ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠪᠠ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠵᠦ ᠬᠠᠮᠠᠭᠠᠯᠠᠬᠤ ᠮᠡᠷᠭᠡᠵᠢᠯ ᠤᠨ ᠪᠣᠯᠪᠠᠰᠤᠷᠠᠯ ᠤᠨ ᠠᠩᠭᠢ ᠬᠥᠬᠡᠬᠤᠲᠠ ᠳᠤ ᠪᠤᠯᠪᠠ
ᠨᠡᠶᠢᠲᠡᠯᠡᠭᠰᠡᠨ ᠴᠠᠭ᠄
2023/3/3
      2023 ᠣᠨ ᠤ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠪᠠ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠵᠦ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠡᠬᠢ ᠪᠠᠶᠠᠯᠢᠭ ᠤᠨ ᠲᠥᠪ 2 ᠰᠠᠷ᠎ᠠ ᠶᠢᠨ 26 ᠤ ᠡᠳᠦᠷ ᠠᠴᠠ 28 ᠤ ᠡᠳᠦᠷ ᠪᠣᠯᠲᠠᠯ᠎ᠠ ᠬᠥᠬᠡᠬᠤᠲᠠ ᠳᠤ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠪᠠ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠵᠦ ᠬᠠᠮᠠᠭᠠᠯᠠᠬᠤ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠦ᠋ ᠵᠥᠩ ᠶᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠰᠤᠷᠭᠠᠨ ᠬᠥᠮᠦᠵᠢᠯ ᠤᠨ ᠭᠠᠵᠠᠷ ᠤᠨ ᠳᠠᠷᠤᠭ᠎ᠠ ᠮᠠ ᠰᠢᠶᠣᠣ ᠶᠦᠨ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ ᠤᠨ ᠳᠡᠳ᠋ ᠳᠠᠷᠤᠭ᠎ᠠ ᠸᠧᠨ ᠵᠠᠨ ᠫᠢᠩ ᠠᠩᠭᠢ ᠡᠬᠢᠯᠡᠬᠦ ᠶᠣᠰᠣᠯᠠᠯ ᠳᠤ ᠣᠷᠣᠯᠴᠠᠵᠤ᠂ ᠲᠣᠭᠤᠷᠢᠨ ᠪᠠᠶᠢᠴᠠᠭᠠᠭᠴᠢ ᠦ᠋ ᠵᠥᠩ ᠶᠠᠨ ᠴᠢᠬᠤᠯᠠ ᠶᠠᠷᠢᠶ᠎ᠠ ᠲᠠᠯᠪᠢᠪᠠ᠃ ᠪᠥᠬᠦ ᠣᠷᠣᠨ ᠤ 12 ᠠᠶᠢᠮᠠᠭ ᠬᠤᠲᠠ ᠶᠢᠨ ᠠᠮᠢ ᠠᠬᠤᠢ ᠶᠢᠨ ᠡᠬᠢ ᠪᠠᠶᠠᠯᠢᠭ ᠤᠨ ᠲᠥᠪ᠂ ᠲᠠᠷᠢᠶᠠᠯᠠᠭ᠎ᠠ ᠶᠢᠨ ᠬᠠᠮᠠᠭᠠᠯᠠᠯᠲᠠ ᠶᠢᠨ ᠲᠥᠪ᠂ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠡᠬᠢ ᠪᠠᠶᠠᠯᠢᠭ ᠤᠨ ᠲᠥᠪ ᠤᠨ ᠮᠡᠷᠭᠡᠵᠢᠯ ᠤᠨ ᠨᠢᠷᠤᠭᠤᠪᠴᠢ ᠨᠡᠶᠢᠲᠡ 60 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃
 1.jpg
      ᠲᠣᠭᠤᠷᠢᠨ ᠪᠠᠶᠢᠴᠠᠭᠠᠭᠴᠢ ᠦ᠋ ᠵᠥᠩ ᠶᠠᠨ ᠴᠢᠬᠤᠯᠠᠴᠢᠯᠠᠬᠤ ᠳᠤ ᠪᠠᠨ ᠂ ᠠᠮᠢ ᠠᠬᠤᠢ ᠶᠢᠨ ᠡᠬᠢ ᠪᠠᠶᠠᠯᠢᠭ ᠪᠠ ᠲᠠᠷᠢᠶᠠᠨ ᠭᠠᠵᠠᠷ ᠤᠨ ᠶᠠᠰᠤ ᠴᠢᠨᠠᠷ ᠤᠨ ᠬᠠᠮᠠᠭᠠᠯᠠᠯᠲᠠ ᠶᠢᠨ ᠠᠵᠢᠯ ᠪᠣᠯ ᠲᠥᠪ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠪᠥᠭᠡᠳ ᠪᠠᠰᠠ ᠴᠤ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠳᠣᠲᠣᠭᠠᠳᠤ ᠱᠠᠭᠠᠷᠳᠠᠯᠭ᠎ᠠ ᠮᠥᠨ᠂ ᠪᠠᠰᠠ ᠴᠤ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢᠨ ᠦᠨᠳᠦᠰᠦᠨ ᠪᠠᠲᠤᠯᠠᠭ᠎ᠠ ᠮᠥᠨ᠃ ᠠᠵᠢᠯ ᠤᠨ ᠭᠤᠣᠯᠳᠠᠯᠭ᠎ᠠ ᠪᠠᠨ ᠲᠣᠪᠤᠶᠢᠯᠭᠠᠨ ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ ᠂ ᠲᠤᠰᠬᠠᠢ ᠮᠡᠷᠭᠡᠵᠢᠯᠲᠡᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ ᠂ ᠲᠧᠭᠨᠢᠭ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠴᠢᠩᠭᠠᠳᠬᠠᠵᠤ ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠵᠤ ᠂ ᠣᠳᠣᠬᠠᠨ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠭᠤᠣᠯᠳᠠᠯᠭ᠎ᠠ ᠲᠠᠢ ᠪᠠᠷ ᠰᠢᠢᠳᠪᠦᠷᠢᠯᠡᠵᠦ ᠂ ᠠᠵᠢᠯ ᠤᠨ ᠳᠤᠮᠳᠠ ᠪᠠᠨ ᠨᠡᠩ ᠰᠠᠶᠢᠨ ᠠᠮᠵᠢᠯᠲᠠ ᠪᠦᠲᠦᠮᠵᠢ ᠣᠯᠬᠤ ᠬᠡᠷᠡᠭᠲᠡᠢ ᠭᠡᠪᠡ᠃      ᠡᠯ᠎ᠡ ᠠᠶᠢᠮᠠᠭ ᠬᠤᠲᠠ   ᠶᠢᠨ  ᠬᠢᠨ 2022 ᠣᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ 2023 ᠣᠨ ᠤ ᠠᠵᠢᠯ ᠤᠨ ᠲᠥᠯᠥᠪᠯᠡᠭᠡ ᠶᠢᠨ ᠲᠣᠭᠤᠷᠢᠨ ᠳᠤ ᠲᠤᠬᠠᠢ ᠶᠢᠨ ᠲᠠᠯᠠᠪᠤᠷ ᠤᠨ ᠰᠣᠯᠢᠯᠴᠠᠭ᠎ᠠ  ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠡᠬᠢ ᠪᠠᠶᠠᠯᠢᠭ ᠤᠨ ᠲᠥᠪ ᠤᠨ ᠡᠷᠬᠢᠯᠡᠭᠴᠢ ᠸᠠᠩ ᠶᠤᠸᠠᠢ ᠹᠧᠢ ᠪᠥᠬᠦ ᠣᠷᠣᠨ ᠤ 2022 ᠣᠨ ᠤ ᠠᠵᠢᠯ ᠤᠨ ᠪᠠᠶᠢᠳᠠᠯ ᠳᠤ ᠳ᠋ᠦᠩᠨᠡᠯᠲᠡ ᠬᠢᠵᠦ᠂ 2023 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠪᠣᠯᠪᠠᠰᠤᠷᠠᠯ ᠤᠨ ᠠᠩᠭᠢ ᠪᠠᠰᠠ ᠳᠤᠭᠤᠶᠢᠯᠠᠩ ᠬᠤᠪᠢᠶᠠᠨ ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠥᠷᠨᠢᠭᠦᠯᠪᠡ ᠃
2.jpg
 
3.jpg
4.jpg
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号