2022 ᠣᠨ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠤᠷᠤᠨ ᠤ ᠲᠢᠩᠬᠢᠮ ︽ᠰᠠᠭᠤᠷᠢᠨ ᠭᠠᠵᠠᠷ ᠪᠠᠶᠢᠭᠤᠯᠬᠤ᠂ ᠡᠭᠦᠯᠳᠡᠷ ᠣᠷᠣᠭᠤᠯᠬᠤ᠂ | ᠳᠡᠯᠭᠡᠷᠡᠭᠦᠯᠬᠦ ᠶᠢ ᠠᠬᠢᠭᠤᠯᠬᠤ︾ ᠠᠵᠢᠯ ᠤᠨ ᠰᠡᠳᠬᠢᠴᠡ ᠶᠣᠰᠣᠭᠠᠷ᠂ ᠠᠮᠤ ᠪᠤᠳᠠᠭᠠᠨ ᠤ ᠠᠮᠤᠷ ᠲᠦᠪᠰᠢᠨ ᠢ | ᠦᠨᠡᠨ ᠬᠦ ᠪᠠᠲᠤᠯᠠᠬᠤ ᠶᠢᠨ ᠲᠣᠭᠤᠷᠢᠨ ᠳᠤ᠂ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠪᠥᠬᠦ ᠣᠷᠣᠨ ᠳᠤ ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠢ 60 ᠪᠠᠶᠢᠭᠤᠯᠵᠤ᠂ | ᠡᠷᠳᠡᠨᠢ ᠰᠢᠰᠢ᠂ ᠰᠢᠷ᠎ᠠ ᠪᠤᠷᠴᠠᠭ᠂ ᠤᠰᠤᠨ ᠲᠤᠲᠤᠷᠭ᠎ᠠ᠂ ᠪᠤᠭᠤᠳᠠᠢ᠂ ᠲᠥᠮᠥᠰᠥ᠂ ᠨᠡᠷᠡᠨ ᠬᠤᠸᠠᠷ᠂ ᠡᠯᠳᠡᠪ ᠠᠮᠤ | ᠬᠤᠯᠢᠮᠠᠭ ᠪᠤᠷᠴᠠᠭ ᠵᠡᠷᠭᠡ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠪᠠ ᠥᠪᠡᠷᠲᠡᠭᠡᠨ ᠵᠠᠰᠠᠬᠤ ᠣᠷᠣᠨ ᠤ | ᠣᠨᠴᠠᠯᠢᠭ ᠲᠠᠢ ᠳᠠᠪᠠᠭᠤᠯᠢᠭ ᠲᠠᠷᠢᠮᠠᠯ ᠢ ᠬᠠᠮᠤᠷᠴᠤ᠂ 2190 ᠵᠢᠱᠢᠶ᠎ᠡ ᠦᠵᠡᠭᠦᠯᠬᠦ ᠲᠠᠷᠢᠮᠠᠯ ᠤᠨ ᠡᠭᠦᠯᠳᠡᠷ ᠢ | ᠲᠥᠪᠯᠡᠷᠡᠭᠦᠯᠦᠨ ᠳᠡᠯᠭᠡᠨ ᠦᠵᠡᠭᠦᠯᠪᠡ᠃ ᠲᠤᠬᠠᠢ ᠶᠢᠨ ᠭᠠᠵᠠᠷ ᠲᠤ ᠨᠢ ᠲᠣᠭᠤᠷᠢᠨ ᠦᠵᠡᠬᠦ᠂ ᠮᠥᠷᠳᠡᠨ ᠦᠨᠡᠯᠡᠬᠦ᠂ | ᠪᠣᠳᠠᠲᠤ ᠬᠤᠷᠢᠶᠠᠯᠲᠠ ᠪᠠᠷ ᠤᠨᠠᠯᠲᠠ ᠶᠢ ᠨᠢ ᠬᠡᠮᠵᠢᠬᠦ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ ᠵᠡᠷᠭᠡ | ᠠᠷᠭ᠎ᠠ ᠪᠠᠷ ᠶᠡᠷᠦᠩᠬᠡᠶᠢᠯᠡᠨ ᠦᠨᠡᠯᠡᠬᠦ ᠪᠠᠷ ᠳᠠᠮᠵᠢᠭᠤᠯᠤᠨ᠂ ᠪᠥᠬᠦ ᠣᠷᠣᠨ ᠤ ᠠᠳᠠᠯᠢ ᠪᠤᠰᠤ ᠭᠠᠵᠠᠷ ᠣᠷᠣᠨ ᠳᠤ | ᠲᠠᠷᠢᠬᠤ ᠳᠤ ᠲᠣᠬᠢᠷᠠᠬᠤ ᠰᠢᠯᠢᠳᠡᠭ ᠲᠠᠷᠢᠮᠠᠯ ᠤᠨ ᠡᠭᠦᠯᠳᠡᠷ 147 ᠶᠢ ᠰᠣᠩᠭᠤᠨ ᠭᠠᠷᠭᠠᠵᠠᠢ᠂ ᠡᠭᠦᠨ ᠳᠤ ᠡᠷᠳᠡᠨᠢ | ᠰᠢᠰᠢ ᠶᠢᠨ ᠡᠭᠦᠯᠳᠡᠷ 76᠂ ᠰᠢᠷ᠎ᠠ ᠪᠤᠷᠴᠠᠭ ᠤᠨ ᠡᠭᠦᠯᠳᠡᠷ 28᠂ ᠤᠰᠤᠨ ᠲᠤᠲᠤᠷᠭ᠎ᠠ ᠶᠢᠨ ᠡᠭᠦᠯᠳᠡᠷ 11᠂ | ᠪᠤᠭᠤᠳᠠᠢ ᠶᠢᠨ ᠡᠭᠦᠯᠳᠡᠷ 7᠂ ᠲᠥᠮᠥᠰᠥ ᠶᠢᠨ ᠡᠭᠦᠯᠳᠡᠷ 9᠂ ᠨᠡᠷᠡᠨ ᠬᠤᠸᠠᠷ ᠤᠨ ᠡᠭᠦᠯᠳᠡᠷ 2᠂ ᠡᠯᠳᠡᠪ ᠠᠮᠤ | ᠬᠤᠯᠢᠮᠠᠭ ᠪᠤᠷᠴᠠᠭ ᠤᠨ ᠡᠭᠦᠯᠳᠡᠷ 14 ᠪᠠᠶᠢᠵᠤ᠂ ᠥᠷᠭᠡᠨ ᠣᠯᠠᠨ ᠲᠠᠷᠢᠶᠠᠴᠢᠳ ᠤᠨ ᠦᠷ᠎ᠡ ᠰᠣᠩᠭᠤᠬᠤ ᠳᠤ | ᠯᠠᠪᠯᠠᠯᠲᠠ ᠪᠣᠯᠭᠠᠵᠠᠢ᠃ | | | | | | | |