᠠᠨ 4 ᠲᠥᠷᠥᠯ ᠤᠨ ᠬᠢᠴᠢᠶᠡᠯ ᠲᠥᠷᠥᠯ ᠳᠤ ᠨᠡᠷ᠎ᠡ ᠮᠡᠳᠡᠭᠦᠯᠵᠦ ᠰᠢᠯᠭᠠᠭᠤᠯᠵᠤ ᠪᠣᠯᠣᠨ᠎ᠠ᠂ ᠪᠠᠰᠠ ᠨᠡᠷ᠎ᠡ ᠮᠡᠳᠡᠭᠦᠯᠵᠦ ᠰᠢᠯᠭᠠᠭᠤᠯᠬᠤ ᠬᠡᠰᠡᠭ ᠬᠢᠴᠢᠶᠡᠯ ᠲᠥᠷᠥᠯ ᠢ ᠰᠣᠩᠭᠤᠵᠤ ᠪᠣᠯᠣᠨ᠎ᠠ᠃     ᠨᠡᠷ᠎ᠡ ᠮᠡᠳᠡᠭᠦᠯᠬᠦ ᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠰᠦᠯᠵᠢᠶᠡᠨ ᠳᠡᠭᠡᠷ᠎ᠡ ᠨᠤᠲᠠᠯᠠᠬᠤ ᠠᠷᠭ᠎ᠠ ᠶᠢ ᠬᠡᠷᠡᠭᠯᠡᠨ᠎ᠡ᠃ ᠰᠢᠯᠭᠠᠯᠲᠠ ᠳᠤ ᠨᠡᠷ᠎ᠡ ᠮᠡᠳᠡᠭᠦᠯᠦᠭᠰᠡᠳ ᠺᠣᠮᠫᠢᠦ᠋ᠲ᠋ᠧᠷ ᠢᠶᠠᠷ ︽ᠳᠤᠮᠳᠠᠳᠤ ᠤᠯᠤᠰ ᠤᠨ ᠮᠠᠯ ᠡᠮᠨᠡᠯᠭᠡ ᠶᠢᠨ ᠰᠦᠯᠵᠢᠶ᠎ᠡ ︵www.cadc.net.cn︶ ︱ ᠠᠵᠢᠯ ᠡᠷᠭᠢᠯᠡᠬᠦ ᠮᠠᠯ ᠤᠨ ᠡᠮᠴᠢ ᠶᠢᠨ ᠲᠤᠰᠬᠠᠢ ᠪᠤᠯᠤᠩ ︱ ᠪᠥᠬᠦ ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ︾ ᠳᠤ ᠣᠷᠣᠵᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ ᠂ ᠰᠦᠯᠵᠢᠶᠡᠨ ᠳᠡᠭᠡᠷ᠎ᠡ ᠨᠣᠲᠠᠯᠠᠵᠤ ᠂ ᠰᠢᠯᠭᠠᠯᠲᠠ ᠶᠢᠨ ᠰᠦᠢᠳᠬᠡᠯ ᠲᠤᠰᠢᠶᠠᠬᠤ᠂ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠢ ᠳᠠᠷᠤᠮᠠᠯᠯᠠᠬᠤ᠂ ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ ᠵᠡᠷᠭᠡ ᠰᠢᠯᠭᠠᠯᠲᠠ ᠶᠢᠨ ᠬᠠᠮᠢᠶ᠎ᠠ ᠪᠦᠬᠦᠢ ᠠᠵᠢᠯᠯᠠᠭ᠎ᠠ ᠶᠢ ᠶᠠᠪᠤᠭᠳᠠᠭᠤᠯᠤᠨ᠎ᠠ᠃     ︵ᠨᠢᠭᠡ︶ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ     ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠬᠤᠭᠤᠴᠠᠭ᠎ᠠ  ᠨᠢ 3 ᠰᠠᠷ᠎ᠠ ᠶᠢᠨ 6 ᠤ ᠡᠳᠦᠷ ᠠᠴᠠ 3 ᠰᠠᠷ᠎ᠠ ᠶᠢᠨ 17 ᠤ ᠡᠳᠦᠷ ᠪᠣᠯᠲᠠᠯ᠎ᠠ ᠃ ᠰᠢᠯᠭᠠᠯᠲᠠ ᠳᠤ ᠨᠡᠷ᠎ᠡ ᠮᠡᠳᠡᠭᠦᠯᠦᠭᠰᠡᠳ ︽2023 ᠣᠨ ᠤ ᠪᠥᠬᠦ ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠶᠢᠨ ᠰᠢᠯᠭᠠᠭᠤᠯᠤᠭᠴᠢ ᠶᠢᠨ ᠵᠢᠯᠤᠭᠤᠳᠬᠤ ᠭᠠᠷ ᠳᠡᠪᠲᠡᠷ︾ ᠢ ᠨᠠᠷᠢᠨ ᠬᠢᠨᠠᠮᠠᠭᠠᠢ ᠤᠩᠰᠢᠵᠤ᠂ ᠨᠠᠷᠢᠨ ᠨᠢᠮᠪᠠᠢ ᠠᠵᠢᠯᠯᠠᠬᠤ ᠶᠠᠪᠤᠴᠠ ᠶᠢ ᠣᠯᠬᠤ ᠬᠡᠷᠡᠭᠲᠡᠢ᠃ ᠨᠡᠷ᠎ᠡ ᠮᠡᠳᠡᠭᠦᠯᠬᠦ ᠠᠵᠢᠯᠲᠠᠨ ᠨᠡᠷ᠎ᠡ ᠮᠡᠳᠡᠭᠦᠯᠬᠦ ᠮᠡᠳᠡᠭᠡ ᠵᠠᠩᠭᠢ ᠪᠠᠨ ᠦᠨᠡᠨ ᠮᠥᠨ ᠢᠶᠠᠷ ᠨᠢ ᠣᠨᠣᠪᠴᠢᠲᠠᠶ ᠲᠠᠭᠯᠠᠨ ᠮᠡᠳᠡᠭᠦᠯᠵᠦ᠂ ᠰᠣᠷᠣᠭᠰᠠᠨ ᠲᠤᠰᠬᠠᠢ ᠮᠡᠷᠭᠡᠵᠢᠯ ᠤᠨ ᠢᠶᠠᠨ ᠨᠡᠷ᠎ᠡ ᠮᠡᠳᠡᠭᠦᠯᠬᠦ ᠱᠠᠭᠠᠷᠳᠠᠯᠭ᠎ᠠ ᠳᠤ ᠨᠡᠶᠢᠴᠡᠬᠦ ᠶᠢ ᠨᠤᠲᠠᠯᠠᠬᠤ ᠶᠢᠨ ᠬᠠᠮᠲᠤ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ ᠲᠤ ᠠᠮᠠᠯᠠᠯᠲᠠ ᠬᠢᠬᠦ ᠬᠡᠷᠡᠭᠲᠡᠢ᠃ ᠬᠤᠭᠤᠴᠠᠭ᠎ᠠ ᠳᠠᠭᠤᠰᠲᠠᠯ᠎ᠠ ᠨᠡᠷ᠎ᠡ ᠮᠡᠳᠡᠭᠦᠯᠦᠭᠰᠡᠨ ᠦᠭᠡᠢ᠂ ᠨᠤᠲᠠᠯᠠᠭᠰᠠᠨ ᠦᠭᠡᠢ ᠬᠥᠮᠥᠰ ᠢ ᠨᠡᠷ᠎ᠡ ᠮᠡᠳᠡᠭᠦᠯᠬᠦ ᠬᠢᠷᠢ ᠬᠡᠮ ᠢᠶᠠᠨ ᠰᠠᠶᠢᠨ ᠳᠤᠷ᠎ᠠ  ᠠᠴᠠ ᠪᠠᠨ ᠲᠠᠶᠠᠭᠳᠠᠭᠰᠠᠨ ᠢᠶᠠᠷ ᠦᠵᠡᠨ᠎ᠡ᠃      1. ᠰᠤᠷᠤᠯᠭ᠎ᠠ ᠶᠢᠨ ᠨᠠᠮᠲᠠᠷ ᠢᠶᠠᠷ ᠢᠶᠠᠨ ᠰᠢᠯᠭᠠᠯᠲᠠ ᠳᠤ ᠨᠡᠷ᠎ᠡ ᠮᠡᠳᠡᠭᠦᠯᠦᠭᠰᠡᠳ      ᠨᠡᠷ᠎ᠡ ᠮᠡᠳᠡᠭᠦᠯᠦᠭᠰᠡᠳ ᠨᠡᠷ᠎ᠡ ᠮᠡᠳᠡᠭᠦᠯᠬᠦ ᠠᠴᠠ ᠪᠠᠨ ᠡᠮᠦᠨ᠎ᠡ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠣᠷᠣᠭᠴᠢ ᠶᠢᠨ ᠮᠡᠳᠡᠭᠡ ᠵᠠᠩᠭᠢ ᠶᠢᠨ ᠰᠦᠯᠵᠢᠶ᠎ᠡ ︵ᠳᠣᠷᠣᠭᠰᠢ ︽ᠡᠷᠳᠡᠮ ᠰᠢᠨᠵᠢᠯᠡᠭᠡᠨ ᠤ ᠮᠡᠳᠡᠭᠡ ᠵᠠᠩᠭᠢ ᠶᠢᠨ ᠰᠦᠯᠵᠢᠶ᠎ᠡ︾ ᠭᠡᠵᠦ ᠲᠣᠪᠴᠢᠯᠠᠨ᠎ᠠ︶ ᠳᠤ ᠥᠪᠡᠰᠦᠪᠡᠨ ᠣᠷᠣᠵᠤ᠂ ᠲᠣᠰ ᠬᠥᠮᠥᠨ ᠤ ᠰᠤᠷᠤᠯᠭ᠎ᠠ ᠶᠢᠨ ᠨᠠᠮᠲᠠᠷ ᠤᠨ ᠮᠡᠳᠡᠭᠡ ᠵᠠᠩᠭᠢ ᠪᠠᠨ ᠪᠠᠶᠢᠴᠠᠭᠠᠨ ᠯᠠᠪᠯᠠᠬᠤ ᠬᠡᠷᠡᠭᠲᠡᠢ᠃      ᠰᠤᠷᠤᠯᠭ᠎ᠠ ᠶᠢᠨ ᠨᠠᠮᠲᠠᠷ ᠤᠨ ᠮᠡᠳᠡᠭᠡ ᠵᠠᠩᠭᠢ ᠶᠢ ᠡᠷᠳᠡᠮ ᠰᠢᠨᠵᠢᠯᠡᠭᠡᠨ ᠤ ᠮᠡᠳᠡᠭᠡ ᠵᠠᠩᠭᠢ ᠶᠢᠨ ᠰᠦᠯᠵᠢᠶ᠎ᠡ ᠠᠴᠠ ᠡᠷᠢᠵᠦ ᠣᠯᠣᠭᠰᠠᠨ ᠬᠥᠮᠥᠰ ᠤᠨ ᠨᠡᠷ᠎ᠡ ᠮᠡᠳᠡᠭᠦᠯᠬᠦ ᠦᠶ᠎ᠡ ᠳᠤ ᠰᠤᠷᠤᠯᠭ᠎ᠠ ᠶᠢᠨ ᠨᠠᠮᠲᠠᠷ ᠤᠨ ᠮᠡᠳᠡᠭᠡ ᠵᠠᠩᠭᠢ ᠳᠤ ᠵᠥᠪᠬᠡᠨ ᠰᠤᠷᠤᠯᠭ᠎ᠠ ᠲᠡᠭᠦᠰᠦᠭᠰᠡᠨ ᠦᠨᠡᠮᠯᠡᠯ ︵ᠰᠤᠷᠤᠯᠭ᠎ᠠ ᠲᠡᠭᠦᠰᠦᠭᠰᠡᠨ ᠭᠡᠷᠡᠴᠢ ᠪᠢᠴᠢᠭ︶ ᠤᠨ ᠳ᠋ᠤᠭᠠᠷ ᠢ ᠲᠠᠭᠯᠠᠪᠠᠯ ᠪᠣᠯᠴᠢᠬᠠᠨ᠎ᠠ᠃ ᠬᠡᠷᠪᠡ ᠡᠷᠳᠡᠮ ᠰᠢᠨᠵᠢᠯᠡᠭᠡᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠮᠡᠳᠡᠭᠡ ᠵᠠᠩᠭᠢ ᠨᠢ ᠲᠣᠰ ᠬᠥᠮᠥᠨ ᠤ ᠰᠤᠷᠭᠠᠭᠤᠯᠢ ᠲᠡᠭᠦᠰᠦᠭᠰᠡᠨ ᠦᠨᠡᠮᠯᠡᠯ ︵ᠰᠤᠷᠭᠠᠭᠤᠯᠢ ᠲᠡᠭᠦᠰᠦᠭᠰᠡᠨ ᠭᠡᠷᠡᠴᠢ ᠪᠢᠴᠢᠭ︶ ᠲᠠᠢ ᠨᠡᠶᠢᠴᠡᠬᠦ ᠦᠭᠡᠢ ᠪᠠᠶᠢᠪᠠᠯ᠂ ᠨᠡᠷ᠎ᠡ ᠮᠡᠳᠡᠭᠦᠯᠬᠦ ᠬᠤᠭᠤᠴᠠᠭ᠎ᠠ ᠳᠠᠭᠤᠰᠬᠤ ᠠᠴᠠ ᠡᠮᠦᠨ᠎ᠡ ᠰᠤᠷᠭᠠᠭᠤᠯᠢ ᠲᠡᠭᠦᠰᠦᠭᠰᠡᠨ ᠶᠡᠭᠡ ᠳᠡᠭᠡᠳᠦ ᠰᠤᠷᠭᠠᠭᠤᠯᠢ ᠶᠢᠨ ᠰᠤᠷᠤᠯᠭ᠎ᠠ ᠶᠢᠨ ᠬᠠᠷᠢᠶ᠎ᠠ ᠰᠤᠷᠤᠯᠭ᠎ᠠ ᠶᠢᠨ ᠨᠠᠮᠲᠠᠷ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠷᠢᠯᠴᠠᠵᠤ ᠴᠠᠭ ᠲᠤᠬᠠᠢ ᠳᠤ  ᠨᠢ ᠵᠠᠯᠠᠷᠠᠭᠤᠯᠬᠤ ᠬᠡᠷᠡᠭᠲᠡᠢ᠃      ᠰᠤᠷᠤᠯᠭ᠎ᠠ ᠶᠢᠨ ᠨᠠᠮᠲᠠᠷ ᠤᠨ ᠮᠡᠳᠡᠭᠡ ᠵᠠᠩᠭᠢ ᠶᠢ ᠡᠷᠳᠡᠮ ᠰᠢᠨᠵᠢᠯᠡᠭᠡᠨ ᠤ ᠮᠡᠳᠡᠭᠡ ᠵᠠᠩᠭᠢ ᠶᠢᠨ ᠰᠦᠯᠵᠢᠶ᠎ᠡ ᠠᠴᠠ ᠪᠠᠶᠢᠴᠠᠭᠠᠨ ᠯᠠᠪᠯᠠᠬᠤ ᠶᠢᠨ ᠠᠷᠭ᠎ᠠ ᠦᠭᠡᠢ ᠬᠥᠮᠥᠰ ᠨᠡᠷ᠎ᠡ ᠮᠡᠳᠡᠭᠦᠯᠬᠦ ᠳᠤ ᠪᠠᠨ ᠰᠤᠷᠭᠠᠭᠤᠯᠢ ᠲᠡᠭᠦᠰᠦᠭᠰᠡᠨ ᠦᠨᠡᠮᠯᠡᠯ ︵ᠰᠤᠷᠭᠠᠭᠤᠯᠢ ᠲᠡᠭᠦᠰᠦᠭᠰᠡᠨ ᠭᠡᠷᠡᠴᠢ ᠪᠢᠴᠢᠭ︶ ᠲᠠᠢ ᠨᠢᠭᠡᠳᠦᠯᠲᠡᠢ ᠬᠠᠮᠢᠶ᠎ᠠ ᠪᠦᠬᠦᠢ ᠮᠡᠳᠡᠭᠡ ᠵᠠᠩᠭᠢ ᠶᠢ ᠲᠠᠭᠯᠠᠵᠤ᠂ ᠬᠦᠴᠦᠨ ᠪᠦᠬᠦᠢ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠤᠨ ᠡᠯᠧᠺᠲᠷᠣᠨ ᠬᠡᠷᠡᠯ ᠵᠢᠷᠤᠭ ᠢ ᠳᠡᠭᠡᠭᠰᠢ ᠳᠠᠮᠵᠢᠭᠤᠯᠬᠤ ᠬᠡᠷᠡᠭᠲᠡᠢ᠃ ᠡᠭᠦᠨ ᠤ ᠬᠠᠮᠲᠤ ᠪᠠᠰᠠ ᠡᠷᠳᠡᠮ ᠰᠢᠨᠵᠢᠯᠡᠭᠡᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠰᠤᠷᠤᠯᠭ᠎ᠠ ᠶᠢᠨ ᠨᠠᠮᠲᠠᠷ ᠤᠨ ᠭᠡᠷᠡᠴᠢᠯᠡᠯᠲᠡ ᠪᠠᠷ ᠳᠡᠮᠵᠢᠨ ᠣᠯᠣᠭᠰᠠᠨ ︽ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠨᠠᠮᠲᠠᠷ ᠤᠨ ᠭᠡᠷᠡᠴᠢᠯᠡᠯᠲᠡ ᠶᠢᠨ ᠮᠡᠳᠡᠭᠦᠯᠦᠯᠲᠡ︾ ᠶᠢ ᠳᠠᠮᠵᠢᠭᠤᠯᠵᠤ᠂ ᠭᠡᠷᠡᠴᠢᠯᠡᠯᠲᠡ ᠶᠢᠨ ᠮᠡᠳᠡᠭᠦᠯᠦᠯᠲᠡ ᠨᠢ ᠤᠭ ᠮᠠᠲ᠋ᠧᠷᠢᠶᠠᠯ ᠤᠨ ᠡᠯᠧᠺᠲᠷᠣᠨ ᠬᠡᠷᠡᠯ ᠵᠢᠷᠤᠭ ᠪᠤᠶᠤ ᠡᠯᠧᠺᠲᠷᠣᠨ ᠬᠡᠪᠯᠡᠯ ᠤᠨ ᠭᠡᠷᠡᠴᠢᠯᠡᠯᠲᠡ ᠶᠢᠨ ᠮᠡᠳᠡᠭᠦᠯᠦᠯᠲᠡ ᠪᠠᠶᠢᠬᠤ ᠬᠡᠷᠡᠭᠲᠡᠢ︔ ᠬᠡᠷᠪᠡ ︽ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠨᠠᠮᠲᠠᠷ ᠤᠨ ᠭᠡᠷᠡᠴᠢᠯᠡᠯ ᠤᠨ ᠮᠡᠳᠡᠭᠦᠯᠦᠯᠲᠡ︾ ᠶᠢ ᠣᠯᠣᠭᠰᠠᠨ ᠦᠭᠡᠢ ᠪᠣᠯ᠂ ᠰᠤᠷᠭᠠᠭᠤᠯᠢ ᠲᠡᠭᠦᠰᠦᠭᠰᠡᠨ ᠦᠨᠡᠮᠯᠡᠯ ︵ᠰᠤᠷᠭᠠᠭᠤᠯᠢ ᠲᠡᠭᠦᠰᠦᠭᠰᠡᠨ ᠭᠡᠷᠡᠴᠢ ᠪᠢᠴᠢᠭ︶ ᠤᠨ ᠤᠭ ᠮᠠᠲ᠋ᠧᠷᠢᠶᠠᠯ ᠤᠨ ᠡᠯᠧᠺᠲᠷᠣᠨ ᠬᠡᠷᠡᠯ ᠵᠢᠷᠤᠭ ᠢ ᠳᠡᠭᠡᠭᠰᠢ ᠳᠠᠮᠵᠢᠭᠤᠯᠬᠤ ᠬᠡᠷᠡᠭᠲᠡᠢ᠃      ᠤᠯᠤᠰ ︵ᠬᠢᠯᠢ︶ ᠤᠨ ᠭᠠᠳᠠᠨᠠᠬᠢ ᠰᠤᠷᠤᠯᠭ᠎ᠠ ᠶᠢᠨ ᠨᠠᠮᠲᠠᠷ ᠢ ᠣᠯᠣᠭᠰᠠᠨ ᠪᠠᠶᠢᠪᠠᠯ᠂ ᠨᠡᠷ᠎ᠡ ᠮᠡᠳᠡᠭᠦᠯᠬᠦ ᠳᠤ ᠪᠠᠨ ᠲᠡᠭᠦᠰᠦᠭᠰᠡᠨ ᠰᠤᠷᠭᠠᠭᠤᠯᠢ ᠶᠢᠨ ᠮᠡᠳᠡᠭᠡ ᠵᠠᠩᠭᠢ ᠶᠢ ᠲᠠᠭᠯᠠᠨ ᠪᠢᠴᠢᠬᠦ ᠶᠢᠨ ᠬᠠᠮᠲᠤ ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠬᠤ ᠦᠢᠯᠡᠴᠢᠯᠡᠭᠡᠨ ᠤ ᠲᠥᠪ ᠤᠨ ᠭᠠᠷᠭᠠᠭᠰᠠᠨ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠭᠡᠷᠡᠴᠢᠯᠡᠯ ᠤᠨ ᠪᠢᠴᠢᠭ ᠢ ᠳᠠᠮᠵᠢᠭᠤᠯᠵᠤ᠂ ᠭᠡᠷᠡᠴᠢᠯᠡᠯ ᠤᠨ ᠪᠢᠴᠢᠭ ᠢ ᠤᠭ ᠮᠠᠲ᠋ᠧᠷᠢᠶᠠᠯ ᠤᠨ ᠡᠯᠧᠺᠲᠷᠣᠨ ᠬᠡᠷᠡᠯ ᠵᠢᠷᠤᠭ ᠪᠤᠶᠤ ᠡᠯᠧᠺᠲᠷᠣᠨ ᠬᠡᠪᠯᠡᠯ ᠤᠨ ᠭᠡᠷᠡᠴᠢᠯᠡᠯ ᠤᠨ ᠪᠢᠴᠢᠭ ᠪᠣᠯᠭᠠᠬᠤ ᠬᠡᠷᠡᠭᠲᠡᠢ᠃      2. ᠪᠦᠬᠦᠯᠢ ᠡᠳᠦᠷ ᠤᠨ ᠳᠦᠷᠢᠮᠲᠦ ᠳᠡᠭᠡᠳᠦ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠣᠷᠣᠭᠴᠢ      ᠰᠢᠯᠭᠠᠯᠲᠠ ᠳᠤ ᠨᠡᠷ᠎ᠡ ᠮᠡᠳᠡᠭᠦᠯᠦᠭᠰᠡᠳ ᠺᠣᠮᠫᠢᠦ᠋ᠲ᠋ᠧᠷ ᠢᠶᠠᠷ ᠡᠷᠳᠡᠮ ᠰᠢᠨᠵᠢᠯᠡᠭᠡᠨ ᠤ ᠮᠡᠳᠡᠭᠡ ᠵᠠᠩᠭᠢ ᠶᠢᠨ ᠰᠦᠯᠵᠢᠶᠡᠨ ᠤ ︽ᠡᠷᠳᠡᠮ ᠰᠢᠨᠵᠢᠯᠡᠭᠡᠨ ᠤ ᠮᠡᠳᠡᠭᠡ ᠵᠠᠩᠭᠢ ᠶᠢᠨ ᠲᠠᠩᠰᠠ ᠡᠪᠬᠡᠮᠡᠯ︾ ᠪᠤᠯᠤᠩ ᠳᠤ ᠣᠷᠣᠵᠤ᠂ ᠦᠪᠡᠷ ᠤᠨ ︽ᠰᠤᠷᠭᠠᠨ ᠬᠥᠮᠦᠵᠢᠯ ᠤᠨ ᠶᠠᠮᠤᠨ ᠤ ᠰᠤᠷᠭᠠᠭᠤᠯᠢ ᠶᠢᠨ ᠬᠠᠷᠢᠶ᠎ᠠ ᠶᠢ ᠰᠦᠯᠵᠢᠶᠡᠨ ᠳᠡᠭᠡᠷ᠎ᠡ ᠰᠢᠯᠭᠠᠨ ᠪᠠᠲᠤᠯᠠᠭᠰᠠᠨ ᠮᠡᠳᠡᠭᠦᠯᠦᠯᠲᠡ︾ ᠶᠢᠨ PDF ᠪᠢᠴᠢᠭ ᠮᠠᠲ᠋ᠧᠷᠢᠶᠠᠯ ᠢ ᠪᠠᠭᠤᠯᠭᠠᠨ ᠠᠪᠴᠤ᠂ ᠰᠢᠯᠭᠠᠯᠲᠠ ᠳᠤ ᠨᠡᠷ᠎ᠡ ᠮᠡᠳᠡᠭᠦᠯᠬᠦ ᠰᠢᠰᠲ᠋ᠧᠮ ᠳᠤ ᠳᠠᠮᠵᠢᠭᠤᠯᠬᠤ ᠬᠡᠷᠡᠭᠲᠡᠢ᠃ ᠺᠣᠮᠫᠢᠦ᠋ᠲ᠋ᠧᠷ ᠤᠨ ᠳᠡᠯᠭᠡᠴᠡ ᠶᠢᠨ ᠲᠠᠰᠤᠯᠪᠤᠷᠢ ᠵᠢᠷᠤᠭ᠂ ᠭᠠᠷ ᠤᠲᠠᠰᠤᠨ ᠤ ᠰᠡᠭᠦᠳᠡᠷᠯᠡᠭᠰᠡᠨ ᠵᠢᠷᠤᠭ᠂ ᠭᠠᠷ ᠤᠲᠠᠰᠤᠨ ᠤ ᠳᠡᠯᠭᠡᠴᠡ  ᠶᠢᠨ ᠲᠠᠰᠤᠯᠪᠤᠷᠢ ᠵᠢᠷᠤᠭ᠂ ᠵᠢᠷᠤᠭ ᠤᠨ ᠳᠠᠮᠵᠢᠭᠤᠯᠭ᠎ᠠ PDF ᠵᠡᠷᠭᠡ ᠪᠢᠴᠢᠭ ᠮᠠᠲ᠋ᠧᠷᠢᠶᠠᠯ ᠤᠨ ᠵᠠᠭᠪᠤᠷ ᠢ ᠵᠥᠪᠰᠢᠶᠡᠷᠡᠬᠦ ᠦᠭᠡᠢ᠃ ᠰᠤᠷᠤᠯᠭ᠎ᠠ ᠶᠢᠨ ᠬᠠᠷᠢᠶ᠎ᠠ ᠶᠢᠨ ᠮᠡᠳᠡᠭᠡ ᠵᠠᠩᠭᠢ ᠶᠢᠨ ᠰᠦᠯᠵᠢᠶ᠎ᠡ ᠠᠴᠠ ᠭᠠᠳᠠᠨᠠᠬᠢ ᠠᠷᠭ᠎ᠠ ᠵᠠᠮ ᠢᠶᠠᠷ ᠳᠡᠮᠵᠢᠨ ᠣᠯᠣᠭᠰᠠᠨ ᠰᠤᠷᠭᠠᠭᠤᠯᠢ ᠶᠢᠨ ᠬᠠᠷᠢᠶ᠎ᠠ ᠶᠢᠨ ᠮᠡᠳᠡᠭᠦᠯᠦᠯᠲᠡ ᠪᠤᠶᠤ ᠭᠡᠷᠡᠴᠢ ᠶᠢ ᠵᠥᠪᠰᠢᠶᠡᠷᠡᠬᠦ ᠦᠭᠡᠢ᠃      ᠰᠤᠷᠭᠠᠭᠤᠯᠢ ᠳᠤ ᠪᠠᠶᠢᠭ᠎ᠠ ᠵᠢᠩᠬᠢᠨᠢ ᠠᠩᠭᠢ ᠶᠢᠨ ᠰᠣᠷᠣᠭᠴᠢ ︵ᠠᠰᠫᠢᠷᠠᠨᠲ︶ ᠬᠡᠷᠪᠡ ᠨᠡᠷ᠎ᠡ ᠮᠡᠳᠡᠭᠦᠯᠬᠦ ᠲᠤᠰᠬᠠᠢ ᠮᠡᠷᠭᠡᠵᠢᠯ ᠳᠤ ᠨᠡᠶᠢᠴᠡᠬᠦ ᠲᠤᠰᠬᠠᠢ ᠠᠩᠭᠢ ᠪᠤᠶᠤ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ ᠪᠣᠯᠤᠭᠰᠠᠨ ᠪᠠᠶᠢᠪᠠᠯ᠂ ᠤᠷᠢᠳ ᠢᠶᠠᠷ ︽ᠰᠤᠷᠤᠯᠭ᠎ᠠ ᠶᠢᠨ ᠨᠠᠮᠲᠠᠷ ᠢᠶᠠᠷ ᠢᠶᠠᠨ ᠨᠡᠷ᠎ᠡ ᠮᠡᠳᠡᠭᠦᠯᠬᠦ︾ ᠶᠢ ᠰᠣᠩᠭᠤᠬᠤ ᠬᠡᠷᠡᠭᠲᠡᠢ᠃      3. ᠮᠡᠷᠭᠡᠵᠢᠯ ᠤᠨ ᠴᠣᠯᠠ ᠪᠠᠷ ᠢᠶᠠᠨ ᠰᠢᠯᠭᠠᠯᠲᠠ ᠳᠤ ᠨᠡᠷ᠎ᠡ ᠮᠡᠳᠡᠭᠦᠯᠦᠭᠰᠡᠳ      ᠰᠢᠯᠭᠠᠯᠲᠠ ᠳᠤ ᠨᠡᠷ᠎ᠡ ᠮᠡᠳᠡᠭᠦᠯᠬᠦ ᠠᠵᠢᠯᠲᠠᠨ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠳᠤ ᠪᠠᠨ ᠡᠷᠬᠡᠪᠰᠢ ᠮᠡᠷᠭᠡᠵᠢᠯ ᠤᠨ ᠴᠣᠯᠠ ᠶᠢᠨ ᠦᠨᠡᠮᠯᠡᠯ ᠲᠠᠢ ᠨᠢᠭᠡᠳᠦᠯᠲᠡᠢ ᠲᠤᠰᠬᠠᠢ ᠮᠡᠷᠭᠡᠵᠢᠯ ᠤᠨ ᠴᠣᠯᠠ ᠶᠢᠨ ᠲᠠᠰ ᠳᠠᠪᠬᠤᠷᠭ᠎ᠠ ᠵᠢᠴᠢ ᠮᠡᠷᠭᠡᠵᠢᠯ ᠤᠨ ᠴᠣᠯᠠ ᠣᠯᠣᠭᠰᠠᠨ ᠴᠠᠭ ᠢ ᠰᠣᠩᠭᠤᠬᠤ ᠶᠢᠨ ᠬᠠᠮᠲᠤ ᠮᠡᠷᠭᠡᠵᠢᠯ ᠤᠨ ᠴᠣᠯᠠ ᠶᠢᠨ ᠦᠨᠡᠮᠯᠡᠯ ᠤᠨ ᠪᠥᠬᠦ ᠳᠣᠲᠣᠭᠠᠳᠤ ᠨᠢᠭᠤᠷ ᠤᠨ ᠡᠯᠧᠺᠲᠷᠣᠨ ᠬᠡᠷᠡᠯ ᠵᠢᠷᠤᠭ ᠢ ᠳᠡᠭᠡᠭᠰᠢ ᠳᠠᠮᠵᠢᠭᠤᠯᠬᠤ ᠬᠡᠷᠡᠭᠲᠡᠢ᠃      4. ᠬᠥᠳᠡᠭᠡ ᠲᠣᠰᠬᠤᠨ ᠤ ᠮᠠᠯ ᠤᠨ ᠡᠮᠴᠢ      ᠨᠡᠷ᠎ᠡ ᠮᠡᠳᠡᠭᠦᠯᠬᠦ ᠦᠶ᠎ᠡ ᠳᠤ ᠰᠢᠰᠲ᠋ᠧᠮ ᠤᠨ ᠬᠢᠨ ᠬᠦᠴᠦᠨ ᠪᠦᠬᠦᠢ ᠪᠡᠶ᠎ᠡ ᠶᠢᠨ ᠦᠨᠡᠮᠯᠡᠯ ᠤᠨ ᠨᠣᠮᠧᠷ ᠢ ᠦᠨᠳᠦᠰᠦᠯᠡᠨ᠂ ᠰᠢᠯᠭᠠᠭᠤᠯᠬᠤ ᠪᠠᠷ ᠨᠡᠷ᠎ᠡ ᠮᠡᠳᠡᠭᠦᠯᠦᠭᠰᠡᠳ ᠤᠨ ᠪᠥᠬᠦ ᠤᠯᠤᠰ ᠤᠨ ᠮᠠᠯ ᠡᠮᠨᠡᠯᠭᠡ ᠶᠢᠨ ᠡᠩᠨᠡᠭᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠳᠠᠩᠰᠠᠯᠠᠭᠤᠯᠤᠭᠰᠠᠨ ᠪᠤᠶᠤ ᠲᠡᠮᠳᠡᠭᠯᠡᠭᠦᠯᠦᠭᠰᠡᠨ ᠡᠰᠡᠬᠦ᠂ ᠳᠠᠩᠰᠠᠯᠠᠭᠤᠯᠤᠭᠰᠠᠨ ᠪᠤᠶᠤ ᠲᠡᠮᠳᠡᠭᠯᠡᠭᠦᠯᠦᠭᠰᠡᠨ ᠵᠢᠯ ᠬᠤᠭᠤᠴᠠᠭ᠎ᠠ ᠨᠢ ᠰᠢᠯᠭᠠᠭᠤᠯᠬᠤ ᠪᠠᠷ ᠨᠡᠷ᠎ᠡ ᠮᠡᠳᠡᠭᠦᠯᠬᠦ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠬᠠᠷᠭᠤᠭᠤᠯᠬᠤ ᠬᠡᠷᠡᠭᠲᠡᠢ᠃ ᠬᠡᠷᠪᠡ ᠰᠢᠰᠲ᠋ᠧᠮ ᠤᠨ ᠪᠠᠶᠢᠴᠠᠭᠠᠨ ᠯᠠᠪᠯᠠᠭᠰᠠᠨ ᠦᠷ᠎ᠡ ᠳ᠋ᠦᠩ ᠨᠢ ᠳᠠᠩᠰᠠᠯᠠᠭᠤᠯᠤᠭᠰᠠᠨ ᠦᠭᠡᠢ ᠪᠤᠶᠤ ᠲᠡᠮᠳᠡᠭᠯᠡᠭᠦᠯᠦᠭᠰᠡᠨ ᠦᠭᠡᠢ᠂ ᠳᠠᠩᠰᠠᠯᠠᠭᠤᠯᠤᠭᠰᠠᠨ ᠪᠤᠶᠤ ᠲᠡᠮᠳᠡᠭᠯᠡᠭᠦᠯᠦᠭᠰᠡᠨ ᠣᠨ ᠵᠢᠯ ᠨᠢ ᠨᠡᠷ᠎ᠡ ᠮᠡᠳᠡᠭᠦᠯᠬᠦ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠨᠡᠷ᠎ᠡ ᠮᠡᠳᠡᠭᠦᠯᠦᠭᠡᠳ ᠬᠢᠷᠢ ᠲᠡᠩᠴᠡᠭᠰᠡᠨ ᠦᠭᠡᠢ ᠪᠠᠷ ᠦᠵᠡᠨ᠎ᠡ᠃      ︵ᠬᠤᠶᠠᠷ︶ ᠰᠦᠯᠵᠢᠶᠡᠨ ᠳᠡᠭᠡᠷ᠎ᠡ ᠨᠤᠲᠠᠯᠠᠬᠤ      ᠰᠢᠯᠭᠠᠯᠲᠠ ᠳᠤ ᠨᠡᠷ᠎ᠡ ᠮᠡᠳᠡᠭᠦᠯᠦᠭᠰᠡᠳ 5 ᠰᠠᠷ᠎ᠠ ᠶᠢᠨ 8 ᠤ ᠡᠳᠦᠷ ᠠᠴᠠ ᠰᠡᠭᠦᠯᠡᠷ ᠰᠦᠯᠵᠢᠶᠡᠨ ᠳᠡᠭᠡᠷ᠎ᠡ ᠤᠷᠢᠳᠴᠢᠯᠠᠨ ᠬᠢᠨᠠᠭᠰᠠᠨ ᠦᠷ᠎ᠡ ᠳ᠋ᠦᠩ ᠢ ᠯᠠᠪᠯᠠᠵᠤ ᠪᠣᠯᠣᠨ᠎ᠠ᠃ ᠮᠥᠷᠳᠡᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠬᠥᠮᠥᠰ 5 ᠰᠠᠷ᠎ᠠ ᠶᠢᠨ 8  ᠤ ᠡᠳᠦᠷ ᠠᠴᠠ 10 ᠤ ᠡᠳᠦᠷ ᠪᠣᠯᠲᠠᠯ᠎ᠠ ᠰᠠᠨᠠᠭᠤᠯᠭ᠎ᠠ ᠶᠢᠨ ᠱᠠᠭᠠᠷᠳᠠᠯᠭ᠎ᠠ ᠶᠣᠰᠣᠭᠠᠷ ᠬᠤᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠢ ᠳᠠᠭᠢᠵᠤ ᠳᠠᠮᠵᠢᠭᠤᠯᠵᠤ ᠪᠣᠯᠣᠨ᠎ᠠ᠃      ᠳᠥᠷᠪᠡ᠂ ᠰᠢᠯᠭᠠᠯᠲᠠ ᠶᠢᠨ ᠰᠦᠢᠳᠬᠡᠯ ᠲᠤᠰᠢᠶᠠᠬᠤ ᠪᠠᠷᠢᠮᠵᠢᠶ᠎ᠠ ᠵᠢᠴᠢ ᠠᠷᠭ᠎ᠠ ᠮᠠᠶ᠋ᠢᠭ      ᠰᠢᠯᠭᠠᠯᠲᠠ ᠳᠤ ᠨᠡᠷ᠎ᠡ ᠮᠡᠳᠡᠭᠦᠯᠦᠭᠰᠡᠳ 5 ᠰᠠᠷ᠎ᠠ ᠶᠢᠨ 22 ᠤᠨ ᠡᠳᠦᠷ ᠠᠴᠠ ᠰᠡᠭᠦᠯᠡᠷ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠪᠠᠶᠢᠴᠠᠭᠠᠨ ᠯᠠᠪᠯᠠᠵᠤ ᠪᠣᠯᠣᠨ᠎ᠠ᠂ ᠬᠢᠨᠠᠨ ᠬᠠᠷᠭᠤᠭᠤᠯᠤᠭᠰᠠᠨ ᠬᠦᠮᠦᠰ 5 ᠰᠠᠷ᠎ᠠ ᠶᠢᠨ 24 ᠤ ᠡᠳᠦᠷ ᠠᠴᠠ 30 ᠤ ᠡᠳᠦᠷ ᠪᠣᠯᠲᠠᠯ᠎ᠠ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠵᠤ ᠪᠣᠯᠣᠨ᠎ᠠ᠃ ᠬᠤᠭᠤᠴᠠᠭ᠎ᠠ ᠳᠠᠭᠤᠰᠲᠠᠯ᠎ᠠ ᠰᠦᠢᠳᠬᠡᠯ ᠲᠤᠰᠢᠶᠠᠭᠰᠠᠨ ᠦᠭᠡᠢ ᠪᠠᠶᠢᠪᠠᠯ ᠂ ᠰᠢᠯᠭᠠᠯᠲᠠ ᠳᠤ ᠨᠡᠷ᠎ᠡ ᠮᠡᠳᠡᠭᠦᠯᠬᠦ ᠬᠢᠷᠢ ᠬᠡᠮ ᠢᠶᠠᠨ ᠰᠠᠶᠢᠨ ᠳᠤᠷ᠎ᠠ ᠠᠴᠠ ᠪᠠᠨ ᠲᠠᠶᠠᠭᠳᠠᠭᠰᠠᠨ ᠢᠶᠠᠷ ᠦᠵᠡᠨ᠎ᠡ ᠃      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠢᠶᠠᠷ ᠬᠢᠨᠠᠨ ᠲᠣᠭᠲᠠᠭᠠᠯᠭᠠᠵᠤ ᠵᠥᠪᠰᠢᠶᠡᠷᠡᠭᠦᠯᠦᠭᠡᠳ᠂ ᠰᠢᠯᠭᠠᠯᠲᠠ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠨᠢ᠄ ᠮᠠᠯ ᠡᠮᠨᠡᠯᠭᠡ ᠶᠢᠨ ᠶᠡᠷᠦᠩᠬᠡᠢ ᠰᠠᠯᠠᠭ᠎ᠠ ᠶᠢᠨ ᠲᠥᠷᠥᠯ᠂ ᠬᠥᠮᠥᠨ ᠪᠦᠷᠢ ᠬᠢᠴᠢᠶᠡᠯ ᠨᠢᠭᠡᠪᠦᠷᠢ  ᠨᠢ 61 ᠲᠥᠭᠦᠷᠢᠭ︔ ᠤᠰᠤᠨ ᠤ ᠠᠮᠢᠲᠠᠨ ᠤ ᠲᠥᠷᠥᠯ᠂ ᠬᠥᠮᠥᠨ ᠪᠦᠷᠢ ᠬᠢᠴᠢᠶᠡᠯ ᠨᠢᠭᠡᠪᠦᠷᠢ  ᠨᠢ 70 ᠲᠥᠭᠦᠷᠢᠭ᠃      ᠲᠠᠪᠤ᠂ ᠰᠢᠯᠭᠠᠬᠤ ᠭᠠᠵᠠᠷ      ᠬᠥᠬᠡᠬᠤᠲᠠ ᠂ ᠲᠦᠩᠯᠢᠶᠣᠣ ᠬᠤᠳᠠ      ᠵᠢᠷᠭᠤᠭ᠎ᠠ᠂ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠢ ᠳᠠᠷᠤᠮᠠᠯᠯᠠᠬᠤ      ᠰᠢᠯᠭᠠᠯᠲᠠ ᠳᠤ ᠨᠡᠷ᠎ᠡ ᠮᠡᠳᠡᠭᠦᠯᠦᠭᠰᠡᠳ 7 ᠰᠠᠷ᠎ᠠ ᠶᠢᠨ 10 ᠤ ᠡᠳᠦᠷ ᠠᠴᠠ 16 ᠤ ᠡᠳᠦᠷ ᠪᠣᠯᠲᠠᠯ᠎ᠠ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠢᠶᠠᠨ ᠥᠪᠡᠰᠦᠪᠡᠨ ᠳᠠᠷᠤᠮᠠᠯᠯᠠᠵᠤ ᠪᠣᠯᠣᠨ᠎ᠠ᠃      ᠳᠣᠯᠤᠭ᠎ᠠ᠂ ᠰᠢᠯᠭᠠᠬᠤ ᠴᠠᠭ ᠪᠠ ᠠᠷᠭ᠎ᠠ ᠮᠠᠶ᠋ᠢᠭ      ᠰᠢᠯᠭᠠᠬᠤ ᠴᠠᠭ ᠨᠢ 7 ᠰᠠᠷ᠎ᠠ ᠶᠢᠨ 16 ᠤ ᠡᠳᠦᠷ᠃      ᠪᠣᠳᠠᠲᠠᠢ ᠲᠣᠬᠢᠷᠠᠭᠤᠯᠤᠯᠲᠠ ᠨᠢ᠄      ᠰᠠᠭᠤᠷᠢ ᠬᠢᠴᠢᠶᠡᠯ ᠲᠥᠷᠥᠯ᠄ ᠦᠳᠡ ᠶᠢᠨ ᠡᠮᠦᠨᠡᠬᠢ 8᠄ 30 ︱ 9᠄ 30︔      ᠤᠷᠢᠳᠴᠢᠯᠠᠨ ᠰᠡᠷᠭᠡᠶᠢᠯᠡᠬᠦ ᠬᠢᠴᠢᠶᠡᠯ ᠲᠥᠷᠥᠯ᠄ ᠦᠳᠡ ᠶᠢᠨ ᠡᠮᠦᠨᠡᠬᠢ 11᠄ 00 ︱ 12᠄ 00︔      ᠡᠮᠴᠢᠯᠡᠭᠡᠨ ᠤ ᠬᠢᠴᠢᠶᠡᠯ ᠲᠥᠷᠥᠯ᠄ ᠦᠳᠡ ᠶᠢᠨ ᠬᠤᠶᠢᠨᠠᠬᠢ 2᠄ 00 ︱ 3᠄ 00︔      ᠶᠡᠷᠦᠩᠬᠡᠶᠢᠯᠡᠨ ᠬᠡᠷᠡᠭᠯᠡᠭᠡᠨ ᠤ ᠬᠢᠴᠢᠶᠡᠯ ᠲᠥᠷᠥᠯ᠄ ᠦᠳᠡ ᠶᠢᠨ ᠬᠤᠶᠢᠨᠠᠬᠢ 4᠄ 30 ︱ 5᠄ 30᠃      ᠰᠢᠯᠭᠠᠯᠲᠠ ᠶᠢᠨ ᠬᠡᠯᠪᠡᠷᠢ ᠨᠢ ᠢᠯᠡ ᠪᠣᠰᠤ ᠂ ᠺᠣᠮᠫᠢᠦ᠋ᠲ᠋ᠧᠷ ᠢᠶᠠᠷ ᠰᠢᠯᠭᠠᠨ᠎ᠠ᠃ ᠰᠢᠯᠭᠠᠯᠲᠠ ᠶᠢᠨ ᠰᠡᠳᠦᠪ᠂ ᠰᠡᠳᠦᠪ ᠬᠠᠷᠢᠭᠤᠯᠬᠤ ᠱᠠᠭᠠᠷᠳᠠᠯᠭ᠎ᠠ ᠪᠠ ᠰᠡᠳᠦᠪ ᠬᠠᠷᠢᠭᠤᠯᠬᠤ ᠳᠡᠯᠭᠡᠴᠡ ᠨᠢ ᠴᠥᠮ ᠺᠣᠮᠫᠢᠦ᠋ᠲ᠋ᠧᠷ ᠤᠨ ᠳᠡᠯᠭᠡᠴᠡ ᠳᠡᠭᠡᠷ᠎ᠡ ᠢᠯᠡᠷᠡᠵᠦ᠂ ᠰᠢᠯᠭᠠᠭᠤᠯᠤᠭᠴᠢ ᠺᠣᠮᠫᠢᠦ᠋ᠲ᠋ᠧᠷ ᠤᠨ ᠬᠤᠯᠤᠭᠠᠨᠠᠴᠢᠷ ᠢ ᠬᠡᠷᠡᠭᠯᠡᠨ ᠺᠣᠮᠫᠢᠦ᠋ᠲ᠋ᠧᠷ ᠤᠨ ᠰᠡᠳᠦᠪ ᠬᠠᠷᠢᠭᠤᠯᠬᠤ ᠳᠡᠯᠭᠡᠴᠡ ᠳᠡᠭᠡᠷ᠎ᠡ ᠰᠢᠭᠤᠳ ᠬᠠᠷᠢᠭᠤᠯᠬᠤ ᠬᠡᠷᠡᠭᠲᠡᠢ᠃ 3 ᠰᠠᠷ᠎ᠠ ᠶᠢᠨ 6 ᠤ ᠡᠳᠦᠷ ᠠᠴᠠ ᠰᠡᠭᠦᠯᠡᠷ᠂ ᠪᠥᠬᠦ ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠶᠢᠨ ᠰᠦᠯᠵᠢᠶᠡᠨ ᠳᠡᠭᠡᠷᠡᠬᠢ ᠮᠡᠳᠡᠭᠡ ᠵᠠᠩᠭᠢ ᠶᠢᠨ ᠲᠠᠪᠴᠠᠩ ᠳᠤ ᠺᠣᠮᠫᠢᠦ᠋ᠲ᠋ᠧᠷ ᠤᠨ ᠰᠢᠯᠭᠠᠯᠲᠠ ᠶᠢᠨ ᠠᠵᠢᠯᠯᠠᠬᠤ ᠵᠥᠭᠡᠯᠡᠨ ᠲᠣᠨᠤᠭ ᠪᠠ ᠦᠵᠡᠭᠦᠯᠭᠡ ᠶᠢᠨ ᠸᠢᠳᠢᠤ᠋ ᠶᠢ ᠨᠡᠶᠢᠲᠡᠯᠡᠵᠦ᠂ ᠰᠢᠯᠭᠠᠭᠤᠯᠤᠭᠴᠢ ᠺᠣᠮᠫᠢᠦ᠋ᠲ᠋ᠧᠷ ᠤᠨ ᠰᠢᠯᠭᠠᠯᠲᠠ ᠶᠢᠨ ᠰᠡᠳᠦᠪ ᠬᠠᠷᠢᠭᠤᠯᠬᠤ ᠲᠡᠯᠭᠡᠴᠡ ᠶᠢᠨ ᠬᠠᠭᠤᠳᠠᠰᠤ ᠂ ᠬᠠᠷᠢᠭᠤᠯᠬᠤ ᠠᠷᠭ᠎ᠠ ᠮᠠᠶ᠋ᠢᠭ ᠵᠡᠷᠭᠡ ᠶᠢ ᠤᠷᠢᠳᠴᠢᠯᠠᠨ ᠣᠶᠢᠯᠠᠭᠠᠵᠤ ᠪᠣᠯᠣᠨ᠎ᠠ᠃      ᠨᠠᠢᠮᠠ ᠂ ᠰᠢᠯᠭᠠᠬᠤ ᠠᠭᠤᠯᠭ᠎ᠠ      ᠰᠢᠯᠭᠠᠯᠲᠠ ᠶᠢᠨ ᠬᠡᠪᠴᠢᠶ᠎ᠡ ᠶᠢ ︽ᠪᠥᠬᠦ ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠶᠢᠨ ᠬᠥᠲᠥᠯᠪᠦᠷᠢ ︵ᠮᠠᠯ ᠡᠮᠨᠡᠯᠭᠡ ᠶᠢᠨ ᠶᠡᠷᠦᠩᠬᠡᠢ ᠰᠠᠯᠠᠭ᠎ᠠ ᠶᠢᠨ ᠲᠥᠷᠥᠯ︶ ︵2023 ᠣᠨ ᠤ ᠬᠡᠪᠯᠡᠯ ︶︾᠂ ︽ᠪᠥᠬᠦ ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠶᠢᠨ ᠬᠥᠲᠥᠯᠪᠦᠷᠢ ︵ᠤᠰᠤᠨ ᠤ ᠠᠮᠢᠲᠠᠨ ᠤ ᠲᠥᠷᠥᠯ︶ ︵2023 ᠣᠨ ᠤ ᠬᠡᠪᠯᠡᠯ︶︾ ᠪᠠᠷ ᠪᠠᠷᠢᠮᠵᠢᠶ᠎ᠠ ᠪᠣᠯᠭᠠᠨ᠎ᠠ᠃      ᠬᠢᠴᠢᠶᠡᠯ ᠲᠥᠷᠥᠯ ᠪᠦᠷᠢ ᠳᠤ 100 ᠰᠡᠳᠦᠪ᠂ ᠰᠡᠳᠦᠪ ᠪᠦᠷᠢ ᠳᠤ 1 ᠬᠤᠪᠢ ᠥᠭᠭᠦᠨ᠎ᠡ᠃      ︵ᠨᠢᠭᠡ︶ ᠮᠠᠯ ᠡᠮᠨᠡᠯᠭᠡ ᠶᠢᠨ ᠶᠡᠷᠦᠩᠬᠡᠢ ᠰᠠᠯᠠᠭᠠᠨ ᠤ ᠲᠥᠷᠥᠯ ᠤᠨ ᠰᠢᠯᠭᠠᠯᠲᠠ      ᠰᠠᠭᠤᠷᠢ ᠬᠢᠴᠢᠶᠡᠯ ᠲᠥᠷᠥᠯ᠃ ᠡᠭᠦᠨ ᠳᠤ ᠮᠠᠯ ᠡᠮᠨᠡᠯᠭᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠠᠵᠢᠯ ᠮᠡᠷᠭᠡᠵᠢᠯ ᠤᠨ ᠶᠣᠰᠣ ᠮᠣᠷᠠᠯ ᠂ ᠠᠮᠢᠲᠠᠨ ᠤ ᠠᠨᠠᠲ᠋ᠣᠮᠢ ᠶᠢᠨ ᠤᠬᠠᠭᠠᠨ ᠂ ᠨᠡᠬᠡᠳᠡᠰᠦ ᠶᠢᠨ ᠤᠬᠠᠭᠠᠨ ᠬᠢᠭᠡᠳ ᠬᠦᠪᠦᠷᠡᠯ ᠤᠨ ᠤᠬᠠᠭᠠᠨ ᠂ ᠠᠮᠢᠲᠠᠨ ᠤ ᠹᠢᠽᠢᠣᠯᠣᠭᠢ ᠂ ᠠᠮᠢᠲᠠᠨ ᠤ ᠠᠮᠢᠳᠤ ᠪᠣᠳᠠᠰ ᠤᠨ ᠤᠬᠠᠭᠠᠨ ᠂ ᠠᠮᠢᠲᠠᠨ ᠤ ᠡᠪᠡᠳᠴᠢᠨ ᠤ ᠵᠦᠢ ᠶᠢᠨ ᠤᠬᠠᠭᠠᠨ ᠂ ᠮᠠᠯ ᠡᠮᠨᠡᠯᠭᠡ ᠶᠢᠨ ᠡᠮ ᠤᠨ ᠵᠦᠢ ᠶᠢᠨ ᠤᠬᠠᠭᠠᠨ ᠪᠠᠭᠲᠠᠨ᠎ᠠ ᠃      ᠤᠷᠢᠳᠴᠢᠯᠠᠨ ᠰᠡᠷᠭᠡᠶᠢᠯᠡᠬᠦ ᠬᠢᠴᠢᠶᠡᠯ ᠲᠥᠷᠥᠯ᠃ ᠡᠭᠦᠨ ᠳᠤ ᠮᠠᠯ ᠡᠮᠨᠡᠯᠭᠡ ᠶᠢᠨ ᠮᠢᠺᠷᠣᠪ ᠤᠨ ᠰᠤᠳᠤᠯᠤᠯ ᠬᠢᠭᠡᠳ ᠡᠭᠡᠯᠢᠯᠡᠭᠡ ᠶᠢᠨ ᠤᠬᠠᠭᠠᠨ ᠂ ᠮᠠᠯ ᠡᠮᠨᠡᠯᠭᠡ ᠶᠢᠨ ᠬᠠᠯᠳᠠᠪᠤᠷᠢᠲᠤ ᠡᠪᠡᠳᠴᠢᠨ ᠤ ᠤᠬᠠᠭᠠᠨ ᠂ ᠮᠠᠯ ᠡᠮᠨᠡᠯᠭᠡ ᠶᠢᠨ ᠰᠢᠮᠡᠭᠦᠷ ᠬᠤᠷᠣᠬᠠᠢ ᠶᠢᠨ ᠤᠬᠠᠭᠠᠨ ᠂ ᠮᠠᠯ ᠡᠮᠨᠡᠯᠭᠡ ᠶᠢᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠤᠬᠠᠭᠠᠨ ᠪᠠᠭᠲᠠᠨ᠎ᠠ ᠃      ᠡᠮᠴᠢᠯᠡᠭᠡᠨ ᠤ ᠬᠢᠴᠢᠶᠡᠯ ᠲᠥᠷᠥᠯ᠃ ᠡᠭᠦᠨ ᠳᠤ ᠮᠠᠯ ᠡᠮᠨᠡᠯᠭᠡ ᠶᠢᠨ ᠡᠮᠴᠢᠯᠡᠭᠡᠨ ᠤ ᠣᠨᠣᠰᠢᠯᠠᠯᠲᠠ ᠶᠢᠨ ᠤᠬᠠᠭᠠᠨ ᠂ ᠮᠠᠯ ᠡᠮᠨᠡᠯᠭᠡ ᠶᠢᠨ ᠳᠣᠲᠣᠭᠠᠳᠤ ᠶᠢᠨ ᠰᠢᠨᠵᠢᠯᠡᠬᠦ ᠤᠬᠠᠭᠠᠨ ᠂ ᠮᠠᠯ ᠡᠮᠨᠡᠯᠭᠡ ᠶᠢᠨ ᠭᠠᠳᠠᠷ ᠡᠮᠨᠡᠯᠭᠡ ᠬᠢᠭᠡᠳ ᠮᠡᠰᠡ ᠵᠠᠰᠠᠯ ᠤᠨ ᠤᠬᠠᠭᠠᠨ ᠂ ᠮᠠᠯ ᠡᠮᠨᠡᠯᠭᠡ ᠶᠢᠨ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠂ ᠬᠢᠲᠠᠳ ᠮᠠᠯ ᠡᠮᠨᠡᠯᠭᠡ ᠶᠢᠨ ᠤᠬᠠᠭᠠᠨ ᠪᠠᠭᠲᠠᠨ᠎ᠠ ᠃      ᠶᠡᠷᠦᠩᠬᠡᠶᠢᠯᠡᠭᠰᠡᠨ ᠬᠡᠷᠡᠭᠯᠡᠭᠡᠨ ᠤ ᠬᠢᠴᠢᠶᠡᠯ ᠲᠥᠷᠥᠯ᠃ ᠡᠭᠦᠨ ᠳᠤ ᠭᠠᠭ᠋ᠠᠢ ᠂ ᠵᠢᠭᠦᠷᠲᠡᠨ ᠂ ᠦᠬᠡᠷ ᠂ ᠬᠤᠨᠢ ᠂ ᠨᠣᠬᠠᠢ ᠂ ᠮᠤᠤᠷ ᠵᠢᠴᠢ ᠪᠤᠰᠤᠳ ᠠᠮᠢᠳᠠᠨ ᠤ ᠡᠪᠡᠳᠴᠢᠨ ᠡᠮᠭᠡᠭ ᠢ ᠡᠮᠴᠢᠯᠡᠭᠡᠨ ᠳᠤ ᠣᠨᠣᠰᠢᠯᠠᠬᠤ ᠪᠠ ᠡᠮᠨᠡᠨ ᠵᠠᠰᠠᠬᠤ ᠪᠠᠭᠲᠠᠨ᠎ᠠ ᠃      ︵ᠬᠤᠶᠠᠷ︶ ᠤᠰᠤᠨ ᠤ ᠠᠮᠢᠲᠠᠨ ᠤ ᠲᠥᠷᠥᠯ ᠤᠨ ᠰᠢᠯᠭᠠᠯᠲᠠ      ᠰᠠᠭᠤᠷᠢ ᠬᠢᠴᠢᠶᠡᠯ ᠲᠥᠷᠥᠯ᠃ ᠡᠭᠦᠨ ᠳᠤ ᠮᠠᠯ ᠡᠮᠨᠡᠯᠭᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠠᠵᠢᠯ ᠮᠡᠷᠭᠡᠵᠢᠯ ᠤᠨ ᠶᠣᠰᠣ ᠮᠣᠷᠠᠯ ᠂ ᠤᠰᠤᠨ ᠤ ᠠᠮᠢᠲᠠᠨ ᠤ ᠠᠨᠠᠲ᠋ᠣᠮᠢ ᠶᠢᠨ ᠤᠬᠠᠭᠠᠨ ᠂ ᠵᠣᠬᠢᠶᠠᠨ ᠪᠠᠶᠢᠭᠤᠯᠤᠯᠲᠠ ᠵᠢᠴᠢ ᠬᠦᠪᠦᠷᠡᠯ ᠤᠨ ᠤᠬᠠᠭᠠᠨ ᠂ ᠤᠰᠤᠨ ᠤ ᠠᠮᠢᠲᠠᠨ ᠤ ᠹᠢᠽᠢᠣᠯᠣᠭᠢ ᠶᠢᠨ ᠤᠬᠠᠭᠠᠨ ᠂ ᠠᠮᠢᠲᠠᠨ ᠤ ᠠᠮᠢᠳᠤ ᠪᠣᠳᠠᠰ ᠤᠨ ᠤᠬᠠᠭᠠᠨ ᠂ ᠵᠢᠭᠠᠰᠤᠨ ᠤ ᠲᠥᠷᠥᠯ ᠤᠨ ᠡᠮ ᠤᠨ ᠵᠦᠢ ᠶᠢᠨ ᠤᠬᠠᠭᠠᠨ ᠪᠠᠭᠲᠠᠨ᠎ᠠ ᠃      ᠤᠷᠢᠳᠴᠢᠯᠠᠨ ᠰᠡᠷᠭᠡᠶᠢᠯᠡᠬᠦ ᠬᠢᠴᠢᠶᠡᠯ ᠲᠥᠷᠥᠯ᠃ ᠡᠭᠦᠨ ᠳᠤ ᠤᠰᠤᠨ ᠤ ᠠᠮᠢᠲᠠᠨ ᠤ ᠡᠭᠡᠯᠢᠯᠡᠭᠡ ᠶᠢᠨ ᠰᠤᠳᠤᠯᠤᠯ᠂ ᠤᠰᠤᠨ ᠤ ᠠᠮᠢᠲᠠᠨ ᠤ ᠮᠢᠺᠷᠣᠪ ᠤᠨ ᠰᠤᠳᠤᠯᠤᠯ᠂ ᠤᠰᠤᠨ ᠤ ᠠᠮᠢᠲᠠᠨ ᠤ ᠮᠥᠯᠵᠢᠭᠦᠷ ᠬᠤᠷᠣᠬᠠᠢ ᠶᠢᠨ ᠰᠤᠳᠤᠯᠤᠯ᠂ ᠤᠰᠤᠨ ᠭᠠᠷᠤᠯᠲᠠ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠤᠳᠤᠯᠤᠯ ᠪᠠᠭᠲᠠᠨ᠎ᠠ ᠃      ᠡᠮᠴᠢᠯᠡᠭᠡᠨ ᠤ ᠬᠢᠴᠢᠶᠡᠯ ᠲᠥᠷᠥᠯ᠃ ᠡᠭᠦᠨ ᠳᠤ ᠤᠰᠤᠨ ᠭᠠᠷᠤᠯᠲᠠ ᠶᠢᠨ ᠡᠮ ᠤᠨ ᠰᠤᠳᠤᠯᠤᠯ᠂ ᠤᠰᠤᠨ ᠠᠮᠢᠲᠠᠨ ᠤ ᠡᠪᠡᠳᠴᠢᠨ ᠤ ᠰᠤᠳᠤᠯᠤᠯ᠂ ᠤᠰᠤᠨ ᠠᠮᠢᠲᠠᠨ ᠤ ᠡᠪᠡᠳᠴᠢᠨ ᠲᠠᠬᠤᠯ ᠤᠨ ᠰᠤᠳᠤᠯᠤᠯ ᠵᠡᠷᠭᠡ ᠪᠠᠭᠲᠠᠨ᠎ᠠ᠃      ᠶᠡᠷᠦᠩᠬᠡᠶᠢᠯᠡᠭᠰᠡᠨ ᠬᠡᠷᠡᠭᠯᠡᠭᠡᠨ ᠤ ᠬᠢᠴᠢᠶᠡᠯ ᠲᠥᠷᠥᠯ᠃ ᠡᠭᠦᠨ ᠳᠤ ᠲᠡᠵᠢᠭᠡᠯ ᠪᠣᠷᠳᠤᠭ᠎ᠠ ᠬᠢᠭᠡᠳ ᠰᠢᠮ᠎ᠡ ᠲᠡᠵᠢᠭᠡᠯ ᠤᠨ ᠤᠬᠠᠭᠠᠨ᠂ ᠲᠡᠵᠢᠭᠡᠨ ᠦᠷᠡᠵᠢᠭᠦᠯᠬᠦ ᠤᠰᠤᠨ ᠤ ᠠᠮᠢ ᠠᠬᠤᠢ ᠶᠢᠨ ᠤᠬᠠᠭᠠᠨ ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠤᠬᠠᠭᠠᠨ ᠪᠠᠭᠲᠠᠨ᠎ᠠ᠃      ᠶᠢᠰᠦ᠂ ᠰᠢᠯᠭᠠᠯᠲᠠ ᠳᠤ ᠬᠢᠷᠢ ᠲᠡᠩᠴᠡᠭᠰᠡᠨ ᠬᠢᠷᠢ ᠪᠦᠲᠦᠮᠵᠢ ᠶᠢ ᠮᠠᠭᠠᠳᠯᠠᠨ ᠲᠣᠭᠲᠠᠭᠠᠬᠤ      ᠬᠡᠰᠡᠭ ᠬᠢᠴᠢᠶᠡᠯ ᠲᠥᠷᠥᠯ ᠤᠨ ᠰᠢᠯᠭᠠᠯᠲᠠ ᠳᠤ ᠨᠡᠷ᠎ᠡ ᠮᠡᠳᠡᠭᠦᠯᠦᠭᠰᠡᠳ ᠤᠨ 60 ᠬᠤᠪᠢ ᠨᠢ ᠲᠠᠩ ᠬᠢᠴᠢᠶᠡᠯ ᠤᠨ ᠬᠢᠷᠢ ᠲᠡᠩᠴᠡᠭᠦ ᠬᠤᠪᠢ ᠶᠢᠨ ᠱᠤᠭᠤᠮ ᠪᠠᠶᠢᠵᠤ᠂ ᠲᠠᠩ ᠬᠢᠴᠢᠶᠡᠯ ᠤᠨ ᠬᠢᠷᠢ ᠲᠡᠩᠴᠡᠭᠰᠡᠨ ᠬᠢᠷᠢ ᠪᠦᠲᠦᠮᠵᠢ ᠨᠢ 3 ᠵᠢᠯ ᠤᠨ ᠳᠣᠲᠣᠷ᠎ᠠ ᠬᠦᠴᠦᠨ ᠲᠠᠢ ᠪᠠᠶᠢᠳᠠᠭ ᠃ 3 ᠵᠢᠯ ᠳᠠᠷᠠᠭᠠᠯᠠᠨ ᠪᠥᠬᠦ ᠬᠢᠴᠢᠶᠡᠯ ᠲᠥᠷᠥᠯ ᠤᠨ ᠬᠢᠷᠢ ᠪᠦᠲᠦᠮᠵᠢ ᠨᠢ ᠬᠢᠷᠢ ᠲᠡᠩᠴᠡᠭᠰᠡᠨ ᠪᠠᠶᠢᠪᠠᠯ᠂ ᠰᠢᠯᠭᠠᠯᠲᠠ ᠳᠤ ᠬᠢᠷᠢ ᠲᠡᠩᠴᠡᠭᠰᠡᠨ ᠢᠶᠠᠷ ᠪᠤᠳᠤᠨ᠎ᠠ᠃      ᠨᠢᠭᠡ ᠯᠡ ᠤᠳᠠᠭ᠎ᠠ ᠳᠤ 4 ᠲᠥᠷᠥᠯ ᠤᠨ ᠬᠢᠴᠢᠶᠡᠯ ᠲᠥᠷᠥᠯ ᠤᠨ ᠰᠢᠯᠭᠠᠯᠲᠠ ᠳᠤ ᠨᠡᠷ᠎ᠡ ᠮᠡᠳᠡᠭᠦᠯᠦᠭᠰᠡᠨ ᠪᠠᠶᠢᠪᠠᠯ᠂ ᠰᠢᠯᠭᠠᠯᠲᠠ ᠳᠤ ᠬᠢᠷᠢ ᠲᠡᠩᠴᠡᠭᠰᠡᠨ ᠶᠡᠷᠦᠩᠬᠡᠢ ᠬᠤᠪᠢ ᠶᠢᠨ ᠱᠤᠭᠤᠮ ᠢ ᠪᠥᠬᠦ ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠶᠢᠨ ᠵᠥᠪᠯᠡᠯ ᠠᠴᠠ ᠰᠢᠯᠭᠠᠯᠲᠠ ᠳᠠᠭᠤᠰᠤᠭᠰᠠᠨ ᠤ ᠳᠠᠷᠠᠭ᠎ᠠ ᠨᠡᠶᠢᠲᠡᠯᠡᠨ᠎ᠡ᠃ ᠬᠡᠷᠪᠡ 4 ᠲᠥᠷᠥᠯ ᠤᠨ ᠬᠢᠴᠢᠶᠡᠯ ᠲᠥᠷᠥᠯ ᠤᠨ ᠶᠡᠷᠦᠩᠬᠡᠢ ᠬᠤᠪᠢ ᠨᠢ ᠰᠢᠯᠭᠠᠯᠲᠠ ᠳᠤ ᠬᠢᠷᠢ ᠲᠡᠩᠴᠡᠭᠰᠡᠨ ᠶᠡᠷᠦᠩᠬᠡᠢ ᠬᠤᠪᠢ ᠶᠢᠨ ᠱᠤᠭᠤᠮ ᠳᠤ ᠬᠦᠷᠦᠭᠰᠡᠨ ᠦᠭᠡᠢ ᠪᠣᠯᠪᠠᠴᠤ ᠭᠠᠭᠴᠠ ᠲᠥᠷᠥᠯ ᠤᠨ ᠬᠢᠴᠢᠶᠡᠯ ᠲᠥᠷᠥᠯ ᠨᠢ 60 ᠬᠤᠪᠢ ᠳᠤ ᠬᠦᠷᠦᠭᠰᠡᠨ ᠪᠠᠶᠢᠪᠠᠯ᠂ ᠭᠠᠭᠴᠠ ᠲᠥᠷᠥᠯ ᠤᠨ ᠬᠢᠴᠢᠶᠡᠯ ᠲᠥᠷᠥᠯ ᠤᠨ ᠬᠢᠷᠢ ᠪᠦᠲᠦᠮᠵᠢ ᠨᠢ ᠬᠢᠷᠢ ᠲᠡᠩᠴᠡᠭᠰᠡᠨ ᠢᠶᠠᠷ ᠪᠤᠳᠤᠨ᠎ᠠ᠃ ᠭᠠᠭᠴᠠ ᠲᠥᠷᠥᠯ ᠤᠨ ᠬᠢᠷᠢ ᠲᠡᠩᠴᠡᠭᠰᠡᠨ ᠬᠢᠷᠢ ᠪᠦᠲᠦᠮᠵᠢ ᠶᠢ ᠨᠢ ᠬᠡᠪ ᠢᠶᠠᠷ ᠪᠠᠶᠢᠯᠭᠠᠵᠤ᠂ 3 ᠵᠢᠯ ᠤᠨ ᠳᠣᠲᠣᠷ᠎ᠠ ᠬᠦᠴᠦᠨ ᠲᠠᠢ ᠪᠠᠶᠢᠳᠠᠭ ᠃      ᠠᠷᠪᠠ ᠂ ᠬᠢᠷᠢ ᠬᠡᠮ ᠭᠤᠶᠤᠴᠢᠯᠠᠬᠤ ᠪᠠ ᠣᠯᠭᠤᠬᠤ      ᠪᠥᠬᠦ ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠳᠤ ᠣᠷᠣᠯᠴᠠᠭᠰᠠᠨ ᠥᠪᠥᠷ ᠮᠣᠩᠭᠤᠯ ᠤᠨ ᠰᠢᠯᠭᠠᠯᠲᠠ ᠶᠢᠨ ᠲᠣᠭᠤᠷᠢᠭ ᠤᠨ ᠬᠢᠷᠢ ᠪᠦᠲᠦᠮᠵᠢ ᠨᠢ ᠬᠢᠷᠢ ᠲᠡᠩᠴᠡᠭᠰᠡᠨ ᠬᠥᠮᠥᠰ ᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠢᠷᠢ ᠬᠡᠮ ᠣᠯᠭᠤᠬᠤ ᠪᠠᠷ ᠭᠤᠶᠤᠴᠢᠯᠠᠬᠤ ᠬᠤᠯᠪᠣᠭᠳᠠᠯ ᠪᠦᠬᠦᠢ ᠵᠦᠢᠯᠡᠰ ᠤᠨ ᠠᠯᠪᠠᠨ ᠵᠠᠷ ︵ᠠᠰᠳᠠᠭᠠᠨ ᠵᠠᠷᠯᠠᠨ᠎ᠠ ︶ ᠤᠨ ᠱᠠᠭᠠᠷᠳᠠᠯᠭ᠎ᠠ ᠶᠣᠰᠣᠭᠠᠷ᠂ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠯᠭᠤᠭᠤᠯᠬᠤ ᠭᠤᠶᠤᠴᠢᠯᠠᠯ ᠢᠶᠠᠨ ᠳᠤᠷᠠᠳᠴᠤ᠂ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠦᠨᠡᠮᠯᠡᠯ ᠣᠯᠭᠤᠨ᠎ᠠ᠃      ᠰᠢᠯᠭᠠᠯᠲᠠ ᠳᠤ ᠬᠢᠷᠢ ᠲᠡᠩᠴᠡᠭᠰᠡᠨ ᠪᠣᠯᠪᠠᠴᠤ ᠡᠷᠳᠡᠮ ᠰᠢᠨᠵᠢᠯᠡᠭᠡᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠮᠡᠳᠡᠭᠡ ᠵᠠᠩᠭᠢ ᠨᠢ ᠰᠤᠷᠭᠠᠭᠤᠯᠢ ᠲᠡᠭᠦᠰᠦᠭᠰᠡᠨ ᠦᠨᠡᠮᠯᠡᠯ ︵ᠰᠤᠷᠭᠠᠭᠤᠯᠢ ᠲᠡᠭᠦᠰᠦᠭᠰᠡᠨ ᠭᠡᠷᠡᠴᠢ ᠪᠢᠴᠢᠭ︶ ᠲᠠᠢ ᠨᠡᠶᠢᠴᠡᠬᠦ ᠦᠭᠡᠢ ᠬᠥᠮᠥᠰ ᠡᠷᠳᠡᠮ ᠰᠢᠨᠵᠢᠯᠡᠭᠡᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠵᠠᠯᠠᠷᠠᠭᠤᠯᠬᠤ ᠶᠢᠨ ᠬᠠᠮᠲᠤ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠰᠠᠶ᠋ᠢ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠢ ᠭᠤᠶᠤᠴᠢᠯᠠᠵᠤ ᠪᠣᠯᠣᠨ᠎ᠠ᠃      ᠰᠢᠯᠭᠠᠯᠲᠠ ᠳᠤ ᠬᠢᠷᠢ ᠲᠡᠩᠴᠡᠭᠰᠡᠨ ᠪᠣᠯᠪᠠᠴᠤ ᠰᠤᠷᠤᠯᠭ᠎ᠠ ᠶᠢᠨ ᠨᠠᠮᠲᠠᠷ ᠤᠨ ᠮᠡᠳᠡᠭᠡ ᠵᠠᠩᠭᠢ ᠶᠢ ᠡᠷᠳᠡᠮ ᠰᠢᠨᠵᠢᠯᠡᠭᠡᠨ ᠤ ᠮᠡᠳᠡᠭᠡ ᠵᠠᠩᠭᠢ ᠶᠢᠨ ᠰᠦᠯᠵᠢᠶ᠎ᠡ ᠠᠴᠠ ᠪᠠᠶᠢᠴᠠᠭᠠᠨ ᠯᠠᠪᠯᠠᠵᠤ ᠳᠡᠶᠢᠯᠬᠦ ᠦᠭᠡᠢ ᠬᠥᠮᠥᠰ ︽ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠨᠠᠮᠲᠠᠷ ᠤᠨ ᠭᠡᠷᠡᠴᠢᠯᠡᠯ ᠤᠨ ᠮᠡᠳᠡᠭᠦᠯᠦᠯᠲᠡ︾ ᠶᠢ ᠲᠤᠰᠢᠶᠠᠬᠤ ᠶᠢᠨ ᠬᠠᠮᠲᠤ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠢ ᠭᠤᠶᠤᠴᠢᠯᠠᠵᠤ ᠪᠣᠯᠣᠨ᠎ᠠ᠃      ᠰᠢᠯᠭᠠᠯᠲᠠ ᠳᠤ ᠬᠢᠷᠢ ᠲᠡᠩᠴᠡᠭᠰᠡᠨ ᠪᠦᠬᠦᠯᠢ ᠡᠳᠦᠷ ᠤᠨ ᠳᠦᠷᠢᠮᠲᠦ ᠳᠡᠭᠡᠳᠦ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢᠳ ᠮᠠᠯ ᠡᠮᠨᠡᠯᠭᠡ ᠶᠢᠨ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠪᠠᠶᠢᠬᠤ ︵ ᠡᠷᠳᠡᠮ ᠰᠢᠨᠵᠢᠯᠡᠭᠡᠨ ᠤ ᠮᠡᠳᠡᠭᠡ ᠵᠠᠩᠭᠢ ᠶᠢᠨ ᠰᠦᠯᠵᠢᠶ᠎ᠡ ᠠᠴᠠ ᠡᠷᠢᠵᠦ ᠣᠯᠵᠤ ᠪᠣᠯᠣᠨ᠎ᠠ︶ ᠶᠢᠨ ᠬᠠᠮᠲᠤ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠤ ᠲᠠᠷᠠᠭ᠎ᠠ ᠰᠠᠶ᠋ᠢ ᠠᠵᠢᠯ ᠡᠷᠬᠢᠯᠡᠬᠦ ᠮᠠᠯ ᠤᠨ ᠡᠮᠴᠢ ᠶᠢᠨ ᠬᠢᠷᠢ ᠬᠡᠮ ᠢ ᠭᠤᠶᠤᠴᠢᠯᠠᠵᠤ ᠪᠣᠯᠣᠨ᠎ᠠ ᠃      ᠠᠷᠪᠠᠨ ᠨᠢᠭᠡ ᠂ ᠦᠨᠡᠮᠯᠡᠯ ᠨᠥᠬᠦᠪᠦᠷᠢᠯᠡᠨ ᠣᠯᠭᠤᠬᠤ      ᠥᠩᠭᠡᠷᠡᠭᠰᠡᠨ ᠵᠢᠯ ᠤᠳ ᠲᠤ ᠦᠨᠡᠮᠯᠡᠯ ᠣᠯᠣᠭᠰᠠᠨ ᠬᠥᠮᠥᠨ ᠦᠨᠡᠮᠯᠡᠯ ᠢᠶᠠᠨ ᠭᠡᠭᠡᠭᠰᠡᠨ ᠂ ᠤᠷᠠᠬᠳᠠᠵᠤ ᠰᠦᠢᠳᠦᠭᠰᠡᠨ ᠵᠡᠷᠭᠡ ᠰᠢᠯᠲᠠᠭᠠᠨ ᠠᠴᠠ ᠪᠣᠯᠵᠤ ᠦᠨᠡᠮᠯᠡᠯ ᠨᠥᠬᠦᠵᠦ ᠣᠯᠭᠤᠬᠤ ᠪᠠᠷ ᠭᠤᠶᠤᠴᠢᠯᠠᠭᠰᠠᠨ ᠪᠠᠶᠢᠪᠠᠯ ᠂ ᠮᠤᠵᠢ ᠶᠢᠨ ᠳᠣᠲᠣᠷᠠᠬᠢ ᠳᠤᠷ᠎ᠠ ᠶᠢᠨ ᠰᠢᠯᠭᠠᠯᠲᠠ ᠶᠢᠨ ᠴᠡᠭ ᠢ ᠰᠣᠩᠭᠤᠵᠤ ᠭᠤᠶᠤᠴᠢᠯᠠᠬᠤ ᠭᠠᠵᠠᠷ ᠢᠶᠠᠨ ᠪᠣᠯᠭᠠᠬᠤ ᠬᠡᠷᠡᠭᠲᠡᠢ ᠃ ᠦᠨᠡᠮᠯᠡᠯ ᠢ ᠵᠢᠯ ᠪᠦᠷᠢ ᠨᠢᠭᠡ ᠤᠳᠠᠭ᠎ᠠ ᠨᠥᠬᠦᠵᠦ ᠣᠯᠭᠤᠨ᠎ᠠ᠂ ᠰᠢᠯᠭᠠᠭᠤᠯᠤᠭᠴᠢ ᠨᠡᠷ᠎ᠡ ᠮᠡᠳᠡᠭᠦᠯᠬᠦ ᠰᠦᠯᠵᠢᠶᠡᠨ ᠳᠤ ᠣᠷᠣᠵᠤ ᠭᠤᠶᠤᠴᠢᠯᠠᠵᠤ ᠪᠣᠯᠣᠨ᠎ᠠ᠂ ᠭᠤᠶᠤᠴᠢᠯᠠᠬᠤ ᠴᠠᠭ ᠨᠢ 8 ᠰᠠᠷ᠎ᠠ ᠶᠢᠨ 31 ᠤ ᠡᠳᠦᠷ ᠠᠴᠠ 9 ᠰᠠᠷ᠎ᠠ ᠶᠢᠨ 30 ᠤ ᠡᠳᠦᠷ ᠪᠣᠯᠲᠠᠯ᠎ᠠ ᠂ ᠬᠤᠭᠤᠴᠠᠭ᠎ᠠ ᠠᠴᠠ ᠬᠡᠲᠦᠷᠡᠪᠡᠯ ᠨᠥᠬᠦᠵᠦ ᠣᠯᠭᠤᠬᠤ ᠦᠭᠡᠢ᠃      ᠨᠥᠬᠦᠪᠦᠷᠢᠯᠡᠨ ᠣᠯᠭᠤᠬᠤ ᠴᠠᠭ ᠬᠤᠭᠤᠴᠠᠭ᠎ᠠ ᠂ ᠶᠠᠪᠤᠴᠠ ᠪᠣᠯᠣᠨ ᠱᠠᠭᠠᠷᠳᠠᠯᠭ᠎ᠠ ᠢ ᠥᠪᠡᠷᠲᠡᠭᠡᠨ ᠵᠠᠰᠠᠭ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠢᠷᠢ ᠬᠡᠮ ᠣᠯᠭᠤᠬᠤ ᠭᠤᠶᠤᠴᠢᠯᠠᠯ ᠤᠨ ᠬᠤᠯᠪᠣᠭᠳᠠᠯ ᠪᠦᠬᠦᠢ ᠵᠦᠢᠯ ᠤᠨ ᠠᠯᠪᠠᠨ ᠵᠠᠷ ︵ ᠠᠰᠲᠠᠭᠠᠨ ᠵᠠᠷᠯᠠᠨ᠎ᠠ ︶ ᠢᠶᠠᠷ ᠪᠠᠷᠢᠮᠵᠢᠶ᠎ᠠ ᠪᠣᠯᠭᠠᠨ᠎ᠠ ᠃      ᠠᠷᠪᠠᠨ ᠬᠤᠶᠠᠷ ᠂ ᠪᠤᠰᠤᠳ ᠵᠦᠢᠯ      ︵ᠨᠢᠭᠡ︶ ᠰᠢᠯᠭᠠᠯᠲᠠ ᠶᠢᠨ ᠬᠢᠷᠢ ᠪᠦᠲᠦᠮᠵᠢ ᠨᠢ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠬᠢᠷᠢ ᠲᠡᠩᠴᠡᠭᠦ ᠪᠠᠷᠢᠮᠵᠢᠶ᠎ᠠ ᠳᠤ ᠬᠦᠷᠦᠭᠰᠡᠳ ᠳᠠᠬᠢᠨ ᠳᠠᠪᠲᠠᠨ ᠨᠡᠷ᠎ᠡ ᠮᠡᠳᠡᠭᠦᠯᠵᠦ ᠪᠣᠯᠬᠤ ᠦᠭᠡᠢ᠃      ︵ ᠬᠤᠶᠠᠷ ︶ ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ ᠤᠨ ᠪᠦᠬᠦ ᠤᠯᠤᠰ ᠤᠨ ᠠᠵᠢᠯ ᠡᠷᠬᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠳᠤ ᠣᠷᠤᠯᠴᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠲᠤᠰ ᠠᠯᠪᠠᠨ ᠵᠠᠷ ᠢᠶᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ ᠃      ︵ᠭᠤᠷᠪᠠ︶ ᠰᠢᠯᠭᠠᠭᠤᠯᠤᠭᠴᠢ ᠰᠢᠯᠭᠠᠯᠲᠠ ᠶᠢᠨ ᠬᠥᠲᠥᠯᠪᠦᠷᠢ ᠶᠢ ᠦᠨᠳᠦᠰᠦᠯᠡᠨ ᠳᠠᠪᠲᠠᠵᠤ᠂ ᠰᠢᠯᠭᠠᠯᠲᠠ ᠳᠤ ᠪᠡᠯᠡᠳᠬᠡᠵᠦ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠰᠢᠯᠭᠠᠯᠲᠠ ᠠᠴᠠ ᠡᠮᠦᠨᠡᠬᠢ ᠪᠣᠯᠪᠠᠰᠤᠷᠠᠯ ᠤᠨ ᠠᠩᠭᠢ ᠡᠷᠭᠢᠯᠡᠬᠦ ᠦᠭᠡᠢ᠂ ᠪᠠᠰᠠ ᠶᠠᠮᠠᠷᠪᠠ ᠨᠢᠭᠡᠴᠢ ᠳᠤ ᠨᠠᠶᠢᠳᠠᠵᠤ ᠰᠢᠯᠭᠠᠯᠲᠠ ᠠᠴᠠ ᠡᠮᠦᠨᠡᠬᠢ ᠪᠣᠯᠪᠠᠰᠤᠷᠠᠯ ᠤᠨ ᠬᠠᠪᠰᠤᠷᠤᠨ ᠵᠢᠯᠣᠭᠤᠳᠤᠯᠭ᠎ᠠ ᠥᠷᠨᠢᠭᠦᠯᠬᠦ ᠦᠭᠡᠢ᠃      ᠥᠪᠥᠷ ᠮᠣᠩᠭᠤᠯ ᠤᠨ ᠰᠢᠯᠭᠠᠯᠲᠠ ᠶᠢᠨ ᠲᠣᠭᠤᠷᠢᠭ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠰᠠᠭᠤᠨ ᠯᠠᠪᠯᠠᠬᠤ ᠤᠲᠠᠰᠤ᠄ 0471 ︱ 6651798᠃       ᠳᠠᠭᠠᠯᠳᠤᠭᠤᠯᠤᠯ᠄ 1. ᠮᠠᠯ ᠡᠮᠨᠡᠯᠭᠡ ᠶᠢᠨ ᠶᠡᠷᠦᠩᠬᠡᠢ ᠰᠠᠯᠠᠭᠠᠨ ᠤ ᠲᠥᠷᠥᠯ ᠤᠨ ᠰᠢᠯᠭᠠᠯᠲᠠ ᠳᠤ ᠨᠡᠷ᠎ᠡ ᠮᠡᠳᠡᠭᠦᠯᠬᠦ ᠲᠤᠰᠬᠠᠢ ᠮᠡᠷᠭᠡᠵᠢᠯ ᠤᠨ ᠭᠠᠷᠴᠠᠭᠯᠠᠯ      2. ᠤᠰᠤᠨ ᠤ ᠠᠮᠢᠲᠠᠨ ᠤ ᠲᠥᠷᠥᠯ ᠤᠨ ᠰᠢᠯᠭᠠᠯᠲᠠ ᠳᠤ ᠨᠡᠷ᠎ᠡ ᠮᠡᠳᠡᠭᠦᠯᠬᠦ ᠲᠤᠰᠬᠠᠢ ᠮᠡᠷᠭᠡᠵᠢᠯ ᠤᠨ ᠭᠠᠷᠴᠠᠭᠯᠠᠯ                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                  ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                           2023 ᠣᠨ ᠤ 3 ᠰᠠᠷ᠎ᠠ ᠶᠢᠨ 1 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号